ᠬᠥᠬᠡᠬᠤᠲᠠ ᠶᠢᠨ ᠪᠣᠭᠤᠮᠲᠠ ᠶᠢᠨ ᠪᠠᠶᠢᠴᠠᠭᠠᠨ ᠰᠤᠳᠤᠯᠬᠤ ᠳᠤᠭᠤᠶᠢᠯᠠᠩ ᠵᠡᠭᠦᠨ ᠦᠵᠦᠮᠦᠴᠢᠨ ᠬᠤᠰᠢᠭᠤᠨ ᠳᠤ ᠭᠦᠨᠵᠡᠭᠡᠶᠢᠷᠡᠨ ᠪᠠᠶᠢᠴᠠᠭᠠᠨ ᠰᠤᠳᠤᠯᠤᠯᠲᠠ ᠬᠢᠵᠦ ᠠᠵᠢᠯ ᠢ ᠵᠢᠭᠠᠨ ᠵᠢᠯᠣᠭᠤᠳᠪᠠ
ᠨᠡᠶᠢᠲᠡᠯᠡᠭᠰᠡᠨ ᠴᠠᠭ᠄
2023/3/7
      2 ᠰᠠᠷ᠎ᠠ ᠶᠢᠨ 22 ᠤᠨ ᠡᠳᠦᠷ᠂ ᠬᠥᠬᠡᠬᠤᠲᠠ ᠶᠢᠨ ᠪᠣᠭᠤᠮᠲᠠ ᠶᠢᠨ ᠨᠠᠮ ᠤᠨ ᠬᠤᠷᠢᠶ᠎ᠠ ᠶᠢᠨ ᠱᠦᠵᠢ᠂ ᠪᠣᠭᠤᠮᠲᠠ ᠶᠢᠨ ᠳᠠᠷᠤᠭ᠎ᠠ ᠯᠢ ᠵᠢᠶᠠᠨ ᠸᠧᠢ ᠨᠠᠷ ᠵᠡᠭᠦᠨ ᠬᠠᠲᠠᠪᠴᠢ ᠪᠣᠭᠤᠮᠲᠠ ᠳᠤ ᠭᠦᠨᠵᠡᠭᠡᠶᠢᠷᠡᠨ ᠪᠠᠶᠢᠴᠠᠭᠠᠨ ᠰᠤᠳᠤᠯᠤᠯᠲᠠ ᠬᠢᠵᠦ ᠠᠵᠢᠯ ᠵᠢᠯᠣᠭᠤᠳᠪᠠ᠃ ᠬᠤᠰᠢᠭᠤ ᠨᠠᠮ ᠤᠨ ᠬᠤᠷᠢᠶᠠᠨ ᠤ ᠱᠦᠵᠢ ᠬᠢᠩᠭᠠᠨ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠳᠠᠷᠤᠭ᠎ᠠ ᠵᠧᠦ ᠢᠦᠢ ᠯᠦᠩ ᠪᠠᠷ᠎ᠠ ᠪᠣᠯᠵᠤ ᠪᠠᠶᠢᠴᠠᠭᠠᠨ ᠰᠤᠳᠤᠯᠤᠯᠲᠠ ᠬᠢᠪᠡ᠃      ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠵᠡᠭᠦᠨ ᠬᠠᠲᠠᠪᠴᠢ ᠪᠣᠭᠤᠮᠲᠠ ᠶᠢᠨ ᠰᠢᠨ᠎ᠡ ᠪᠠᠷ ᠪᠠᠶᠢᠭᠤᠯᠤᠭᠰᠠᠨ ︽ᠭᠤᠷᠪᠠ ᠶᠢ ᠣᠷᠤᠭᠤᠯᠬᠤ ᠭᠤᠷᠪᠠ ᠶᠢ ᠭᠠᠷᠭᠠᠬᠤ︾  ᠠᠴᠢᠶ᠎ᠠ ᠲᠡᠭᠡᠭᠡᠪᠦᠷᠢ ᠶᠢᠨ ᠵᠠᠮ᠂ ᠠᠶᠠᠨᠴᠢᠳ ᠤᠨ ᠲᠡᠭᠡᠭᠡᠪᠦᠷᠢ ᠶᠢᠨ ᠵᠠᠮ ᠢ ᠥᠭᠡᠷᠡᠴᠢᠯᠡᠨ ᠲᠠᠰ ᠳᠡᠪᠰᠢᠭᠦᠯᠦᠭᠰᠡᠨ ᠪᠠᠶᠢᠳᠠᠯ ᠵᠢᠴᠢ ᠪᠣᠭᠤᠮᠲᠠ ᠶᠢᠨ ᠬᠢᠨᠠᠨ ᠬᠠᠮᠢᠶᠠᠷᠬᠤ ᠠᠵᠢᠯ ᠤᠨ ᠲᠠᠯᠠᠪᠤᠷ ᠤᠨ ᠪᠠᠷᠠᠭ᠎ᠠ ᠶᠢ ᠣᠷᠣᠭᠤᠯᠵᠤ ᠭᠠᠷᠭᠠᠭᠰᠠᠨ᠂ ᠠᠴᠢᠶᠠᠯᠠᠵᠤ ᠪᠠᠭᠤᠯᠭᠠᠭᠰᠠᠨ᠂ ᠬᠠᠳᠠᠭᠠᠯᠠᠵᠤ ᠲᠠᠯᠪᠢᠭᠰᠠᠨ᠂ ᠬᠢᠨᠠᠨ ᠬᠠᠮᠢᠶᠠᠷᠤᠭᠰᠠᠨ ᠪᠠᠶᠢᠳᠠᠯ ᠢ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠪᠡ᠃ ᠡᠨᠡ ᠬᠤᠭᠤᠴᠠᠭᠠᠨ ᠳᠤ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠠᠵᠤ ᠠᠬᠤᠶᠢᠯᠠᠯ᠂ ᠪᠣᠭᠤᠮᠲᠠ ᠶᠢᠨ ᠪᠠᠷᠠᠭᠠᠨ ᠤ ᠭᠦᠢᠯᠭᠡᠭᠡᠨ ᠤ ᠠᠵᠤ ᠠᠬᠤᠶᠢᠯᠠᠯ ᠲᠠᠢ ᠶᠠᠷᠢᠯᠴᠠᠪᠠ᠃      ᠶᠠᠷᠢᠯᠴᠠᠬᠤ ᠬᠤᠷᠠᠯ ᠳᠡᠭᠡᠷ᠎ᠡ᠂ ᠯᠢ ᠵᠢᠶᠠᠨ ᠸᠧᠢ ᠪᠣᠭᠤᠮᠲᠠ ᠶᠢᠨ ᠳᠠᠷᠤᠭ᠎ᠠ ᠨᠡᠭᠦᠷᠡᠰᠦᠨ ᠤ ᠬᠢᠯᠢ ᠶᠢᠨ ᠭᠠᠳᠠᠨᠠᠬᠢ ᠪᠠᠶᠢᠴᠠᠭᠠᠨ ᠬᠡᠮᠵᠢᠯᠲᠡ ᠶᠢᠨ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢ ᠲᠠᠨᠢᠯᠴᠠᠭᠤᠯᠤᠭᠰᠠᠨ ᠪᠥᠭᠡᠳ ᠠᠵᠤ ᠠᠬᠤᠶᠢᠯᠠᠯ ᠤᠨ ᠪᠣᠭᠤᠮᠲᠠ ᠶᠢᠨ ᠠᠵᠢᠯ ᠲᠥᠷᠥᠯ ᠤᠨ ᠰᠤᠷᠲᠠᠯ ᠵᠠᠰᠠᠭ ᠤᠨ ᠰᠤᠷᠲᠠᠯ ᠤᠨ ᠲᠤᠬᠠᠢ ᠦᠨᠡᠯᠡᠯᠲᠡ ᠵᠢᠴᠢ ᠰᠠᠨᠠᠯ ᠢ ᠰᠣᠨᠣᠰᠪᠠ᠃ ᠲᠡᠷᠡ ᠱᠠᠭᠠᠷᠳᠠᠭᠰᠠᠨ ᠨᠢ᠄ ᠨᠢᠭᠡ ᠳᠤ᠂ ᠪᠣᠭᠤᠮᠲᠠ ᠶᠢᠨ ᠡᠭᠦᠷᠭᠡ ᠴᠢᠳᠠᠪᠤᠷᠢ ᠳᠤ ᠰᠠᠭᠤᠷᠢᠯᠠᠨ᠂ ᠣᠶᠤᠨᠲᠤ ᠪᠣᠭᠤᠮᠲᠠ ᠶᠢᠨ ᠪᠦᠲᠦᠭᠡᠨ ᠪᠠᠶᠢᠭᠤᠯᠤᠯᠲᠠ ᠶᠢ ᠶᠡᠬᠡᠪᠡᠷ ᠠᠬᠢᠭᠤᠯᠵᠤ᠂ ᠨᠡᠭᠦᠷᠡᠰᠦᠨ ᠤ ᠭᠤᠷᠪᠠᠳᠠᠭᠢ ᠡᠲᠡᠭᠡᠳ ᠤᠨ ᠢᠲᠡᠭᠡᠮᠵᠢ ᠣᠯᠬᠤ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ ᠬᠡᠷᠡᠭᠵᠢᠭᠦᠯᠬᠦ ᠶᠢ ᠳᠡᠯᠭᠡᠷᠡᠭᠦᠯᠵᠦ᠂ ᠪᠣᠭᠤᠮᠲᠠ ᠶᠢᠨ ᠬᠥᠭᠵᠢᠯᠲᠡ ᠶᠢ ᠪᠥᠬᠦ ᠬᠦᠴᠦᠨ ᠢᠶᠠᠷ ᠢᠶᠠᠨ ᠳᠡᠮᠵᠢᠬᠦ ᠬᠡᠷᠡᠭᠲᠡᠢ᠃ ᠬᠤᠶᠠᠷ ᠲᠤ᠂ ᠨᠡᠭᠦᠷᠡᠰᠦ ᠶᠢ ᠪᠠᠶᠢᠴᠠᠭᠠᠨ ᠬᠡᠮᠵᠢᠬᠦ ᠴᠠᠭ ᠢ ᠦᠷᠭᠦᠯᠵᠢᠯᠡᠨ ᠪᠠᠭᠠᠰᠬᠠᠵᠤ᠂ ᠬᠠᠮᠤᠭ ᠤᠨ ᠶᠡᠭᠡ ᠬᠡᠮᠵᠢᠶ᠎ᠡ ᠪᠠᠷ ᠠᠵᠤ ᠠᠬᠤᠶᠢᠯᠠᠯ ᠢ ᠲᠤᠰᠠᠯᠠᠵᠤ᠂ ᠠᠵᠤ ᠠᠬᠤᠶᠢᠯᠠᠯ ᠳᠤ ᠲᠦᠬᠦᠮ ᠦᠵᠡᠭᠦᠯᠬᠦ ᠬᠡᠷᠡᠭᠲᠡᠢ᠃ ᠭᠤᠷᠪᠠ ᠳᠤ᠂ ᠤᠯᠤᠰ ᠤᠨ ᠡᠭᠦᠳᠡᠨ ᠤ ᠠᠮᠤᠷ ᠲᠦᠪᠰᠢᠨ ᠢ ᠪᠠᠲᠤᠯᠠᠭᠰᠠᠨ ᠤᠷᠢᠲᠠᠯ ᠳᠣᠣᠷ᠎ᠠ᠂ ᠡᠪᠡᠰᠦ ᠪᠣᠷᠳᠤᠭ᠎ᠠ ᠶᠢ ᠭᠠᠳᠠᠭᠠᠳᠤ ᠠᠴᠠ ᠣᠷᠣᠭᠤᠯᠬᠤ᠂ ᠬᠢᠯᠢ ᠶᠢᠨ ᠠᠷᠠᠳ ᠤᠨ ᠵᠠᠬ᠎ᠠ ᠶᠢᠨ ᠠᠷᠠᠯᠵᠢᠶᠠᠨ ᠤ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢ ᠳᠡᠮᠵᠢᠵᠦ᠂ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠪᠠᠷᠠᠭᠠᠨ ᠤ ᠲᠦᠷᠦᠯ ᠵᠦᠢᠯ ᠢ ᠥᠷᠭᠡᠳᠬᠡᠵᠦ ᠂ ᠨᠡᠭᠦᠷᠡᠰᠦ᠂ ᠲᠦᠭᠦᠬᠡᠢ ᠲᠣᠰᠣ ᠵᠡᠷᠭᠡ ᠪᠠᠷᠠᠭ᠎ᠠ ᠶᠢ ᠭᠠᠳᠠᠭᠠᠳᠤ ᠠᠴᠠ ᠣᠷᠣᠭᠤᠯᠬᠤ ᠶᠢ ᠥᠷᠭᠡᠳᠬᠡᠵᠦ᠂ ᠡᠳᠦᠷ ᠳᠤᠳᠤᠮ ᠤᠨ ᠬᠡᠷᠡᠭᠯᠡᠭᠡᠨ ᠤ ᠵᠦᠢᠯ᠂ ᠵᠢᠮᠢᠰ ᠨᠣᠭᠤᠭ᠎ᠠ᠂ ᠪᠠᠷᠢᠯᠭ᠎ᠠ ᠶᠢᠨ ᠮᠠᠲ᠋ᠧᠷᠢᠶᠠᠯ ᠵᠡᠷᠭᠡ ᠲᠠᠸᠠᠷ ᠢ ᠭᠠᠳᠠᠭᠠᠳᠤ ᠳᠤ ᠭᠠᠷᠭᠠᠬᠤ ᠶᠢ ᠠᠬᠢᠭᠤᠯᠵᠤ᠂ ᠪᠣᠭᠤᠮᠲᠠ ᠶᠢᠨ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠪᠠᠷᠠᠭᠠᠨ ᠤ ᠬᠡᠮᠵᠢᠶ᠎ᠡ ᠪᠠ ᠦᠷᠳᠡᠭ ᠢ ᠳᠡᠭᠡᠭᠰᠢᠯᠡᠭᠦᠯᠵᠦ᠂ ᠭᠠᠳᠠᠭᠠᠳᠤ ᠠᠷᠠᠯᠵᠢᠶᠠᠨ ᠤ ᠶᠠᠰᠤ ᠴᠢᠨᠠᠷ ᠢ ᠳᠡᠭᠡᠭᠰᠢᠯᠡᠭᠦᠯᠵᠦ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠬᠤ ᠬᠡᠷᠡᠭᠲᠡᠢ᠃ ᠳᠥᠷᠪᠡ ᠳᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠲᠤᠤᠱᠯᠠᠭᠤᠯᠵᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠪᠠᠶᠢᠭᠤᠯᠵᠤ᠂ ᠥᠨᠳᠥᠷ ᠲᠦᠪᠰᠢᠨ ᠪᠦᠬᠦᠢ ᠭᠠᠳᠠᠭᠠᠳᠤ ᠨᠡᠭᠡᠭᠡᠯᠲᠡ ᠪᠠᠷ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ᠃      ᠵᠧᠦ ᠢᠦᠢ ᠯᠦᠩ ᠵᠡᠭᠦᠨ ᠦᠵᠦᠮᠦᠴᠢᠨ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠡᠮᠦᠨ᠎ᠡ ᠠᠴᠠ ᠯᠢ ᠵᠢᠶᠠᠨ ᠸᠧᠢ ᠪᠣᠭᠤᠮᠲᠠ ᠶᠢᠨ ᠳᠠᠷᠤᠭ᠎ᠠ ᠨᠠᠷ ᠤᠨ ᠠᠶᠢᠯᠴᠢᠯᠠᠷ᠎ᠠ ᠢᠷᠡᠭᠰᠡᠨ ᠢ ᠬᠠᠯᠠᠭᠤᠨ ᠢᠶᠠᠷ ᠤᠭᠲᠤᠵᠤ ᠪᠠᠶᠢᠬᠤ ᠪᠠᠨ ᠢᠯᠡᠳᠭᠡᠭᠰᠡᠨ ᠤ ᠬᠠᠮᠲᠤ ᠬᠥᠬᠡᠬᠤᠲᠠ ᠶᠢᠨ ᠪᠣᠭᠤᠮᠲᠠ ᠶᠢᠨ ᠬᠢᠨ ᠵᠡᠭᠦᠨ ᠦᠵᠦᠮᠦᠴᠢᠨ ᠬᠤᠰᠢᠭᠤᠨ ᠤ ᠪᠣᠭᠤᠮᠲᠠ ᠶᠢᠨ ᠬᠥᠭᠵᠢᠯᠲᠡ ᠶᠢ ᠬᠠᠯᠠᠮᠵᠢᠯᠠᠨ ᠳᠡᠮᠵᠢᠭᠰᠡᠨ ᠳᠤ ᠴᠢᠩ ᠰᠡᠳᠬᠢᠯ ᠠᠴᠠ ᠪᠠᠨ ᠲᠠᠯᠠᠷᠬᠠᠵᠤ ᠪᠠᠶᠢᠬᠤ ᠪᠠᠨ ᠢᠯᠡᠳᠬᠡᠪᠡ᠃ ᠲᠡᠷᠡ᠂ ᠵᠡᠭᠦᠨ ᠦᠵᠦᠮᠦᠴᠢᠨ ᠬᠤᠰᠢᠭᠤᠨ ᠤ ᠬᠢᠨ ᠪᠣᠭᠤᠮᠲᠠ ᠶᠢᠨ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠪᠦᠬᠦ ᠲᠠᠯ᠎ᠠ ᠪᠠᠷ ᠴᠢᠩᠭᠠᠳᠬᠠᠵᠤ᠂ ᠪᠣᠭᠤᠮᠲᠠ ᠶᠢᠨ ᠬᠡᠪ ᠤᠨ ᠶᠣᠰᠣᠭᠠᠷ ᠪᠣᠭᠤᠮᠲᠠ ᠥᠩᠭᠡᠷᠡᠬᠦ ᠶᠢ ᠲᠦᠷᠭᠡᠳᠬᠡᠨ ᠠᠬᠢᠭᠤᠯᠵᠤ᠂ ᠪᠣᠭᠤᠮᠲᠠ ᠪᠠᠷ ᠥᠩᠭᠡᠷᠡᠬᠦ ᠠᠴᠢᠶ᠎ᠠ ᠲᠡᠭᠡᠭᠡᠪᠦᠷᠢ ᠶᠢᠨ ᠬᠡᠮᠵᠢᠶ᠎ᠡ ᠶᠢ ᠪᠦᠬᠦ ᠲᠠᠯ᠎ᠠ ᠪᠠᠷ ᠳᠡᠭᠡᠭᠰᠢᠯᠡᠭᠦᠯᠵᠦ᠂ ᠪᠣᠭᠤᠮᠲᠠ ᠶᠢᠨ ᠠᠷᠠᠯᠵᠢᠶ᠎ᠠ ᠶᠢ ᠪᠦᠬᠦ ᠲᠠᠯ᠎ᠠ ᠪᠠᠷ ᠪᠤᠵᠠᠭᠠᠶᠢᠷᠠᠭᠤᠯᠤᠨ ᠬᠦᠴᠦᠷᠬᠡᠭᠵᠢᠭᠦᠯᠵᠦ᠂ ᠤᠯᠤᠰ ᠤᠨ ᠳᠣᠲᠣᠭᠠᠳᠤ ᠭᠠᠳᠠᠭᠠᠳᠤ ᠶᠢᠨ ︽ᠬᠤᠣᠰ ᠡᠷᠭᠢᠯᠲᠡ︾ ᠳᠤ ᠢᠳᠡᠪᠬᠢᠲᠡᠢ ᠠᠭᠤᠰᠤᠯᠴᠠᠵᠤ᠂ ᠮᠠᠨ ᠤ ᠤᠯᠤᠰ ᠤᠨ ᠤᠮᠠᠷᠠᠰᠢ ᠨᠡᠭᠡᠭᠡᠯᠲᠡ ᠬᠢᠬᠦ ᠴᠢᠬᠤᠯᠠ ᠪᠠᠬᠢᠯᠡᠯᠲᠡ ᠶᠢ ᠪᠦᠲᠦᠭᠡᠨ ᠪᠠᠶᠢᠭᠤᠯᠬᠤ ᠳᠤ ᠰᠢᠨ᠎ᠡ ᠬᠤᠪᠢ ᠨᠡᠮᠡᠷᠢ ᠦᠵᠡᠭᠦᠯᠦᠨ᠎ᠡ ᠭᠡᠵᠦ ᠢᠯᠡᠳᠬᠡᠪᠡ᠃      ᠬᠥᠬᠡᠬᠤᠲᠠ ᠶᠢᠨ ᠪᠣᠭᠤᠮᠲᠠ ᠶᠢᠨ ᠠᠮᠢᠲᠠᠨ ᠤᠷᠭᠤᠮᠠᠯ ᠤᠨ ᠬᠢᠵᠢᠭ ᠪᠠᠶᠢᠴᠠᠭᠠᠬᠤ ᠭᠠᠵᠠᠷ᠂ ᠪᠣᠭᠤᠮᠲᠠ ᠶᠢᠨ ᠬᠢᠨᠠᠯᠲᠠ ᠬᠠᠮᠢᠶᠠᠷᠤᠯᠲᠠ ᠶᠢᠨ ᠭᠠᠵᠠᠷ᠂ ᠰᠢᠯᠢ ᠶᠢᠨ ᠭᠤᠣᠯ ᠠᠶᠢᠮᠠᠭ ᠤᠨ ᠭᠠᠳᠠᠭᠠᠳᠤ ᠶᠠᠪᠤᠳᠠᠯ ᠤᠨ ᠠᠯᠪᠠᠨ ᠭᠡᠷ ︵ᠪᠣᠭᠤᠮᠲᠠ ᠶᠢᠨ ᠠᠯᠪᠠᠨ ᠭᠡᠷ︶ ᠵᠢᠴᠢ ᠵᠡᠭᠦᠨ ᠦᠵᠦᠮᠦᠴᠢᠨ ᠪᠣᠭᠤᠮᠲᠠ ᠶᠢᠨ ᠭᠤᠣᠯ ᠬᠠᠷᠢᠭᠤᠴᠠᠯᠭᠠᠲᠠᠳ ᠪᠠᠷ᠎ᠠ ᠪᠣᠯᠵᠤ ᠪᠠᠶᠢᠴᠠᠭᠠᠨ ᠰᠤᠳᠤᠯᠤᠯᠲᠠ ᠬᠢᠭᠰᠡᠨ ᠤ ᠬᠠᠮᠲᠤ ᠶᠠᠷᠢᠯᠴᠠᠬᠤ ᠬᠤᠷᠠᠯ ᠳᠤ ᠣᠷᠣᠯᠴᠠᠪᠠ᠃
 
ᠢᠷᠡᠯᠲᠡ᠄ ᠵᠡᠭᠦᠨ ᠦᠵᠦᠮᠦᠴᠢᠨ ᠬᠤᠰᠢᠭᠤᠨ ᠤ ᠵᠠᠰᠠᠭ ᠤᠨ ᠣᠷᠳᠣᠨ ᠤ ᠠᠯᠪᠠᠨ ᠬᠡᠷ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号