2022—2025 ᠤᠠ ᠤ ᠪᠦᠬᠦ ᠬᠤᠰᠢᠭᠤᠠ ᠤ ᠬᠠᠪᠣᠷ ᠤᠨ ᠤᠯᠠᠷᠢᠯ ᠤᠨ ᠤᠷᠭᠤᠯᠳᠠ ᠶᠢᠨ ᠬᠤᠭᠤᠴᠠᠭᠠᠠ | ᠳᠤ ᠪᠠᠯᠴᠢᠬᠡᠷ ᠰᠠᠷᠬᠦᠬᠡᠬᠦ ᠭᠡᠷᠡᠭᠵᠢᠬᠦᠯᠬᠦ ᠲᠦᠰᠣᠯ | ᠪᠦᠬᠦ ᠬᠤᠰᠢᠭᠤᠠ ᠤ ᠨᠣᠳᠤᠭ ᠪᠡᠯᠴᠢᠭᠡᠷ ᠤᠨ ᠠᠮᠢ ᠠᠬᠤᠢ ᠶᠢᠨ ᠬᠠᠮᠠᠭᠠᠯᠠᠯᠲᠠ ᠶᠢᠨ ᠦᠷ᠎ᠠ ᠪᠦᠳᠣᠮᠵᠢ ᠶᠢ | ᠤᠯᠠᠮ ᠨᠢᠬᠡ ᠠᠯᠬᠤᠮ ᠪᠠᠬᠢᠵᠢᠬᠦᠯᠵᠣ᠂ ᠲᠠᠯ᠎ᠠ ᠨᠣᠳᠤᠭ ᠤᠨ ᠠᠮᠢ ᠠᠭ᠋ᠣᠢ ᠶᠢᠨ ᠡᠬᠢ ᠪᠠᠶᠠᠯᠢᠭ ᠢ ᠰᠢᠠᠵᠢᠯᠠᠬᠦ | ᠤᠬᠠᠭᠠᠠᠴᠢ ᠪᠠᠷ ᠠᠰᠢᠠᠠᠯᠠᠵᠣ ᠬᠠᠮᠠᠭᠠᠯᠬᠠᠣ ᠶᠢᠨ ᠲᠦᠯᠣᠬᠡ᠂《 ︿ᠰᠢᠯᠢ ᠶᠢᠨ ᠭᠤᠣᠯ ᠠᠶᠢᠮᠠᠭ ᠤᠨ 2022 | — 2025 ᠣᠨ ᠤ ᠬᠠᠪᠣᠷ ᠤᠨ ᠤᠯᠠᠷᠢᠯ ᠤᠨ ᠤᠷᠭᠤᠯᠳᠠ ᠶᠢᠨ ᠬᠤᠭᠤᠴᠠᠭᠠᠠ ᠳᠤ ᠪᠠᠯᠴᠢᠬᠡᠷ ᠰᠠᠷᠬᠦᠬᠡᠬᠦ | ᠠᠵᠢᠯ ᠤᠨ ᠬᠡᠷᠡᠭᠵᠢᠬᠦᠯᠬᠦ ᠳᠦᠰᠦᠯ﹀ ᠤᠨ ᠱᠠᠭᠠᠷᠳᠠᠯᠭ᠎ᠠ ᠶᠣᠰᠣᠭᠠᠷ᠂ ᠪᠣᠳᠠᠳᠠᠢ ᠪᠠᠶᠢᠳᠠᠯ ᠲᠠᠢ ᠪᠠᠨ | ᠣᠶᠠᠯᠳᠣᠭᠤᠯᠣᠨ᠂ ᠤᠠᠴᠠᠭᠠᠢᠢᠯᠠᠠ ᠲᠣᠰ ᠳᠦᠰᠣᠯ ᠢ ᠳᠣᠭᠳᠠᠭᠠᠪᠠ᠃ | ᠨᠢᠭᠡ᠂ ᠠᠴᠢ ᠬᠤᠯᠪᠣᠭᠳᠠᠯ | ᠬᠠᠪᠣᠷ ᠤᠨ ᠤᠯᠠᠷᠢᠯ ᠤᠨ ᠤᠷᠭᠤᠯᠳᠠ ᠶᠢᠨ ᠬᠤᠭᠤᠴᠠᠭᠠᠠ ᠳᠤ ᠪᠠᠯᠴᠢᠬᠡᠷ ᠰᠡᠷᠬᠦᠭᠡᠬᠦ ᠨᠢ᠂ ᠡᠪᠡᠰᠣᠨ ᠤ | ᠤᠷᠭᠤᠯᠲᠠ ᠶᠢᠨ ᠬᠤᠭᠤᠴᠠᠭᠠᠨ ᠳᠤ ᠬᠡᠳᠣ ᠡᠷᠳᠡ ᠪᠡᠯᠴᠢᠭᠡᠷᠯᠡᠬᠦᠯᠬᠦ ᠠᠴᠠ ᠪᠣᠯᠵᠣ ᠪᠠᠯᠴᠢᠭᠡᠷ ᠢ ᠲᠠᠯᠬᠢᠭᠳᠠᠵᠣ᠂ | ᠪᠡᠯᠴᠢᠭᠡᠷ ᠤᠨ ᠦᠢᠯᠡᠳᠪᠦᠷᠢᠯᠡᠯ ᠤᠨ ᠴᠢᠳᠠᠪᠣᠷᠢ ᠶᠢ ᠪᠠᠭᠤᠷᠠᠭᠤᠯᠣᠨ᠂ ᠡᠪᠡᠰᠣᠨ ᠤ ᠲᠦᠷᠦᠯ ᠵᠦᠢᠯ ᠢ ᠪᠠᠭᠠᠰᠬᠠᠬᠤ | ᠠᠰᠠᠭᠤᠳᠠᠯ ᠢ ᠪᠦᠳᠦᠮᠵᠢᠳᠠᠢ ᠰᠡᠷᠭᠡᠶᠢᠯᠡᠵᠣ᠂ ᠨᠤᠲᠤᠭ ᠪᠡᠯᠴᠢᠭᠡᠷ ᠤᠨ ᠠᠮᠢ ᠠᠬᠤᠢ ᠶᠢᠨ ᠬᠠᠮᠠᠭᠠᠯᠠᠯᠲᠠ ᠳᠤ ᠴᠢᠬᠤᠯᠠ | ᠠᠴᠢ ᠬᠤᠯᠪᠣᠭᠳᠠᠯ ᠲᠠᠢ ᠮᠦᠷᠳᠡᠭᠡᠨ ᠬᠠᠪᠣᠷ ᠤᠨ ᠤᠯᠠᠷᠢᠯ ᠤᠨ ᠤᠷᠭᠤᠯᠳᠠ ᠶᠢᠨ ᠬᠤᠭᠤᠴᠠᠭᠠᠠ ᠳᠤ ᠪᠠᠯᠴᠢᠬᠡᠷ | ᠰᠠᠷᠬᠦᠬᠡᠬᠦ ᠨᠢ ᠤᠯᠠᠮᠵᠢᠯᠠᠯᠲᠤ ᠮᠠᠯᠵᠢᠯ ᠤᠨ ᠠᠷᠭ᠎ᠠ ᠮᠠᠶ᠋ᠢᠭ ᠢ ᠣᠲᠣ ᠦᠶ᠎ᠡ ᠶᠢᠨ ᠠᠮᠢ ᠠᠬᠤᠢ ᠶᠢᠨ ᠡᠵᠡᠩᠨᠡᠯᠲᠡ | ᠬᠠᠮᠢᠶᠠᠷᠤᠯᠲᠠ ᠳᠠᠰᠢ ᠬᠤᠪᠢᠷᠠᠭᠤᠯᠬᠤ ᠳᠤ ᠠᠰᠢᠭᠲᠠᠢ ᠪᠠᠶᠢᠵᠤ᠂ ᠠᠮᠢ ᠠᠬᠤᠢ᠂ ᠦᠢᠯᠡᠳᠪᠦᠷᠢᠯᠡᠯ᠂ ᠠᠮᠢᠳᠤᠷᠠᠯ ᠤᠨ | ᠵᠣᠬᠢᠴᠠᠩᠭᠤᠢ ᠪᠥᠭᠡᠳ ᠦᠷᠭᠦᠯᠵᠢᠯᠡᠨ ᠬᠥᠭᠵᠢᠬᠦ ᠶᠢ ᠠᠬᠢᠭᠤᠯᠤᠨ᠎ᠠ᠃ | ᠬᠤᠶᠠᠷ᠂ ᠬᠡᠷᠡᠭᠵᠢᠭᠦᠯᠬᠦ ᠬᠡᠪᠴᠢᠶ᠎ᠡ ᠪᠠ ᠴᠠᠭ ᠬᠤᠭᠤᠴᠠᠭ᠎ᠠ | ︵ᠨᠢᠭᠡ︶ ᠪᠡᠯᠴᠢᠭᠡᠷ ᠰᠡᠷᠬᠦᠬᠡᠬᠦ ᠬᠡᠪᠴᠢᠶ᠎ᠡ᠃ ᠪᠥᠬᠦ ᠬᠤᠰᠢᠭᠤᠨ ᠤ 9 ᠰᠤᠮᠤ ᠪᠠᠯᠭᠠᠰᠤ ᠶᠢᠨ 62 | ᠭᠠᠴᠠᠭ᠎ᠠ ᠶᠢᠨ ᠮᠠᠯ ᠪᠡᠯᠴᠢᠭᠡᠷ ᠤᠨ ᠲᠡᠩᠴᠡᠭᠦᠷᠢ ᠶᠢ ᠪᠠᠳᠣᠯᠠᠬᠤ ᠣᠷᠣᠨ ᠤ 4961.19 ᠲᠦᠮᠡᠨ ᠮᠣ᠋ ᠨᠣᠳᠤᠭ | ᠪᠠᠯᠴᠢᠬᠡᠷ ᠳᠠᠬᠢ ᠦᠬᠡᠷ᠂ ᠬᠤᠨᠢ ᠳᠤ ᠬᠠᠪᠣᠷ ᠤᠨ ᠤᠯᠠᠷᠢᠯ ᠤᠨ ᠤᠷᠭᠤᠯᠳᠠ ᠶᠢᠨ ᠬᠤᠭᠤᠴᠠᠭᠠᠠ ᠳᠤ ᠪᠠᠯᠴᠢᠬᠡᠷ | ᠰᠠᠷᠬᠦᠬᠡᠬᠦ ᠶᠢ ᠬᠡᠷᠡᠭᠵᠢᠬᠦᠯᠵᠣ᠂ ᠮᠣᠷᠢ ᠪᠠ ᠲᠠᠮᠠᠬᠡ ᠶᠢ ᠪᠠᠭᠳᠠᠭᠠᠬᠤ ᠦᠬᠡᠢ᠃ | ︵ᠬᠤᠶᠠᠷ︶ ᠪᠡᠯᠴᠢᠭᠡᠷ ᠰᠡᠷᠬᠦᠭᠡᠬᠦ ᠴᠠᠭ ᠬᠤᠭᠤᠴᠠᠭ᠎ᠠ᠃ ᠪᠥᠬᠦ ᠬᠤᠰᠢᠭᠤᠨ ᠤ ᠪᠡᠯᠴᠢᠭᠡᠷ ᠤᠨ ᠲᠥᠷᠥᠯ | ᠬᠡᠯᠪᠡᠷᠢ᠂ ᠬᠤᠷ᠎ᠠ ᠲᠤᠨᠤᠳᠠᠰᠤ ᠶᠢᠨ ᠬᠡᠮᠵᠢᠶ᠎ᠡ᠂ ᠠᠭᠠᠷ ᠤᠨ ᠳᠤᠯᠠᠭᠠᠨ ᠵᠢᠴᠢ ᠨᠤᠲᠤᠭ ᠪᠡᠯᠴᠢᠭᠡᠷ ᠤᠨ | ᠤᠷᠭᠤᠯᠲᠠ ᠶᠢᠨ ᠣᠨᠴᠠᠯᠢᠭ ᠢ ᠦᠨᠳᠦᠰᠦᠯᠡᠵᠦ᠂ ᠬᠠᠪᠤᠷ ᠤᠨ ᠤᠯᠠᠷᠢᠯ ᠤᠨ ᠪᠡᠯᠴᠢᠭᠡᠷ ᠰᠡᠷᠬᠦᠭᠡᠬᠦ ᠴᠠᠭ ᠢ ᠵᠠᠷᠴᠢᠮ | ᠳᠡᠭᠡᠷ᠎ᠡ ᠪᠠᠨ ᠡᠪᠡᠰᠣᠨ ᠤ ᠣᠷᠭᠤᠯᠲᠠ ᠶᠢᠨ ᠬᠤᠭᠤᠴᠠᠭ᠎ᠠ ᠠᠴᠠ ᠨᠢᠭᠡ ᠭᠠᠷᠠᠭ ᠤᠨ ᠡᠮᠦᠨ᠎ᠡ ᠡᠬᠢᠯᠡᠬᠦᠯᠵᠣ᠂ | ᠪᠡᠯᠴᠢᠭᠡᠷ ᠰᠡᠷᠬᠦᠭᠡᠬᠦ ᠴᠠᠭ ᠢ 4 ᠰᠠᠷ᠎ᠠ ᠶᠢᠨ 5 ᠤ ᠡᠳᠦᠷ ᠠᠴᠠ ᠡᠷᠲᠡ ᠪᠠᠶᠢᠯᠭᠠᠵᠣ ᠪᠣᠯᠬᠤ ᠦᠭᠡᠢ᠂ ᠪᠡᠯᠴᠢᠭᠡᠷ | ᠰᠡᠷᠬᠦᠭᠡᠬᠦ ᠬᠤᠭᠤᠴᠠᠭ᠎ᠠ ᠨᠢ 45 ᠡᠳᠦᠷ ᠠᠴᠠ ᠪᠠᠭ᠎ᠠ ᠪᠠᠶᠢᠵᠣ ᠪᠣᠯᠬᠤ ᠦᠭᠡᠢ᠃ | ᠭᠤᠷᠪᠠ᠂ ᠨᠥᠬᠦᠪᠦᠷᠢ ᠣᠯᠭᠤᠬᠤ ᠠᠷᠭ᠎ᠠ | ᠪᠠᠯᠴᠢᠬᠡᠷ ᠰᠠᠷᠬᠦᠬᠡᠬᠦ ᠠᠵᠢᠯ ᠤᠨ ᠪᠣᠳᠠᠲᠤ ᠦᠷ᠎ᠡ ᠪᠦᠲᠦᠮᠵᠢ ᠶᠢ ᠦᠨᠡᠨᠬᠦ ᠪᠠᠲᠤᠯᠠᠬᠤ ᠶᠢᠨ ᠲᠦᠯᠦᠭᠡ᠂ | ᠪᠠᠯᠴᠢᠬᠡᠷ ᠰᠠᠷᠬᠦᠬᠡᠬᠦ ᠶᠢ ᠬᠡᠷᠡᠭᠵᠢᠭᠦᠯᠦᠭᠰᠡᠨ ᠮᠠᠯᠵᠢᠬᠤ ᠡᠷᠥᠭᠡ ᠳᠤ ᠪᠡᠯᠴᠢᠭᠡᠷ ᠰᠡᠷᠬᠦᠭᠡᠭᠰᠡᠨ ᠲᠠᠯᠠᠪᠠᠢ ᠪᠠᠷ ᠨᠥᠬᠦᠪᠦᠷᠢ | ᠣᠯᠭᠤᠨ᠎ᠠ᠃ | ︵ᠨᠢᠭᠡ︶ ᠨᠥᠬᠦᠪᠦᠷᠢ ᠣᠯᠭᠤᠬᠤ ᠪᠠᠷᠢᠮᠵᠢᠶ᠎ᠠ᠃ ᠪᠡᠯᠴᠢᠭᠡᠷᠯᠡᠬᠦᠯᠬᠦ ᠶᠢ ᠴᠠᠭᠠᠵᠠᠯᠠᠬᠤ ᠣᠷᠣᠨ ᠤ ᠨᠥᠬᠦᠪᠦᠷᠢ | 9 ᠲᠥᠭᠦᠷᠢᠭ / ᠵᠢᠯ ·ᠮᠣ᠋ ᠶᠢ ᠦᠨᠳᠣᠰᠣᠯᠡᠵᠣ᠂ 45 ᠡᠳᠦᠷ 1.125 ᠲᠥᠭᠦᠷᠢᠭ / ᠮᠣ᠋ ᠪᠠᠷ ᠪᠤᠳᠤᠨ᠎ᠠ᠃ | ᠪᠦᠬᠦ ᠬᠤᠰᠢᠭᠤᠨ ᠤ ᠪᠠᠯᠴᠢᠬᠡᠷ ᠰᠠᠷᠬᠦᠬᠡᠬᠦ ᠲᠠᠯᠠᠪᠠᠶ 4961.19 ᠲᠦᠮᠡᠨ ᠮᠦ ᠪᠠᠶᠢᠵᠣ᠂ ᠣᠯᠣᠰ ᠤᠨ ᠨᠤᠲᠤᠭ | ᠪᠡᠯᠴᠢᠭᠡᠷ ᠪᠠ ᠭᠠᠴᠠᠭᠠᠨ ᠤ ᠬᠠᠮᠲᠤ ᠶᠢᠨ ᠨᠤᠲᠤᠭ ᠪᠡᠯᠴᠢᠭᠡᠷ ᠢ ᠬᠠᠰᠤᠭᠰᠠᠨ ᠤ ᠰᠡᠭᠦᠯᠡᠷ᠂ ᠨᠦᠬᠦᠪᠦᠷᠢ ᠲᠠᠷᠬᠠᠭᠠᠬᠤ | ᠪᠡᠯᠴᠢᠭᠡᠷ ᠰᠡᠷᠭᠦᠭᠡᠬᠦ ᠲᠠᠯᠠᠪᠠᠢ 4562.19 ᠲᠦᠮᠡᠨ ᠮᠦ᠂ ᠪᠠᠯᠴᠢᠬᠡᠷ ᠰᠠᠷᠬᠦᠬᠡᠬᠦ ᠨᠥᠬᠦᠪᠦᠷᠢ ᠨᠡᠶᠢᠲᠡ 5132. | 46375 ᠲᠦᠮᠡᠨ ᠲᠥᠭᠦᠷᠢᠭ ᠪᠣᠯᠣᠨ᠎ᠡ᠃ ᠲᠥᠪ ᠠᠴᠠ 4047.17 ᠲᠦᠮᠡᠨ ᠲᠦᠭᠦᠷᠢᠭ ᠤᠨ ᠪᠡᠯᠴᠢᠭᠡᠷ | ᠰᠡᠷᠭᠦᠬᠡᠬᠦ ᠨᠦᠬᠦᠪᠦᠷᠢ ᠶᠢ ᠡᠭᠦᠷᠭᠡᠯᠡᠵᠦ᠂ 1085.29 ᠲᠦᠮᠡᠨ ᠲᠦᠭᠦᠷᠢᠭ ᠢ ᠠᠶᠢᠮᠠᠭ ᠠᠴᠠ ᠡᠭᠦᠷᠭᠡᠯᠡᠨ᠂ | ᠨᠦᠬᠦᠪᠦᠷᠢ ᠮᠥᠩᠭᠦ ᠶᠢ ᠠᠶᠢᠮᠠᠭ᠂ ᠬᠤᠰᠢᠭᠤ ᠬᠤᠶᠠᠷ ᠱᠠᠲᠤ 4᠄ 6 ᠶᠢᠨ ᠬᠠᠷᠢᠴᠠᠯ ᠢᠶᠠᠷ ᠡᠬᠦᠷᠭᠡᠯᠡᠵᠣ᠂ ᠠᠶᠢᠮᠠᠭ | ᠠᠴᠠ 434.12 ᠲᠦᠮᠡᠨ ᠲᠥᠭᠦᠷᠢᠭ᠂ ᠬᠤᠰᠢᠭᠤᠨ ᠠᠴᠠ 651.17 ᠲᠦᠮᠡᠨ ᠲᠥᠭᠦᠷᠢᠭ ᠢ ᠬᠠᠷᠢᠭᠤᠴᠠᠨ᠎ᠠ᠃ | ︵ᠬᠤᠶᠠᠷ︶ ᠨᠦᠬᠦᠪᠦᠷᠢ ᠲᠠᠷᠬᠠᠭᠠᠬᠤ ᠴᠠᠭ ᠬᠤᠭᠤᠴᠠᠭ᠎ᠠ ᠃ ᠵᠢᠯ ᠪᠦᠷᠢ ᠶᠢᠨ 3 ᠰᠠᠷ᠎ᠠ ᠶᠢᠨ | ᠰᠡᠭᠦᠯᠴᠢ ᠠᠴᠠ ᠡᠮᠦᠨ᠎ᠡ ᠪᠡᠯᠴᠢᠭᠡᠷ ᠰᠡᠷᠭᠦᠬᠡᠬᠦ ᠨᠦᠬᠦᠪᠦᠷᠢ ᠶᠢᠨ 50% ᠶᠢ ᠲᠠᠷᠬᠠᠭᠠᠵᠤ ᠮᠠᠯᠵᠢᠬᠤ ᠡᠷᠦᠬᠡ ᠶᠢᠨ | ᠡᠪᠡᠰᠦ ᠪᠤᠷᠳᠤᠭ᠎ᠠ ᠨᠦᠬᠡᠴᠡᠯᠡᠵᠦ᠂ ᠦᠯᠡᠳᠡᠭᠰᠡᠨ 50% ᠶᠢᠨ ᠪᠡᠯᠴᠢᠭᠡᠷ ᠰᠡᠷᠭᠦᠬᠡᠬᠦ ᠨᠦᠬᠦᠪᠦᠷᠢ ᠶᠢ ᠲᠤᠬᠠᠢ ᠶᠢᠨ | ᠵᠢᠯ ᠤᠨ 11 ᠰᠠᠷ᠎ᠠ ᠶᠢᠨ ᠰᠡᠭᠦᠯᠴᠢ ᠠᠴᠠ ᠡᠮᠦᠨ᠎ᠡ ᠪᠦᠬᠦᠨ ᠢ ᠲᠠᠷᠬᠠᠭᠠᠨ᠎ᠠ᠃ | ( ᠭᠤᠷᠪᠠ)ᠨᠦᠬᠦᠪᠦᠷᠢ ᠲᠠᠷᠬᠠᠭᠠᠬᠤ ᠲᠠᠰ ᠳᠠᠷᠠᠭ᠎ᠠ᠃ ᠭᠠᠴᠠᠭ᠎ᠠ ᠪᠠᠷ ᠨᠢᠭᠡᠴᠢ ᠪᠣᠯᠭᠠᠨ ᠬᠠᠷᠢᠶ᠎ᠠ ᠰᠤᠮᠤ | ᠪᠠᠯᠭᠠᠰᠤᠨ ᠳᠤ ᠮᠡᠳᠡᠭᠦᠯᠵᠦ᠂ ᠰᠤᠮᠤ ᠪᠠᠯᠭᠠᠰᠤ ᠨᠢ ᠭᠠᠴᠠᠭ᠎ᠠ ᠪᠠᠷ ᠨᠢᠭᠡᠴᠢ ᠪᠣᠯᠭᠠᠨ ᠬᠢᠨᠠᠨ ᠬᠠᠷᠭᠤᠭᠤᠯᠵᠤ ᠵᠠᠷᠯᠠᠨ | ᠨᠡᠶᠢᠲᠡᠯᠡᠨ᠎ᠡ᠂ ᠵᠠᠷᠯᠠᠨ ᠨᠡᠶᠢᠲᠡᠯᠡᠬᠦ ᠬᠤᠭᠤᠴᠠᠭ᠎ᠠ ᠨᠢ 5 ᠡᠳᠦᠷ᠂ ᠵᠠᠷᠯᠠᠨ ᠨᠡᠶᠢᠲᠡᠯᠡᠬᠦ ᠬᠤᠭᠤᠴᠠᠭᠠᠨ ᠳᠤ ᠣᠨᠳᠣᠣ | ᠰᠠᠨᠠᠯ ᠦᠭᠡᠢ ᠪᠣᠯ ᠬᠤᠰᠢᠭᠤ ᠣᠶ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ ᠳᠤ ᠮᠡᠳᠡᠭᠦᠯᠵᠦ᠂ ᠬᠤᠰᠢᠭᠤ | ᠣᠶ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ ᠠᠴᠠ ᠬᠢᠨᠠᠨ ᠬᠠᠷᠭᠤᠭᠤᠯᠵᠤ ᠵᠦᠪᠰᠢᠶᠡᠷᠡᠭᠰᠡᠨ ᠤ ᠳᠠᠷᠠᠭ᠎ᠠ | ᠬᠤᠰᠢᠭᠤ ᠡᠳ᠋ ᠤᠨ ᠵᠠᠰᠠᠭ ᠤᠨ ᠲᠣᠪᠴᠢᠶ᠎ᠠ ᠳᠤ ᠮᠡᠳᠡᠭᠦᠯᠦᠨ ᠲᠠᠷᠬᠠᠭᠠᠵᠤ᠂ ᠨᠥᠬᠦᠪᠦᠷᠢ ᠮᠥᠩᠭᠦ ᠶᠢ ︽ᠨᠢᠭᠡ ᠺᠠᠷᠲ | ᠪᠠᠷ ᠲᠠᠷᠬᠠᠭᠠᠬᠤ︾ ᠪᠠᠷ ᠳᠠᠮᠵᠢᠭᠤᠯᠤᠨ ᠲᠠᠷᠬᠠᠭᠠᠨ᠎ᠠ᠃ | ᠳᠥᠷᠪᠡ᠂ ᠬᠡᠷᠡᠭᠵᠢᠭᠦᠯᠬᠦ ᠠᠯᠬᠤᠮ ᠳᠠᠷᠠᠭ᠎ᠠ | ︵ᠨᠢᠭᠡ︶ ᠡᠮᠦᠨᠡᠬᠢ ᠬᠤᠭᠤᠴᠠᠭᠠᠨ ᠤ ᠪᠡᠯᠡᠳᠬᠡᠯ ᠱᠠᠲᠤ ︵ᠵᠢᠯ ᠪᠦᠷᠢ ᠶᠢᠨ ᠡᠪᠡᠰᠦ ᠬᠠᠳᠤᠵᠤ ᠨᠦᠬᠡᠴᠡᠯᠡᠬᠦ | ᠬᠤᠭᠤᠴᠠᠭ᠎ᠠ ᠠᠴᠠ ᠡᠬᠢᠯᠡᠨ ᠳᠠᠷᠠᠭ᠎ᠠ ᠵᠢᠯ ᠤᠨ 4 ᠰᠠᠷ᠎ᠠ ᠶᠢᠨ 4 ᠤ ᠡᠳᠦᠷ︶᠃ | ⒈ᠠᠵᠢᠯ ᠤᠨ ᠲᠦᠰᠦᠯ ᠲᠤᠭᠲᠠᠭᠠᠬᠤ᠃ ᠡᠯ᠎ᠡ ᠰᠤᠮᠤ ᠪᠠᠯᠭᠠᠰᠤ ᠨᠢ ᠪᠠᠯᠴᠢᠬᠡᠷ ᠰᠠᠷᠬᠦᠬᠡᠬᠦ ᠠᠵᠢᠯ ᠤᠨ | ᠡᠮᠦᠨᠡᠬᠢ ᠬᠤᠭᠤᠴᠠᠭᠠᠨ ᠤ ᠪᠡᠯᠡᠳᠬᠡᠯ ᠠᠵᠢᠯ ᠢ ᠬᠠᠷᠢᠭᠤᠴᠠᠵᠤ᠂ 9 ᠰᠠᠷ᠎ᠠ ᠶᠢᠨ ᠡᠮᠦᠨ᠎ᠡ ᠠᠴᠠ ᠡᠮᠦᠨ᠎ᠡ ᠪᠠᠯᠴᠢᠬᠡᠷ | ᠰᠠᠷᠬᠦᠬᠡᠬᠦ ᠠᠵᠢᠯ ᠤᠨ ᠪᠣᠳᠠᠲᠠᠢ ᠬᠡᠷᠡᠭᠵᠢᠬᠦᠯᠬᠦ ᠲᠥᠰᠥᠯ ᠲᠣᠭᠲᠠᠭᠠᠵᠤ᠂ ᠪᠡᠯᠴᠢᠭᠡᠷ ᠰᠡᠷᠭᠦᠭᠡᠬᠦ ᠠᠯᠪᠠᠨ ᠵᠠᠷᠯᠠᠯ ᠢ | ᠨᠡᠶᠢᠲᠡᠯᠡᠵᠦ᠂ ᠪᠠᠯᠴᠢᠬᠡᠷ ᠰᠠᠷᠬᠦᠬᠡᠬᠦ ᠬᠦᠷᠢᠶ᠎ᠡ ᠬᠡᠪᠴᠢᠶ᠎ᠡ ᠪᠠ ᠴᠠᠭ ᠤᠨ ᠬᠢᠵᠠᠭᠠᠷ᠂ ᠬᠠᠷᠢᠭᠤᠴᠠᠯᠭ᠎ᠠ᠂ ᠠᠵᠢᠯ ᠤᠨ | ᠬᠤᠪᠢᠶᠠᠷᠢᠯᠠᠯ᠂ ᠬᠢᠨᠠᠨ ᠬᠠᠮᠢᠶᠠᠷᠬᠤ ᠠᠷᠭ᠎ᠠ ᠬᠡᠮᠵᠢᠶ᠎ᠡ ᠵᠡᠷᠭᠡ ᠶᠢ ᠲᠣᠳᠣᠷᠬᠠᠶᠢᠯᠠᠨ᠎ᠠ︔11 ᠰᠠᠷ᠎ᠠ ᠶᠢᠨ | ᠰᠡᠭᠦᠯᠴᠢ ᠠᠴᠠ ᠡᠮᠦᠨ᠎ᠡ᠂ ᠬᠤᠰᠢᠭᠤ᠂ ᠰᠣᠮᠣ ᠪᠠᠯᠭᠠᠰᠤ᠂ ᠭᠠᠴᠠᠭ᠎ᠠ ᠱᠠᠲᠤ ᠳᠠᠷᠠᠭᠠᠯᠠᠨ ᠪᠡᠯᠴᠢᠭᠡᠷ ᠰᠡᠷᠭᠦᠭᠡᠬᠦ | ᠬᠠᠷᠢᠭᠤᠴᠠᠯᠭ᠎ᠠ ᠶᠢᠨ ᠪᠢᠴᠢᠭ ᠲᠤᠭᠲᠠᠬᠤ ᠶᠢᠨ ᠬᠠᠮᠲᠤ ᠪᠡᠯᠴᠢᠭᠡᠷ ᠰᠡᠷᠬᠦᠭᠡᠬᠦ ᠠᠵᠢᠯ ᠤᠨ ᠲᠠᠩᠰᠠ ᠡᠪᠬᠡᠮᠡᠯ | ᠪᠠᠶᠢᠭᠤᠯᠤᠨ᠎ᠠ᠃ ᠲᠥᠷᠦ ᠶᠢᠨ ᠪᠣᠳᠤᠯᠭ᠎ᠠ ᠶᠢᠨ ᠲᠠᠶᠢᠯᠤᠮᠵᠢ ᠪᠠ ᠤᠬᠠᠭᠤᠯᠭ᠎ᠠ ᠶᠢᠨ ᠠᠵᠢᠯ ᠥᠷᠨᠢᠭᠦᠯᠵᠦ᠂ ᠪᠠᠯᠴᠢᠬᠡᠷ | ᠰᠠᠷᠬᠦᠬᠡᠬᠦ ᠳᠦᠷᠢᠮ ᠢ ᠬᠥᠮᠥᠨ ᠪᠦᠬᠦᠨ ᠳᠤ ᠮᠡᠳᠡᠭᠦᠯᠦᠨ᠎ᠡ︔ ᠲᠡᠵᠢᠭᠡᠯ ᠡᠪᠡᠰᠦ ᠪᠣᠷᠳᠤᠭ᠎ᠠ ᠨᠥᠭᠡᠴᠡᠯᠡᠬᠦ᠂ ᠮᠠᠯ ᠤᠨ | ᠤᠤᠭᠤᠬᠤ ᠤᠰᠤ᠂ ᠮᠠᠯ ᠤᠨ ᠬᠦᠳᠡᠯᠭᠡᠭᠡᠨ ᠤ ᠲᠠᠯᠠᠪᠠᠶ᠂ ᠬᠢᠵᠢᠭ ᠭᠡᠮ ᠢ ᠰᠡᠷᠭᠡᠶᠢᠯᠡᠨ ᠵᠠᠰᠠᠬᠤ ᠵᠡᠷᠭᠡ ᠪᠠᠯᠴᠢᠬᠡᠷ | ᠰᠠᠷᠬᠦᠬᠡᠬᠦ ᠪᠠᠲᠤᠯᠠᠭ᠎ᠠ ᠶᠢᠨ ᠠᠵᠢᠯ ᠢ ᠪᠥᠬᠦ ᠲᠠᠯ᠎ᠠ ᠪᠠᠷ ᠲᠣᠬᠢᠷᠠᠭᠤᠯᠤᠨ ᠪᠠᠶᠢᠷᠢᠯᠠᠭᠤᠯᠵᠣ᠂ ᠮᠠᠯᠵᠢᠬᠤ ᠡᠷᠥᠭᠡ ᠶᠢ | ᠵᠣᠬᠢᠶᠠᠨ ᠪᠠᠶᠢᠭᠤᠯᠤᠨ ᠬᠦᠳᠡᠯᠭᠡᠭᠡᠨ ᠤ ᠲᠠᠯᠠᠪᠠᠢ ᠶᠢᠨ ᠫᠠᠶᠢᠰᠠ ᠡᠯᠭᠦᠭᠦᠯᠵᠦ᠂ ᠮᠠᠯᠵᠢᠬᠤ ᠡᠷᠥᠭᠡ ᠶᠢᠨ ᠣᠪᠣᠭ ᠨᠡᠷ᠎ᠡ᠂ | ᠬᠦᠳᠡᠯᠭᠡᠭᠡᠨ ᠤ ᠲᠠᠯᠠᠪᠠᠶ ᠶᠢᠨ ᠲᠥᠷᠪᠡᠨ ᠵᠠᠬ᠎ᠠ᠂ ᠨᠣᠳᠤᠭ ᠪᠡᠯᠴᠢᠭᠡᠷ ᠤᠨ ᠲᠠᠯᠠᠪᠠᠢ᠂ ᠮᠠᠯ ᠤᠨ ᠲᠤᠭ᠎ᠠ ᠲᠣᠯᠣᠭᠠᠢ | ᠵᠡᠷᠭᠡ ᠶᠢ ᠲᠣᠳᠣᠷᠬᠠᠶᠢᠯᠠᠬᠤ ᠬᠡᠷᠡᠭᠲᠡᠢ᠃ ᠳᠠᠷᠠᠭ᠎ᠠ ᠵᠢᠯ ᠤᠨ ᠪᠠᠯᠴᠢᠬᠡᠷ ᠰᠠᠷᠬᠦᠬᠡᠬᠦ ᠠᠵᠢᠯ ᠢ ᠪᠥᠬᠦ ᠲᠠᠯ᠎ᠠ ᠪᠠᠷ | ᠬᠡᠷᠡᠭᠵᠢᠭᠦᠯᠬᠦ ᠳᠤ ᠪᠠᠳᠣ ᠪᠠᠬᠢ ᠰᠠᠭᠤᠷᠢ ᠲᠠᠯᠪᠢᠬᠤ ᠬᠡᠷᠡᠭᠲᠠᠢ᠃ | ⒉ ᠬᠦᠳᠡᠯᠭᠡᠬᠡᠨ ᠤ ᠳᠠᠯᠠᠪᠠᠢ ᠲᠣᠬᠢᠷᠠᠭᠤᠯᠬᠤ᠃ ᠮᠠᠯᠵᠢᠬᠤ ᠡᠷᠦᠬᠡ ᠶᠢᠨ ᠬᠢᠨᠠᠨ ᠲᠣᠭᠲᠠᠭᠠᠭᠰᠠᠨ | ᠪᠡᠯᠴᠢᠭᠡᠷ ᠤᠨ ᠳᠠᠭᠠᠭᠠᠴᠠ ᠪᠠᠷ ᠰᠠᠭᠤᠷᠢ ᠲᠤᠭ᠎ᠠ ᠪᠣᠯᠭᠠᠵᠤ᠂ ᠪᠡᠯᠴᠢᠭᠡᠷ ᠰᠡᠷᠬᠦᠭᠡᠬᠦ ᠬᠤᠭᠤᠴᠠᠭᠠᠨ ᠳᠠᠬᠢ | ᠬᠦᠳᠡᠯᠭᠡᠭᠡᠨ ᠤ ᠲᠠᠯᠠᠪᠠᠶ ᠨᠢ ᠨᠢᠭᠡ ᠬᠤᠨᠢ 20 ᠲᠡᠭᠰᠢ ᠳᠥᠷᠪᠡᠯᠵᠢᠨ ᠮᠧᠲᠷ ᠠᠴᠠ ᠬᠡᠳᠣᠷᠡᠬᠦᠯᠵᠣ ᠪᠣᠯᠬᠤ ᠦᠭᠡᠢ᠂ | ᠬᠦᠳᠡᠯᠭᠡᠭᠡᠨ ᠤ ᠲᠠᠯᠠᠪᠠᠶ ᠶᠢ ᠫᠧᠩ ᠬᠤᠷᠤᠭ᠎ᠠ ᠠᠴᠠ ᠪᠠᠨ ᠣᠶᠢᠷᠠᠯᠴᠠᠭ᠎ᠠ ᠪᠠᠶᠢᠷᠢᠯᠠᠭᠤᠯᠵᠣ ᠢᠯᠡᠷᠬᠡᠢ ᠫᠠᠶᠢᠰᠠ | ᠡᠯᠬᠦᠵᠣ ᠳᠣᠳᠣᠷᠬᠠᠶᠢᠯᠠᠬᠤ ᠬᠡᠷᠡᠭᠲᠡᠢ᠃ ᠮᠠᠨ ᠤ ᠬᠤᠰᠢᠭᠤᠨ ᠤ ᠮᠠᠯᠵᠢᠬᠤ ᠦᠢᠯᠡᠳᠪᠦᠷᠢᠯᠡᠯ ᠤᠨ ᠬᠤᠷᠠᠭ᠎ᠠ ᠰᠠᠯᠭᠠᠬᠤ | ᠵᠡᠷᠭᠡ ᠪᠣᠳᠠᠲᠤ ᠬᠡᠷᠡᠭᠴᠡᠭᠡ ᠶᠢ ᠦᠨᠳᠦᠰᠦᠯᠡᠨ᠂ ᠣᠨ ᠤ ᠮᠠᠯ ᠪᠡᠯᠴᠢᠭᠡᠷ ᠤᠨ ᠲᠡᠩᠴᠡᠭᠦᠷᠢ ᠶᠢ ᠪᠠᠳᠣᠯᠠᠬᠤ ᠪᠡᠯᠴᠢᠭᠡᠷ | ᠤᠨ ᠳᠠᠭᠠᠭᠠᠴᠠ ᠶᠢ ᠦᠨᠳᠦᠰᠦᠯᠡᠨ᠂ ᠬᠤᠷᠠᠭ᠎ᠠ ᠬᠦᠬᠦᠬᠦᠯᠬᠦ ᠳᠠᠯᠠᠪᠠᠢ ᠭᠠᠷᠭᠠᠵᠤ ᠪᠣᠯᠣᠨ᠎ᠠ᠂ ᠬᠤᠷᠠᠭ᠎ᠠ ᠲᠠᠢ ᠬᠤᠨᠢ | ᠪᠦᠷᠢ ︵ᠡᠬᠡ ᠬᠤᠨᠢ ᠪᠠ ᠬᠤᠷᠠᠭ᠎ᠠ︶ 0.5 ᠮᠣ᠋ ᠠᠴᠠ ᠬᠡᠳᠣᠷᠠᠬᠦ ᠦᠬᠡᠢ᠂ ᠬᠤᠷᠠᠭ᠎ᠠ ᠬᠦᠬᠦᠬᠦᠯᠬᠦ ᠴᠠᠭ᠄ ᠡᠳᠣᠷ | ᠪᠦᠷᠢ ᠶᠢᠨ ᠦᠳᠠ ᠶᠢᠨ ᠡᠮᠣᠨᠠᠬᠢ 9᠄ 00 — 11᠄ 00᠂ ᠦᠳᠠ ᠶᠢᠨ ᠬᠤᠶᠢᠨᠠᠬᠢ 2᠄ 00 — 4 | ᠄ 00᠃ ᠬᠦᠳᠡᠯᠭᠡᠭᠡᠨ ᠤ ᠲᠠᠯᠠᠪᠠᠶ ᠳᠤ ᠬᠤᠳᠳᠤᠭ ᠦᠭᠡᠢ ᠪᠡᠯᠴᠢᠭᠡᠷ ᠰᠡᠷᠬᠦᠭᠡᠬᠦ ᠡᠷᠦᠬᠡ ᠶᠢᠨ ᠮᠠᠯ ᠣᠰᠣᠯᠠᠬᠤ ᠵᠠᠮ | ᠭᠠᠷᠭᠠᠬᠤ ᠶᠢ ᠵᠥᠪᠰᠢᠶᠡᠷᠡᠵᠦ᠂ ᠥᠷᠭᠡᠨ ᠤ ᠬᠡᠮᠵᠢᠶ᠎ᠡ ᠶᠢ 100 ᠮᠧᠲᠷ ᠠᠴᠠ ᠬᠡᠲᠦᠷᠡᠭᠦᠯᠵᠦ ᠪᠣᠯᠬᠤ ᠦᠭᠡᠢ᠃ | ᠡᠭᠦᠨ ᠤ ᠬᠠᠮᠲᠤ ᠳᠥᠷᠪᠡᠨ ᠵᠠᠬ᠎ᠠ ᠶᠢᠨ ᠵᠠᠭᠠᠭ ᠬᠢᠵᠠᠭᠠᠷ᠂ ᠣᠰᠣᠯᠠᠯᠲᠠ ᠶᠢᠨ ᠵᠠᠮ ᠢ ᠵᠦᠢ ᠵᠣᠬᠢᠰᠲᠠᠢ | ᠪᠠᠶᠢᠷᠢᠯᠠᠭᠤᠯᠬᠤ ᠶᠢᠨ ᠬᠠᠮᠲᠤ ᠫᠠᠶᠢᠰᠠ ᠡᠯᠬᠦᠵᠣ ᠲᠣᠳᠣᠷᠬᠠᠶᠢᠯᠠᠬᠤ ᠬᠡᠷᠡᠭᠲᠡᠢ᠃ ᠪᠡᠯᠴᠢᠭᠡᠷ ᠰᠡᠷᠬᠦᠬᠡᠬᠦ ᠡᠷᠦᠬᠡ ᠶᠢᠨ | ᠮᠠᠯ ᠣᠰᠣᠯᠠᠬᠤ᠂ ᠪᠣᠷᠳᠤᠭ᠎ᠠ ᠦᠭᠬᠦ ᠵᠡᠷᠭᠡ ᠰᠢᠯᠲᠠᠭ ᠢᠶᠠᠷ ᠬᠦᠳᠡᠯᠭᠡᠭᠡᠨ ᠤ ᠳᠠᠯᠠᠪᠠᠢ ᠠᠴᠠ ᠭᠠᠳᠠᠨᠠᠬᠢ ᠪᠠᠶᠢᠭᠠᠯᠢᠯᠢᠭ | ᠪᠡᠯᠴᠢᠭᠡᠷ ᠲᠤ ᠪᠡᠯᠴᠢᠭᠡᠷᠯᠡᠬᠦᠯᠬᠦ ᠶᠢ ᠴᠢᠩᠭ᠎ᠠ ᠴᠠᠭᠠᠵᠠᠯᠠᠵᠤ᠂ ᠡᠪᠡᠰᠣᠨ ᠤ ᠣᠷᠭᠤᠯᠲᠠ ᠶᠢ ᠦᠨᠡᠨᠬᠦ ᠪᠠᠲᠤᠯᠠᠬᠤ | ᠬᠡᠷᠡᠭᠲᠡᠢ᠃ | ⒊ᠡᠪᠡᠰᠦ ᠪᠣᠷᠳᠤᠭ᠎ᠠ ᠨᠦᠬᠡᠴᠡᠯᠡᠬᠦ ᠠᠵᠢᠯ ᠢ ᠰᠠᠶᠢᠲᠤᠷ ᠬᠢᠬᠦ ᠬᠡᠷᠡᠭᠲᠡᠢ᠃ ᠡᠯ᠎ᠡ ᠰᠤᠮᠤ ᠪᠠᠯᠭᠠᠰᠤ ︵ᠲᠠᠯᠠᠪᠠᠶ | ︶ ᠶᠢᠨ ᠠᠷᠠᠳ ᠤᠨ ᠵᠠᠰᠠᠭ ᠤᠨ ᠣᠷᠳᠣᠨ ᠨᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠲᠡᠵᠢᠭᠡᠯ ᠡᠪᠡᠰᠦ | ᠪᠣᠷᠳᠤᠭ᠎ᠠ ᠶᠢ ᠨᠥᠭᠡᠴᠡᠯᠡᠬᠦ ᠠᠵᠢᠯ ᠢ ᠦᠨᠡᠨᠬᠦ ᠴᠢᠩᠭᠠᠳᠬᠠᠨ᠂ ᠬᠤᠨᠢᠴᠢᠯᠠᠭᠰᠠᠨ ᠨᠢᠭᠡᠴᠢ ᠨᠢᠭᠡᠪᠦᠷᠢ ᠳᠤ ᠡᠳᠦᠷ | ᠪᠦᠷᠢ 1.8 ᠺᠢᠯᠣᠭ᠍ᠷᠠᠮ ᠤᠨ ᠪᠠᠷᠢᠮᠵᠢᠶ᠎ᠠ ᠪᠠᠷ᠂ ᠪᠡᠯᠴᠢᠭᠡᠷ ᠰᠡᠷᠭᠦᠭᠡᠵᠦ ᠳᠠᠭᠤᠰᠬᠤ ᠪᠣᠯᠲᠠᠯᠠᠬᠢ ᠲᠡᠵᠢᠭᠡᠯ ᠡᠪᠡᠰᠦ | ᠪᠣᠷᠳᠣᠭᠠᠨ ᠤ ᠬᠡᠷᠡᠭᠴᠡᠭᠡ ᠱᠠᠭᠠᠷᠳᠠᠯᠭ᠎ᠠ ᠶᠢᠨ ᠶᠡᠷᠦᠩᠬᠡᠢ ᠬᠡᠮᠵᠢᠶ᠎ᠡ ᠶᠢ ᠰᠢᠨᠵᠢᠯᠡᠬᠦ ᠤᠬᠠᠭᠠᠨᠴᠢ ᠪᠠᠷ ᠪᠤᠳᠤᠵᠤ᠂ | ᠬᠦᠷᠦᠯᠴᠡᠬᠦ ᠦᠭᠡᠢ ᠬᠡᠰᠡᠭ ᠲᠤ ᠳᠣᠲᠣᠭᠠᠳᠤ ᠳᠠᠭᠠᠨ ᠲᠣᠬᠢᠷᠠᠭᠤᠯᠬᠤ ᠪᠠ ᠭᠠᠳᠠᠭᠠᠳᠤ ᠠᠴᠠ ᠲᠣᠬᠢᠷᠠᠭᠤᠯᠬᠤ ᠵᠡᠷᠭᠡ | ᠠᠷᠭ᠎ᠠ ᠬᠡᠮᠵᠢᠶ᠎ᠡ ᠠᠪᠴᠤ ᠪᠠᠲᠤᠯᠠᠭ᠎ᠠ ᠲᠠᠢ ᠪᠣᠯᠭᠠᠬᠤ ᠬᠡᠷᠡᠭᠲᠡᠢ᠃ ᠵᠢᠯ ᠪᠦᠷᠢ ᠶᠢᠨ ᠡᠪᠡᠰᠦ ᠪᠡᠯᠴᠢᠭᠡᠷ ᠤᠨ | ᠨᠥᠭᠡᠴᠡᠯᠡᠯᠲᠡ ᠶᠢᠨ ᠤᠯᠠᠷᠢᠯ ᠠᠴᠠ ᠡᠬᠢᠯᠡᠵᠦ᠂ ᠬᠤᠰᠢᠭᠤ ᠲᠠᠷᠢᠶᠠᠯᠠᠩ ᠮᠠᠯ ᠠᠵᠤ ᠠᠬᠤᠢ ᠬᠢᠭᠡᠳ ᠰᠢᠨᠵᠢᠯᠡᠬᠦ | ᠤᠬᠠᠭᠠᠨ ᠲᠧᠭᠨᠢᠭ ᠮᠡᠷᠭᠡᠵᠢᠯ᠂ ᠣᠶ ᠰᠢᠭᠤᠢ ᠡᠪᠡᠰᠦ ᠪᠡᠯᠴᠢᠭᠡᠷ ᠵᠡᠷᠭᠡ ᠰᠠᠯᠠᠭ᠎ᠠ ᠮᠥᠴᠢᠷ ᠠᠴᠠ ᠬᠠᠮᠲᠤᠷᠠᠭᠰᠠᠨ | ᠪᠠᠶᠢᠴᠠᠭᠠᠬᠤ ᠳᠤᠭᠤᠶᠢᠯᠠᠩ ᠪᠠᠶᠢᠭᠤᠯᠵᠤ᠂ ᠡᠯ᠎ᠡ ᠭᠠᠵᠠᠷ ᠲᠤ ᠭᠦᠨᠵᠡᠭᠡᠶᠢᠷᠡᠨ ᠰᠤᠮᠤ ᠪᠠᠯᠭᠠᠰᠤ᠂ ᠭᠠᠴᠠᠭᠠᠨ ᠤ ᠡᠪᠡᠰᠦ | ᠪᠣᠷᠳᠤᠭ᠎ᠠ ᠶᠢᠨ ᠨᠥᠭᠡᠴᠡᠯᠡᠯᠲᠡ ᠶᠢᠨ ᠪᠠᠶᠢᠳᠠᠯ ᠳᠤ ᠪᠠᠶᠢᠴᠠᠭᠠᠯᠲᠠ ᠬᠢᠵᠦ᠂ ᠮᠠᠯᠵᠢᠬᠤ ᠡᠷᠦᠬᠡ ᠶᠢᠨ | ᠨᠥᠭᠡᠴᠡᠯᠡᠯᠲᠡ ᠶᠢᠨ ᠪᠠᠶᠢᠳᠠᠯ ᠳᠤ ᠰᠤᠭᠤᠴᠢᠨ ᠪᠠᠶᠢᠴᠠᠭᠠᠯᠲᠠ ᠬᠢᠬᠦ ᠬᠡᠷᠡᠭᠲᠡᠢ᠃ | ︵ᠬᠤᠶᠠᠷ︶ ᠪᠣᠳᠠᠲᠠᠢ ᠬᠡᠷᠡᠭᠵᠢᠭᠦᠯᠬᠦ ᠱᠠᠲᠤ ︵ᠵᠢᠯ ᠪᠦᠷᠢ ᠶᠢᠨ 2022 ᠣᠨ ᠤ 4 ᠰᠠᠷ᠎ᠠ ᠶᠢᠨ 