2 ᠰᠠᠷ᠎ᠠ ᠶᠢᠨ 27 ᠤ ᠡᠳᠦᠷ᠂ ᠨᠡᠭᠦᠷᠡᠰᠦ ᠳᠦᠭᠦᠷᠡᠩ ᠠᠴᠢᠭᠰᠠᠨ ᠠᠴᠢᠶᠠᠨ ᠤ ᠮᠠᠰᠢᠨ ᠨᠤᠭᠤᠳ ᠤᠷᠳᠤ | ᠮᠥᠷᠯᠡᠨ᠂ ᠵᠡᠭᠦᠨ ᠬᠠᠳᠠᠪᠴᠢ ᠬᠢᠯᠢ ᠶᠢᠨ ᠪᠣᠭᠤᠮᠲᠠ ᠪᠠᠷ ᠣᠷᠣᠵᠤ ᠢᠷᠡᠵᠦ ᠪᠠᠶᠢᠯ᠎ᠠ᠃ ᠡᠨᠡ ᠪᠣᠯ ᠤᠯᠤᠰ ᠠᠴᠠ | ᠰᠢᠨ᠎ᠡ ᠬᠡᠯᠪᠡᠷᠢ ᠶᠢᠨ ᠲᠢᠲᠢᠮᠯᠢᠭ ᠸᠢᠷᠦ᠋ᠰ ᠤᠨ ᠬᠠᠯᠳᠠᠪᠤᠷᠢᠯᠠᠯ ᠳᠤ ︽ᠬᠥᠬᠡᠭᠴᠢᠨ ᠲᠥᠷᠥᠯ ᠤᠨ ᠬᠥᠬᠡᠭᠴᠢᠨ | ᠬᠠᠮᠢᠶᠠᠷᠤᠯᠲᠠ︾ ᠶᠢ ᠬᠡᠷᠡᠭᠵᠢᠭᠦᠯᠵᠦ ᠪᠠᠶᠢᠭ᠎ᠠ ᠪᠠᠶᠢᠳᠠᠯ ᠢ ᠦᠨᠳᠦᠰᠦᠯᠡᠵᠦ᠂ ᠪᠣᠭᠤᠮᠲᠠ ᠪᠠᠷ ᠥᠩᠭᠡᠷᠡᠬᠦ ᠶᠢ | ᠪᠠᠶᠢᠩᠭᠤᠵᠢᠭᠤᠯᠬᠤ ᠶᠢ ᠰᠡᠷᠭᠦᠭᠡᠬᠦ ᠱᠠᠭᠠᠷᠳᠠᠯᠭ᠎ᠠ ᠶᠣᠰᠤᠭᠠᠷ᠂ ᠵᠡᠭᠦᠨ ᠬᠠᠲᠠᠪᠴᠢ ᠪᠣᠭᠤᠮᠲᠠ ᠶᠢᠨ ᠬᠠᠮᠢᠶᠠᠷᠤᠯᠲᠠ ᠶᠢᠨ | ᠰᠠᠯᠠᠭ᠎ᠠ ᠮᠥᠴᠢᠷ ᠨᠢ ᠪᠣᠭᠤᠮᠲᠠ᠂ ᠬᠢᠯᠢ ᠶᠢᠨ ᠪᠠᠶᠢᠴᠠᠭᠠᠯᠲᠠ ᠵᠡᠷᠭᠡ ᠰᠠᠯᠠᠭ᠎ᠠ ᠮᠥᠴᠢᠷ ᠪᠣᠯᠣᠨ ᠮᠣᠩᠭᠤᠯ | ᠤᠯᠤᠰ ᠤᠨ ᠪᠢᠴᠢᠭᠲᠦ ᠪᠣᠭᠤᠮᠲᠠ ᠶᠢᠨ ᠲᠠᠯ᠎ᠠ ᠶᠢᠨ ᠬᠢᠨ ᠲᠠᠢ ᠨᠡᠪᠲᠡᠷᠡᠯᠴᠡᠨ ᠵᠣᠬᠢᠴᠠᠭᠤᠯᠵᠤ᠂ ᠠᠴᠢᠶ᠎ᠠ | ᠲᠡᠭᠡᠭᠡᠪᠦᠷᠢ ᠶᠢᠨ ᠪᠣᠭᠤᠮᠲᠠ ᠪᠠᠷ ᠥᠩᠭᠡᠷᠡᠭᠰᠡᠨ ᠤ ᠳᠠᠷᠠᠭᠠᠬᠢ ᠬᠢᠯᠢ ᠪᠠᠷ ᠣᠷᠣᠵᠤ ᠭᠠᠷᠬᠤ ᠵᠢᠯᠣᠭᠤᠴᠢ ᠪᠠ | ᠠᠶᠠᠨᠴᠢᠳ ᠢ ᠬᠠᠮᠢᠶᠠᠷᠤᠨ ᠡᠵᠡᠮᠳᠡᠬᠦ᠂ ᠬᠢᠵᠢᠭ ᠢ ᠰᠢᠯᠭᠠᠨ ᠪᠠᠶᠢᠴᠠᠭᠠᠬᠤ᠂ ᠪᠠᠴᠢᠮ ᠪᠠᠶᠢᠳᠠᠯ ᠢ ᠠᠷᠭᠠᠴᠠᠨ | ᠰᠢᠢᠳᠪᠦᠷᠢᠯᠡᠬᠦ ᠪᠠ ᠪᠣᠭᠤᠮᠲᠠ ᠪᠠᠷ ᠥᠩᠭᠡᠷᠡᠬᠦ ᠶᠠᠪᠤᠴᠠ ᠶᠢ ᠡᠮᠬᠢᠯᠡᠬᠦ ᠵᠡᠷᠭᠡ ᠠᠵᠢᠯ ᠢ ᠰᠠᠶᠢᠲᠤᠷ ᠬᠢᠬᠦ ᠶᠢᠨ ᠬᠠᠮᠲᠤ᠂ | 1 ᠲᠦᠷ ᠴᠠᠭ ᠤᠨ ᠴᠢᠨᠠᠷᠲᠠᠢ ᠪᠣᠭᠤᠮᠲᠠ ᠪᠠ 1 ᠪᠣᠭᠤᠮᠲᠠ ᠶᠢᠨ ᠬᠢᠨᠠᠯᠲᠠ ᠬᠠᠮᠢᠶᠠᠷᠤᠯᠲᠠ ᠶᠢᠨ ᠬᠥᠮᠥᠷᠭᠡ ᠶᠢ ᠨᠡᠮᠡᠨ | ᠪᠠᠶᠢᠭᠤᠯᠵᠤ᠂ ᠠᠴᠢᠶ᠎ᠠ ᠲᠡᠭᠡᠭᠡᠪᠦᠷᠢ ᠶᠢᠨ ᠪᠣᠭᠤᠮᠲᠠ ᠪᠠᠷ ᠥᠩᠭᠡᠷᠡᠬᠦ ᠶᠢ ᠰᠡᠷᠭᠦᠭᠡᠬᠦ ᠪᠠ ᠪᠣᠭᠤᠮᠲᠠ ᠪᠠᠷ ᠥᠩᠭᠡᠷᠡᠬᠦ | ᠦᠷ᠎ᠡ ᠪᠦᠲᠦᠮᠵᠢ ᠶᠢ ᠳᠡᠭᠡᠭᠰᠢᠯᠡᠭᠦᠯᠬᠦ ᠳᠤ ᠪᠠᠲᠤᠯᠠᠭ᠎ᠠ ᠬᠠᠩᠭᠠᠵᠤ ᠪᠠᠶᠢᠭ᠎ᠠ ᠶᠠᠪᠤᠳᠠᠯ ᠪᠣᠯᠬᠤ ᠶᠤᠮ᠃ ᠪᠠᠶᠢᠩᠭᠤ ᠶᠢᠨ | ᠴᠢᠨᠡᠷᠲᠡᠢ ᠠᠵᠢᠯᠯᠠᠭᠰᠠᠨ ᠤ ᠳᠠᠷᠠᠭ᠎ᠠ᠂ ᠵᠡᠭᠦᠨ ᠬᠠᠲᠠᠪᠴᠢ ᠪᠣᠭᠤᠮᠲᠠ ᠨᠢ ᠳᠡᠭᠦᠵᠢᠯᠡᠨ ᠤᠭᠰᠠᠷᠠᠬᠤ ᠪᠣᠭᠤᠮᠲᠠ | ᠥᠩᠭᠡᠷᠡᠬᠦ ᠵᠠᠭᠪᠤᠷ ᠢ ᠪᠥᠬᠦ ᠲᠠᠯ᠎ᠠ ᠪᠠᠷ ᠬᠦᠴᠦᠨ ᠦᠭᠡᠢ ᠪᠣᠯᠭᠠᠵᠤ᠂ ᠮᠣᠩᠭᠤᠯ ᠤᠯᠣᠰ ᠤᠨ ᠲᠠᠯ᠎ᠠ ᠶᠢᠨ | ᠲᠡᠭᠡᠭᠡᠪᠦᠷᠢ ᠶᠢᠨ ᠲᠡᠷᠭᠡ ᠬᠥᠰᠬᠡ ᠶᠢᠨ ᠬᠥᠮᠥᠷᠭᠡ ᠳᠤ ᠰᠢᠭᠤᠳ ᠣᠷᠤᠵᠤ ᠪᠠᠭᠤᠯᠭᠠᠬᠤ ᠶᠢ ᠵᠥᠪᠰᠢᠶᠡᠷᠡᠵᠦ᠂ ᠲᠡᠷᠭᠡ | ᠬᠥᠰᠬᠡ ᠶᠢᠨ ᠲᠥᠷᠥᠯ ᠬᠡᠯᠪᠡᠷᠢ ᠵᠢᠴᠢ ᠲᠡᠭᠡᠭᠡᠪᠦᠷᠢᠯᠡᠬᠦ ᠠᠷᠭ᠎ᠠ ᠮᠠᠶ᠋ᠢᠭ ᠢ ᠳᠠᠭᠢᠵᠤ ᠬᠢᠵᠠᠭᠠᠷᠯᠠᠬᠤ ᠦᠭᠡᠢ ᠪᠣᠯᠪᠠ᠃ | ᠲᠤᠬᠠᠢ ᠶᠢᠨ ᠡᠳᠦᠷ᠂ ᠵᠡᠭᠦᠨ ᠬᠠᠲᠠᠪᠴᠢ ᠪᠣᠭᠤᠮᠲᠠ ᠪᠠᠷ 64 ᠮᠠᠰᠢᠨ ᠳᠠᠩᠰᠠᠯᠠᠭᠤᠯᠤᠨ ᠤᠷᠤᠵᠤ ᠢᠷᠡᠭᠰᠡᠨ | ᠪᠠᠶᠢᠨ᠎ᠠ᠃ | ᠣᠶᠢᠯᠠᠭᠠᠭᠰᠠᠨ ᠢᠶᠠᠷ᠂ ᠵᠡᠭᠦᠨ ᠬᠠᠲᠠᠪᠴᠢ ᠪᠣᠭᠤᠮᠲᠠ ᠶᠢᠨ ᠭᠠᠳᠠᠭᠠᠳᠤ ᠠᠴᠠ ᠣᠷᠤᠭᠤᠯᠬᠤ ᠵᠦᠢᠯᠡᠰ ᠨᠢ | ᠭᠤᠣᠯᠳᠠᠭᠤ ᠨᠡᠭᠦᠷᠡᠰᠦ᠂ ᠲᠦᠭᠦᠬᠡᠢ ᠴᠢᠯᠠᠭᠤᠨ ᠲᠣᠰᠣ᠂ ᠲᠡᠮᠦᠷ ᠤᠨ ᠨᠠᠷᠢᠯᠢᠭ ᠨᠤᠨᠳᠠᠭ᠂ ᠴᠠᠶᠢᠷ ᠤᠨ ᠨᠠᠷᠢᠯᠢᠭ | ᠨᠤᠨᠳᠠᠭ ᠪᠣᠯᠣᠨ ᠬᠠᠶᠢᠯᠤᠭᠤᠷ ᠵᠤᠩᠰᠢ ᠶᠢᠨ ᠲᠦᠭᠦᠬᠡᠢ ᠴᠢᠯᠠᠭᠤᠨ ᠲᠣᠰᠣ ᠪᠠᠷ ᠭᠤᠣᠯᠯᠠᠵᠤ᠂ ᠭᠠᠳᠠᠭᠠᠳᠤ ᠳᠤ | ᠭᠠᠷᠭᠠᠬᠤ ᠨᠢ ᠭᠤᠣᠯᠳᠠᠭᠤ ᠮᠠᠰᠢᠨ ᠮᠧᠬᠠᠨᠢᠭ᠂ ᠪᠠᠷᠢᠯᠭ᠎ᠠ ᠶᠢᠨ ᠮᠠᠲ᠋ᠧᠷᠢᠶᠠᠯ ᠢᠶᠠᠷ ᠭᠤᠣᠯᠯᠠᠳᠠᠭ᠃ ᠳᠤᠮᠳᠠᠳᠤ | ᠮᠣᠩᠭᠤᠯ ᠤᠨ ᠬᠢᠯᠢ ᠶᠢᠨ ᠪᠣᠭᠤᠮᠲᠠ ᠶᠢᠨ ᠠᠴᠢᠶ᠎ᠠ ᠲᠡᠭᠡᠭᠡᠪᠦᠷᠢ ᠶᠢᠨ ᠬᠡᠪ ᠤᠨ ᠠᠵᠢᠯᠯᠠᠭᠠᠨ ᠢ ᠰᠡᠷᠭᠦᠭᠡᠭᠰᠡᠨ ᠨᠢ | ᠪᠣᠭᠤᠮᠲᠠ ᠪᠠᠷ ᠦᠩᠭᠡᠷᠡᠭᠦᠯᠬᠦ ᠥᠪᠡᠷ ᠤᠨ ᠥᠷᠲᠡᠭ ᠢ ᠪᠠᠭᠤᠷᠠᠭᠤᠯᠬᠤ᠂ ᠪᠣᠭᠤᠮᠲᠠ ᠪᠠᠷ ᠦᠩᠭᠡᠷᠡᠭᠦᠯᠬᠦ ᠦᠷ᠎ᠡ | ᠪᠦᠲᠦᠮᠵᠢ ᠶᠢ ᠳᠡᠭᠡᠭᠰᠢᠯᠡᠭᠦᠯᠬᠦ᠂ ᠪᠣᠭᠤᠮᠲᠠ ᠪᠠᠷ ᠦᠩᠭᠡᠷᠡᠭᠦᠯᠬᠦ ᠲᠡᠭᠡᠭᠡᠪᠦᠷᠢ ᠶᠢᠨ ᠬᠡᠮᠵᠢᠶ᠎ᠡ ᠶᠢ ᠪᠦᠲᠦᠮᠵᠢᠲᠡᠶ | ᠳᠡᠭᠡᠭᠰᠢᠯᠡᠭᠦᠯᠬᠦ ᠳᠤ ᠴᠢᠬᠤᠯᠠ ᠦᠢᠯᠡᠳᠦᠯ ᠲᠠᠢ ᠶᠤᠮ᠃ | ᠲᠠᠷᠠᠭᠠᠴᠢ ᠶᠢᠨ ᠠᠯᠬᠤᠮ ᠳᠤ᠂ ᠵᠡᠭᠦᠨ ᠦᠵᠦᠮᠦᠴᠢᠨ ᠬᠤᠰᠢᠭᠤᠨ ᠨᠢ ︽ᠭᠤᠷᠪᠠ ᠶᠢ ᠣᠷᠤᠭᠤᠯᠬᠤ | ᠭᠤᠷᠪᠠ ᠶᠢ ᠭᠠᠷᠭᠠᠬᠤ︾ ᠠᠴᠢᠶ᠎ᠠ ᠲᠡᠭᠡᠭᠡᠪᠦᠷᠢ ᠶᠢᠨ ᠵᠠᠮ᠂ ᠣᠶᠤᠨᠲᠤ ᠪᠣᠭᠤᠮᠲᠠ ᠵᠢᠴᠢ ᠠᠴᠢᠶ᠎ᠠ ᠲᠡᠭᠡᠭᠡᠪᠦᠷᠢ ᠶᠢᠨ | H986 ᠵᠡᠷᠭᠡ ᠪᠣᠭᠤᠮᠲᠠ ᠶᠢᠨ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠪᠥᠬᠦ ᠲᠠᠯ᠎ᠠ ᠪᠠᠷ | ᠴᠢᠩᠭᠠᠳᠬᠠᠵᠤ᠂ ᠲᠡᠮᠦᠷ ᠵᠠᠮ ᠤᠨ ᠪᠣᠭᠤᠮᠲᠠ ᠪᠠ ᠪᠠᠷᠠᠭᠠᠨ ᠤ ᠭᠦᠢᠯᠭᠡᠭᠡᠨ ᠤ ᠲᠣᠭᠤᠷᠢᠭ ᠤᠨ ᠪᠦᠲᠦᠭᠡᠨ | ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠠᠷᠠᠯᠵᠢᠶᠠᠨ ᠤ ᠳᠥᠭᠦᠮᠴᠢᠯᠡᠯᠲᠡ ᠶᠢᠨ ᠲᠦᠪᠰᠢᠨ ᠪᠠ | ᠪᠣᠭᠤᠮᠲᠠ ᠪᠠᠷ ᠥᠩᠭᠡᠷᠡᠬᠦ ᠴᠢᠳᠠᠮᠵᠢ ᠶᠢ ᠦᠷᠭᠦᠯᠵᠢᠯᠡᠨ ᠳᠡᠭᠡᠭᠰᠢᠯᠡᠭᠦᠯᠵᠦ᠂ ᠪᠣᠭᠤᠮᠲᠠ ᠪᠠᠷ ᠥᠩᠭᠡᠷᠡᠬᠦ ᠦᠷ᠎ᠡ | ᠪᠦᠲᠦᠮᠵᠢ ᠶᠢ ᠦᠷᠭᠦᠯᠵᠢᠯᠡᠨ ᠳᠡᠭᠡᠭᠰᠢᠯᠡᠭᠦᠯᠬᠦ ᠪᠣᠯᠤᠨ᠎ᠠ᠃ | |