ᠳᠤᠮᠳᠠᠳᠤ ᠤᠯᠤᠰ · ᠵᠡᠭᠦᠨ ᠦᠵᠦᠮᠦᠴᠢᠨ ᠬᠤᠰᠢᠭᠤᠨ ᠤ ᠵᠠᠰᠠᠭ ᠤᠨ ᠣᠷᠳᠣᠨ ᠬᠢᠭᠡᠳ ᠮᠣᠩᠭᠤᠯ ᠤᠯᠤᠰ ᠤᠨ ᠰᠦᠬᠡᠪᠠᠭᠠᠲᠤᠷ ᠠᠶᠢᠮᠠᠭ ᠪᠠ ᠳᠣᠷᠣᠨᠠᠲᠤ ᠠᠶᠢᠮᠠᠭ ᠤᠨ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠬᠤ ᠵᠢᠯᠤᠭᠤᠳᠬᠤ ᠭᠠᠵᠠᠷ ᠤᠨ ᠬᠢᠯᠢ ᠶᠢᠨ ᠣᠶ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠨ ᠭᠠᠯ ᠤᠨᠲᠠᠷᠠᠭᠠᠬᠤ ᠬᠤᠯᠪᠤᠭᠠᠯᠠᠨ ᠰᠡᠷᠭᠡᠶᠢᠯᠡᠬᠦ  ᠸᠢᠳᠢᠤ᠋ ᠠᠭᠤᠯᠵᠠᠯᠲᠠ ᠬᠢᠪᠡ
ᠨᠡᠶᠢᠲᠡᠯᠡᠭᠰᠡᠨ ᠴᠠᠭ᠄
2023/3/7
        2 ᠰᠠᠷ᠎ᠠ ᠶᠢᠨ 28 ᠤ ᠡᠳᠦᠷ᠂ ᠳᠤᠮᠳᠠᠳᠤ ᠤᠯᠤᠰ · ᠵᠡᠭᠦᠨ ᠦᠵᠦᠮᠦᠴᠢᠨ ᠬᠤᠰᠢᠭᠤᠨ ᠤ ᠵᠠᠰᠠᠭ ᠤᠨ ᠣᠷᠳᠣᠨ ᠪᠣᠯᠣᠨ ᠮᠣᠩᠭᠤᠯ ᠤᠯᠤᠰ ᠤᠨ ᠰᠦᠬᠡᠪᠠᠭᠠᠲᠤᠷ ᠠᠶᠢᠮᠠᠭ ᠪᠣᠯᠣᠨ ᠳᠣᠷᠣᠨᠠᠲᠤ ᠠᠶᠢᠮᠠᠭ ᠤᠨ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠬᠤ ᠵᠢᠯᠤᠭᠤᠳᠬᠤ ᠭᠠᠵᠠᠷ ᠠᠴᠠ ᠬᠢᠯᠢ ᠶᠢᠨ ᠣᠶ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠨ ᠤᠨᠲᠠᠷᠠᠭᠠᠬᠤ ᠬᠤᠯᠪᠤᠭᠠᠯᠠᠨ ᠰᠡᠷᠭᠡᠶᠢᠯᠡᠯᠲᠡ ᠶᠢᠨ ᠠᠵᠢᠯ ᠤᠨ ᠲᠤᠬᠠᠢ ᠸᠢᠳᠢᠤ᠋ ᠠᠭᠤᠯᠵᠠᠯᠲᠠ ᠬᠢᠵᠦ᠂ ᠠᠭᠤᠯᠵᠠᠯᠲᠠ ᠨᠢ ᠬᠤᠰᠢᠭᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠶᠢᠨ ᠣᠶ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠨ ᠤᠨᠲᠠᠷᠠᠭᠠᠬᠤ ᠵᠢᠯᠤᠭᠤᠳᠬᠤ ᠭᠠᠵᠠᠷ ᠤᠨ ᠵᠢᠯᠤᠭᠤᠳᠬᠤ ᠲᠠᠰᠤᠭ ᠲᠤ ᠶᠠᠪᠤᠭᠳᠠᠪᠠ᠃      ᠰᠢᠯᠢ ᠶᠢᠨ ᠭᠤᠣᠯ ᠠᠶᠢᠮᠠᠭ ᠤᠨ ᠣᠶ ᠰᠢᠭᠤᠢ ᠨᠤᠲᠤᠭ ᠪᠡᠯᠴᠢᠭᠡᠷ ᠤᠨ ᠰᠡᠷᠭᠡᠶᠢᠯᠡᠨ ᠭᠠᠯ ᠤᠨᠲᠠᠷᠠᠭᠠᠬᠤ ᠵᠢᠯᠤᠭᠤᠳᠬᠤ ᠭᠠᠵᠠᠷ ᠤᠨ ᠳᠡᠳ᠋ ᠶᠡᠷᠦᠩᠬᠡᠢ ᠵᠢᠯᠣᠭᠤᠳᠤᠭᠴᠢ ᠸᠠᠩ ᠰᠢᠶᠠᠩ ᠴᠢᠤᠸᠠᠨ᠂ ᠰᠢᠯᠢ ᠶᠢᠨ ᠭᠤᠣᠯ ᠠᠶᠢᠮᠠᠭ ᠤᠨ ᠣᠶ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ ᠶᠢᠨ ᠳᠡᠳ᠋ ᠳᠠᠷᠤᠭ᠎ᠠ ᠯᠢᠦ ᠶᠢᠨ ᠤᠷᠢᠯᠭ᠎ᠠ ᠪᠠᠷ ᠬᠤᠷᠠᠯ ᠳᠤ ᠣᠷᠣᠯᠴᠠᠵᠠᠢ᠃ ᠵᠡᠭᠦᠨ ᠦᠵᠦᠮᠦᠴᠢᠨ ᠬᠤᠰᠢᠭᠤᠨ ᠤ ᠵᠠᠰᠠᠭ ᠤᠨ ᠣᠷᠳᠣᠨ ᠤ ᠪᠠᠶᠢᠩᠭᠤ ᠶᠢᠨ ᠳᠡᠳ᠋ ᠳᠠᠷᠤᠭ᠎ᠠ ᠰᠢᠦᠢ ᠶᠢᠩ ᠵᠢᠶᠠᠨ ᠬᠤᠷᠠᠯ ᠢ ᠡᠷᠭᠢᠯᠡᠪᠡ᠃ ᠠᠪᠠᠭ᠎ᠠ ᠬᠤᠰᠢᠭᠤᠨ ᠤ ᠵᠠᠰᠠᠭ ᠤᠨ ᠣᠷᠳᠣᠨ ᠤ ᠪᠠᠶᠢᠩᠭᠤ ᠶᠢᠨ ᠳᠡᠳ᠋ ᠳᠠᠷᠤᠭ᠎ᠠ ᠭᠧ ᠶᠦᠩ ᠵᠢᠶᠦ᠋ᠨ ᠵᠢᠴᠢ ᠰᠢᠯᠢ ᠶᠢᠨ ᠭᠤᠣᠯ ᠠᠶᠢᠮᠠᠭ᠂ ᠵᠡᠭᠦᠨ ᠦᠵᠦᠮᠦᠴᠢᠨ ᠬᠤᠰᠢᠭᠤ᠂ ᠠᠪᠠᠭ᠎ᠠ ᠬᠤᠰᠢᠭᠤᠨ ᠤ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠳ ᠬᠤᠷᠠᠯ ᠳᠤ ᠣᠷᠣᠯᠴᠠᠵᠠᠢ᠃ ᠮᠣᠩᠭᠤᠯ ᠤᠯᠤᠰ ᠤᠨ ᠰᠦᠬᠡᠪᠠᠭᠠᠲᠤᠷ ᠠᠶᠢᠮᠠᠭ ᠤᠨ ᠳᠡᠳ᠋ ᠳᠠᠷᠤᠭ᠎ᠠ ᠮᠦᠩᠬᠡᠵᠠᠶᠠᠭ᠎ᠠ᠂ ᠳᠣᠷᠣᠨᠠᠲᠤ ᠠᠶᠢᠮᠠᠭ ᠤᠨ ᠪᠠᠴᠢᠮ ᠪᠠᠶᠢᠳᠠᠯ   ᠢ ᠠᠷᠭᠠᠴᠠᠬᠤ ᠬᠠᠮᠢᠶᠠᠷᠤᠯᠲᠠ   ᠶᠢᠨ ᠶᠠᠮᠤᠨ ᠤ ᠰᠠᠶᠢᠳ᠂ ᠬᠤᠷᠠᠩᠳᠠ ᠨᠠᠷᠠᠨᠮᠠᠨᠳᠤᠬᠤ ᠬᠤᠷᠠᠯ ᠳᠤ ᠣᠷᠣᠯᠴᠠᠵᠤ᠂ ᠰᠦᠬᠡᠪᠠᠭᠠᠲᠤᠷ ᠠᠶᠢᠮᠠᠭ᠂ ᠳᠣᠷᠣᠨᠠᠲᠤ ᠠᠶᠢᠮᠠᠭ ᠤᠨ ᠪᠠᠴᠢᠮ ᠪᠠᠶᠢᠳᠠᠯ   ᠢ ᠠᠷᠭᠠᠴᠠᠬᠤ ᠬᠠᠮᠢᠶᠠᠷᠤᠯᠲᠠ᠂ ᠭᠠᠯ ᠤᠨᠲᠠᠷᠭᠠᠬᠤ ᠵᠡᠷᠭᠡ ᠰᠠᠯᠠᠭ᠎ᠠ ᠮᠥᠴᠢᠷ ᠤᠨ ᠬᠤᠯᠪᠣᠭᠳᠠᠯ ᠪᠦᠬᠦᠢ ᠬᠥᠮᠥᠰ ᠬᠤᠷᠠᠯ ᠳᠤ ᠣᠷᠣᠯᠴᠠᠵᠠᠢ᠃      ᠬᠤᠷᠠᠯ ᠳᠡᠭᠡᠷ᠎ᠡ᠂ ᠳᠤᠮᠳᠠᠳᠤ ᠮᠣᠩᠭᠤᠯ ᠬᠤᠶᠠᠷ ᠲᠠᠯ᠎ᠠ ᠪᠠᠷ ᠢᠶᠠᠨ ᠭᠠᠯ ᠤᠨ ᠭᠠᠮᠰᠢᠭ ᠢ ᠤᠷᠢᠳᠴᠢᠯᠠᠨ ᠰᠡᠷᠭᠡᠶᠢᠯᠡᠬᠦ᠂ ᠲᠤᠰᠬᠠᠢ ᠡᠩᠨᠡᠭᠡ ᠶᠢᠨ ᠪᠠᠶᠢᠭᠤᠯᠤᠯᠲᠠ᠂ ᠰᠠᠭᠠᠳ ᠦᠭᠡᠢ ᠬᠤᠯᠪᠣᠭ᠎ᠠ ᠠᠪᠬᠤ᠂ ᠭᠠᠯ ᠤᠨ ᠪᠠᠶᠢᠳᠠᠯ ᠢ ᠮᠡᠳᠡᠭᠳᠡᠬᠦ᠂ ᠬᠠᠮᠲᠤᠷᠠᠨ ᠰᠡᠷᠭᠡᠶᠢᠯᠡᠵᠦ ᠬᠤᠯᠪᠤᠭᠠᠯᠠᠨ ᠡᠵᠡᠮᠳᠡᠬᠦ ᠵᠡᠷᠭᠡ ᠲᠠᠯ᠎ᠠ ᠪᠠᠷ ᠰᠠᠨᠠᠯ ᠢᠶᠠᠨ ᠭᠦᠨᠵᠡᠭᠡᠢ ᠰᠣᠯᠢᠯᠴᠠᠵᠤ᠂ ᠬᠠᠮᠲᠤ ᠶᠢᠨ ᠲᠠᠨᠢᠯᠲᠠ ᠲᠠᠢ ᠪᠣᠯᠪᠠ᠃ ᠬᠤᠯᠪᠤᠭᠠᠯᠠᠨ ᠰᠡᠷᠭᠡᠶᠢᠯᠡᠯᠲᠡ ᠶᠢᠨ ᠬᠤᠷᠠᠯ ᠳᠡᠭᠡᠷ᠎ᠡ᠂ ᠮᠠᠨ ᠤ ᠠᠶᠢᠮᠠᠭ ᠠᠴᠠ 5 ᠬᠤᠯᠪᠣᠭᠠᠴᠢᠨ ᠲᠣᠭᠲᠠᠭᠠᠵᠤ ᠮᠣᠩᠭᠤᠯ ᠤᠯᠤᠰ ᠲᠠᠢ ᠬᠤᠯᠪᠣᠭ᠎ᠠ ᠪᠠᠷᠢᠵᠤ  ᠰᠠᠭᠠᠳ ᠦᠭᠡᠢ ᠨᠡᠪᠲᠡᠷᠡᠯᠴᠡᠬᠦ ᠶᠢ ᠪᠠᠲᠤᠯᠠᠪᠠ᠃      ᠸᠠᠩ ᠰᠢᠶᠠᠩ ᠴᠢᠤᠸᠠᠨ ᠶᠠᠷᠢᠶᠠᠨ ᠳᠠᠭᠠᠨ ᠵᠢᠭᠠᠵᠤ ᠭᠠᠷᠭᠠᠭᠰᠠᠨ ᠨᠢ᠂ ᠣᠶᠢᠷ᠎ᠠ ᠶᠢᠨ ᠵᠢᠯ ᠤᠳ ᠲᠤ ᠮᠠᠨ ᠤ ᠠᠶᠢᠮᠠᠭ ᠮᠣᠩᠭᠤᠯ ᠤᠯᠤᠰ ᠤᠨ ᠰᠦᠬᠡᠪᠠᠭᠠᠲᠤᠷ ᠠᠶᠢᠮᠠᠭ᠂ ᠳᠣᠷᠣᠨᠠᠲᠤ ᠠᠶᠢᠮᠠᠭ ᠲᠠᠢ ᠬᠢᠯᠢ ᠬᠢᠵᠠᠭᠠᠷ ᠤᠨ ᠣᠶ ᠰᠢᠭᠤᠢ ᠨᠤᠲᠤᠭ ᠪᠡᠯᠴᠢᠭᠡᠷ ᠤᠨ ᠭᠠᠯ ᠤᠨ ᠭᠠᠮᠰᠢᠭ ᠢ ᠬᠤᠯᠪᠤᠭᠠᠯᠠᠨ ᠰᠡᠷᠭᠡᠶᠢᠯᠡᠬᠦ ᠲᠠᠯ᠎ᠠ ᠪᠠᠷ ᠠᠯᠢ ᠣᠯᠠᠨ ᠪᠣᠳᠠᠲᠤ ᠴᠢᠨᠡᠷᠲᠡᠢ ᠬᠠᠮᠲᠤᠷᠠᠯᠴᠠᠭ᠎ᠠ ᠥᠷᠨᠢᠭᠦᠯᠵᠦ᠂ ᠢᠳᠡᠪᠬᠢᠲᠡᠢ ᠦᠷ᠎ᠡ ᠪᠦᠲᠦᠮᠵᠢ ᠣᠯᠵᠤ᠂ ᠬᠤᠶᠠᠷ ᠲᠠᠯ᠎ᠠ ᠪᠠᠷ ᠢᠶᠠᠨ ᠬᠢᠯᠢ ᠬᠢᠵᠠᠭᠠᠷ ᠤᠨ ᠤᠢ ᠰᠢᠭᠤᠢ ᠨᠤᠲᠤᠭ ᠪᠡᠯᠴᠢᠭᠡᠷ ᠤᠨ ᠰᠡᠷᠭᠡᠶᠢᠯᠡᠨ ᠭᠠᠯ ᠤᠨᠲᠠᠷᠠᠭᠠᠬᠤ ᠶᠢ ᠬᠤᠯᠪᠤᠭᠠᠯᠠᠨ ᠰᠡᠷᠭᠡᠶᠢᠯᠡᠬᠦ ᠬᠡᠯᠡᠯᠴᠡᠭᠡᠷ ᠢ ᠤᠯᠠᠮ ᠴᠢᠨᠠᠭᠰᠢᠳᠠ ᠰᠠᠶᠢᠲᠤᠷ ᠨᠠᠶᠢᠳᠠᠪᠤᠷᠢᠵᠢᠭᠤᠯᠵᠤ᠂ ᠲᠣᠭᠲᠠᠮᠠᠯ ᠬᠤᠭᠤᠴᠠᠭ᠎ᠠ ᠲᠠᠢ ᠪᠠᠷ ᠠᠭᠤᠯᠵᠠᠯᠲᠠ ᠬᠢᠬᠦ᠂ ᠮᠡᠳᠡᠭᠡ ᠵᠠᠩᠭᠢ ᠮᠡᠳᠡᠭᠳᠡᠬᠦ᠂ ᠲᠦᠢᠮᠡᠷ ᠢ ᠤᠨᠲᠠᠷᠠᠭᠠᠬᠤ ᠳᠤ ᠲᠤᠰᠠᠯᠠᠮᠵᠢ ᠦᠵᠡᠭᠦᠯᠬᠦ ᠵᠡᠷᠭᠡ ᠬᠠᠮᠲᠤᠷᠠᠯᠴᠠᠭᠠᠨ ᠤ ᠲᠣᠭᠲᠠᠴᠠ ᠶᠢ ᠴᠢᠩᠭᠠᠳᠬᠠᠵᠤ᠂ ᠬᠤᠶᠠᠷ ᠲᠠᠯ᠎ᠠ ᠶᠢᠨ ᠬᠢᠯᠢ ᠬᠢᠵᠠᠭᠠᠷ ᠤᠨ ᠤᠢ ᠰᠢᠭᠤᠢ ᠨᠤᠲᠤᠭ ᠪᠡᠯᠴᠢᠭᠡᠷ ᠤᠨ ᠰᠡᠷᠭᠡᠶᠢᠯᠡᠨ ᠭᠠᠯ ᠤᠨᠲᠠᠷᠠᠭᠠᠬᠤ ᠶᠢ ᠬᠤᠯᠪᠤᠭᠠᠯᠠᠨ ᠰᠡᠷᠭᠡᠶᠢᠯᠡᠵᠦ ᠬᠠᠮᠲᠤᠷᠠᠨ ᠡᠵᠡᠮᠳᠡᠬᠦ ᠴᠢᠳᠠᠪᠤᠷᠢ ᠶᠢ ᠬᠠᠮᠲᠤᠪᠠᠷ ᠳᠡᠭᠡᠭᠰᠢᠯᠡᠭᠦᠯᠵᠦ᠂ ᠬᠤᠶᠠᠷ ᠤᠯᠤᠰ ᠤᠨ ᠬᠢᠯᠢ ᠬᠢᠵᠠᠭᠠᠷ ᠤᠨ ᠭᠠᠵᠠᠷ ᠣᠷᠣᠨ ᠤ ᠠᠷᠠᠳ ᠤᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠪᠣᠯᠣᠨ ᠤᠢ ᠰᠢᠭᠤᠢ ᠨᠤᠲᠤᠭ ᠪᠡᠯᠴᠢᠭᠡᠷ ᠤᠨ ᠡᠬᠢ ᠪᠠᠶᠠᠯᠢᠭ ᠤᠨ ᠠᠮᠤᠷ ᠲᠦᠪᠰᠢᠨ ᠢ ᠬᠠᠮᠠᠭᠠᠯᠠᠬᠤ ᠳᠤ ᠬᠤᠪᠢ ᠨᠡᠮᠡᠷᠢ ᠦᠵᠡᠭᠦᠯᠬᠦ ᠶᠢ ᠬᠦᠰᠡᠵᠦ ᠪᠠᠶᠢᠨ᠎ᠠ ᠭᠡᠵᠡᠢ᠃      ᠮᠣᠩᠭᠤᠯ ᠤᠯᠤᠰ ᠤᠨ ᠰᠦᠬᠡᠪᠠᠭᠠᠲᠤᠷ ᠠᠶᠢᠮᠠᠭ ᠤᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠶᠠᠮᠤᠨ ᠤ ᠰᠠᠶᠢᠳ᠂ ᠬᠤᠷᠠᠩᠳᠠ ᠠᠩᠬᠠᠪᠠᠶᠠᠷ ᠢᠯᠡᠷᠬᠡᠶᠢᠯᠡᠬᠦ ᠳᠡᠭᠡᠨ᠂ ᠣᠶᠢᠷ᠎ᠠ ᠶᠢᠨ ᠵᠢᠯ ᠳᠤ ᠬᠤᠶᠠᠷ ᠲᠠᠯ᠎ᠠ ᠪᠠᠷ ᠢᠶᠠᠨ ᠬᠤᠯᠪᠤᠭᠠᠯᠠᠨ ᠰᠡᠷᠭᠡᠶᠢᠯᠡᠬᠦ ᠬᠡᠯᠡᠯᠴᠡᠭᠡᠷ ᠶᠣᠰᠣᠭᠠᠷ ᠤᠯᠠᠨ ᠤᠳᠠᠭ᠎ᠠ ᠬᠢᠯᠢ ᠶᠢᠨ ᠤᠢ ᠰᠢᠭᠤᠢ ᠨᠤᠲᠤᠭ ᠪᠡᠯᠴᠢᠭᠡᠷ ᠤᠨ ᠲᠦᠢᠮᠡᠷ ᠢ ᠰᠡᠷᠭᠡᠶᠢᠯᠡᠨ ᠤᠨᠲᠠᠷᠠᠭᠠᠬᠤ ᠠᠵᠢᠯ ᠢ ᠥᠷᠨᠢᠭᠦᠯᠵᠦ᠂ ᠮᠠᠰᠢ ᠰᠠᠶᠢᠨ ᠦᠷ᠎ᠡ ᠪᠦᠲᠦᠮᠵᠢ ᠣᠯᠪᠡ᠃ ᠳᠤᠮᠳᠠᠳᠤ ᠶᠢᠨ ᠲᠠᠯ᠎ᠠ ᠶᠢᠨ ᠰᠦᠬᠡᠪᠠᠭᠠᠲᠤᠷ ᠠᠶᠢᠮᠠᠭ ᠲᠤ ᠭᠠᠯ ᠤᠨᠲᠠᠷᠠᠭᠠᠬᠤ ᠠᠩᠭᠢ ᠶᠢ ᠪᠠᠶᠢᠭᠤᠯᠤᠭᠳᠠᠵᠤ ᠠᠵᠢᠯᠯᠠᠬᠤ ᠳᠤ ᠳᠡᠮᠵᠢᠯᠭᠡ ᠦᠵᠡᠭᠦᠯᠦᠭᠰᠡᠨ ᠳᠤ ᠲᠠᠯᠠᠷᠬᠠᠵᠤ ᠪᠠᠶᠢᠨ᠎ᠠ᠃ ᠭᠠᠯ ᠰᠡᠷᠭᠡᠶᠢᠯᠡᠬᠦ ᠬᠤᠯᠪᠤᠭᠠᠯᠠᠨ ᠰᠡᠷᠭᠡᠶᠢᠯᠡᠯᠲᠡ ᠶᠢᠨ ᠬᠡᠯᠡᠯᠴᠡᠭᠡᠷ ᠤᠨ ᠱᠠᠭᠠᠷᠳᠠᠯᠭ᠎ᠠ ᠶᠣᠰᠣᠭᠠᠷ ᠬᠤᠶᠠᠷ ᠲᠠᠯ᠎ᠠ ᠶᠢᠨ ᠨᠡᠪᠲᠡᠷᠡᠯᠴᠡᠭᠡ ᠬᠠᠷᠢᠯᠴᠠᠭ᠎ᠠ ᠪᠠᠨ ᠦᠷᠭᠦᠯᠵᠢᠯᠡᠨ ᠴᠢᠩᠭᠠᠳᠬᠠᠵᠤ᠂ ᠭᠠᠯ ᠤᠨ ᠭᠠᠮᠰᠢᠭ ᠤᠨ ᠳᠠᠯᠳᠠ ᠬᠡᠮ ᠢ ᠬᠠᠮᠲᠤᠪᠠᠷ ᠰᠡᠷᠭᠡᠶᠢᠯᠡᠨ ᠠᠷᠢᠯᠭᠠᠨ᠎ᠠ ᠭᠡᠵᠡᠢ᠃      ᠳᠣᠷᠣᠨᠠᠲᠤ ᠠᠶᠢᠮᠠᠭ ᠤᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠬᠡᠯᠲᠡᠰ ᠤᠨ ᠳᠠᠷᠤᠭ᠎ᠠ᠂ ᠬᠤᠷᠠᠩᠳᠠ ᠨᠠᠷᠠᠨᠮᠠᠨᠲᠤᠬᠤ ᠢᠯᠡᠷᠬᠡᠶᠢᠯᠡᠬᠦ ᠳᠡᠭᠡᠨ᠂ ᠳᠣᠷᠣᠨᠠᠲᠤ ᠠᠶᠢᠮᠠᠭ ᠤᠢ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠨ ᠤᠨᠲᠠᠷᠠᠭᠠᠬᠤ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠬᠤᠶᠠᠷ ᠲᠠᠯ᠎ᠠ ᠶᠢᠨ ᠰᠣᠯᠢᠯᠴᠠᠭ᠎ᠠ ᠬᠤᠯᠪᠣᠭ᠎ᠠ ᠠᠪᠬᠤ ᠪᠠ ᠬᠤᠯᠪᠤᠭᠠᠯᠠᠨ ᠰᠡᠷᠭᠡᠶᠢᠯᠡᠵᠦ ᠬᠤᠯᠪᠤᠭᠠᠯᠠᠨ ᠡᠵᠡᠮᠳᠡᠬᠦ ᠶᠢ ᠦᠷᠭᠦᠯᠵᠢᠯᠡᠨ ᠴᠢᠩᠭᠠᠳᠬᠠᠵᠤ᠂ ᠬᠢᠯᠢ ᠬᠢᠵᠠᠭᠠᠷ ᠤᠨ ᠤᠢ ᠰᠢᠭᠤᠢ ᠨᠤᠲᠤᠭ ᠪᠡᠯᠴᠢᠭᠡᠷ ᠤᠨ ᠲᠦᠢᠮᠡᠷ ᠢ ᠰᠡᠷᠭᠡᠶᠢᠯᠡᠨ ᠤᠨᠲᠠᠷᠠᠭᠠᠬᠤ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠨ᠎ᠡ ᠭᠡᠵᠡᠢ᠃      ᠬᠤᠷᠠᠯ ᠳᠡᠭᠡᠷ᠎ᠡ᠂ ᠮᠠᠨ ᠤ ᠠᠶᠢᠮᠠᠭ ᠠᠴᠠ ᠮᠣᠩᠭᠤᠯ ᠤᠯᠤᠰ ᠤᠨ ᠰᠦᠬᠡᠪᠠᠭᠠᠲᠤᠷ ᠠᠶᠢᠮᠠᠭ᠂ ᠳᠣᠷᠣᠨᠠᠲᠤ ᠠᠶᠢᠮᠠᠭ ᠲᠤ ᠭᠠᠯ ᠰᠡᠷᠭᠡᠶᠢᠯᠡᠬᠦ ᠮᠠᠰᠢᠨ ᠪᠠᠭᠠᠵᠢ ᠪᠡᠯᠡᠭᠯᠡᠵᠦ᠂  ᠲᠣᠬᠢᠷᠠᠮᠵᠢᠲᠠᠢ ᠴᠠᠭ ᠲᠤ ᠬᠦᠷᠭᠡᠵᠦ ᠥᠭᠬᠦ ᠪᠣᠯᠤᠨ᠎ᠠ᠃    
 
ᠢᠷᠡᠯᠲᠡ᠄ ᠵᠡᠭᠦᠨ ᠦᠵᠦᠮᠦᠴᠢᠨ ᠬᠤᠰᠢᠭᠤᠨ ᠤ ᠵᠠᠰᠠᠭ ᠤᠨ ᠣᠷᠳᠣᠨ ᠤ ᠠᠯᠪᠠᠨ ᠬᠡᠷ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号