5 ᠤ | ᠡᠳᠦᠷ ᠠᠴᠠ 5 ᠰᠠᠷ᠎ᠠ ᠶᠢᠨ 19 ᠤ ᠡᠳᠦᠷ ᠪᠣᠯᠲᠠᠯ᠎ᠠ︶᠃ ᠡᠯ᠎ᠡ ᠰᠤᠮᠤ ᠪᠠᠯᠭᠠᠰᠤᠨ ᠤ ᠠᠷᠠᠳ ᠤᠨ ᠵᠠᠰᠠᠭ ᠤᠨ | ᠣᠷᠳᠤᠨ ᠪᠠ ᠭᠠᠴᠠᠭᠠᠨ ᠤ ︽ᠬᠤᠶᠠᠷ ᠵᠥᠪᠯᠡᠯ︾ ᠤᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠪᠥᠬᠦ ᠲᠠᠯ᠎ᠠ ᠪᠠᠷ | ᠨᠠᠶᠢᠳᠠᠪᠤᠷᠢᠵᠢᠭᠤᠯᠵᠤ᠂ ᠬᠠᠪᠤᠷ ᠤᠨ ᠤᠯᠠᠷᠢᠯ ᠤᠨ ᠣᠷᠭᠤᠯᠲᠠ ᠶᠢᠨ ᠬᠤᠭᠤᠴᠠᠭᠠᠨ ᠳᠤ ᠪᠠᠯᠴᠢᠬᠡᠷ ᠰᠠᠷᠬᠦᠬᠡᠬᠦ | ᠳᠦᠷᠢᠮ ᠢ ᠴᠢᠩᠭ᠎ᠠ ᠬᠡᠷᠡᠭᠵᠢᠭᠦᠯᠬᠦ ᠬᠡᠷᠡᠭᠲᠡᠢ᠃ ᠬᠤᠰᠢᠭᠤ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠪᠣᠯᠣᠨ | ᠰᠤᠮᠤ ᠪᠠᠯᠭᠠᠰᠤᠨ ᠤ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠬᠠᠤᠯᠢ ᠬᠡᠷᠡᠭᠵᠢᠬᠦᠯᠵᠣ ᠬᠢᠨᠠᠨ ᠬᠠᠮᠢᠶᠠᠷᠬᠤ ᠪᠠᠨ | ᠦᠨᠡᠨᠬᠦ ᠴᠢᠩᠭᠠᠳᠬᠠᠵᠤ᠂ ᠲᠣᠭᠲᠠᠭᠠᠯ ᠠᠴᠠ ᠵᠦᠷᠢᠴᠡᠭᠰᠡᠨ ᠦᠶᠯᠡ ᠠᠵᠢᠯᠯᠠᠭ᠎ᠠ ᠶᠢ ᠬᠠᠤᠯᠢ ᠶᠣᠰᠣᠭᠠᠷ ᠪᠠᠶᠢᠴᠠᠭᠠᠨ | ᠰᠢᠢᠳᠪᠦᠷᠢᠯᠡᠬᠦ ᠬᠡᠷᠡᠭᠲᠠᠢ᠃ | ︵ᠭᠤᠷᠪᠠ︶ ᠬᠢᠨᠠᠨ ᠬᠡᠮᠵᠢᠵᠦ ᠳ᠋ᠦᠩᠨᠡᠯᠲᠡ ᠬᠢᠬᠦ ᠱᠠᠲᠤ ︵ᠵᠢᠯ ᠪᠦᠷᠢ ᠶᠢᠨ 2022 ᠣᠨ ᠤ 5 ᠰᠠᠷ᠎ᠠ ᠶᠢᠨ | 20 ᠤ ᠡᠳᠦᠷ ᠠᠴᠠ 9 ᠰᠠᠷ᠎ᠠ ᠶᠢᠨ ᠰᠡᠭᠦᠯᠴᠢ ᠪᠣᠯᠲᠠᠯ᠎ᠠ︶᠃ ᠬᠤᠰᠢᠭᠤ ᠣᠶ ᠰᠢᠭᠤᠢ ᠪᠠ ᠨᠤᠲᠤᠭ ᠪᠡᠯᠴᠢᠭᠡᠷ ᠤᠨ | ᠲᠣᠪᠴᠢᠶ᠎ᠠ ᠨᠢ ᠪᠠᠯᠴᠢᠬᠡᠷ ᠰᠡᠷᠬᠦᠭᠡᠭᠰᠡᠨ ᠦᠷ᠎ᠡ ᠪᠦᠲᠦᠮᠵᠢ᠂ ᠡᠪᠡᠰᠦᠨ ᠤ ᠣᠷᠭᠤᠯᠲᠠ ᠶᠢᠨ ᠪᠠᠶᠢᠳᠠᠯ ᠵᠢᠴᠢ | ᠪᠠᠶᠢᠭᠠᠯᠢ ᠶᠢᠨ ᠭᠠᠮᠰᠢᠭ ᠤᠨ ᠬᠥᠳᠡᠯᠦᠩᠭᠦᠢ ᠬᠤᠪᠢᠷᠠᠯᠲᠠ ᠶᠢᠨ ᠬᠠᠨᠳᠤᠰᠢ ᠶᠢ ᠴᠠᠭ ᠲᠤᠬᠠᠢ ᠳᠤᠨᠢ ᠡᠵᠡᠮᠰᠢᠵᠦ᠂ | ᠨᠤᠲᠤᠭ ᠪᠡᠯᠴᠢᠭᠡᠷ ᠢ ᠰᠢᠨᠵᠢᠯᠡᠬᠦ ᠤᠬᠠᠭᠠᠨᠴᠢ ᠪᠠᠷ ᠠᠰᠢᠭᠯᠠᠬᠤ ᠵᠢᠴᠢ ᠠᠮᠢ ᠠᠬᠤᠢ ᠶᠢᠨ ᠪᠦᠲᠦᠭᠡᠨ | ᠪᠠᠶᠢᠭᠤᠯᠤᠯᠲᠠ ᠶᠢᠨ ᠲᠥᠷᠥᠯ ᠵᠦᠢᠯ ᠢ ᠬᠡᠷᠡᠭᠵᠢᠭᠦᠯᠬᠦ ᠳᠤ ᠪᠠᠳᠣᠳᠠᠢ ᠦᠨᠳᠦᠰᠦ ᠪᠠᠷᠢᠮᠲᠠ ᠬᠠᠩᠭᠠᠬᠤ ᠶᠢᠨ ᠬᠠᠮᠲᠤ | ᠣᠨ ᠤ ᠳ᠋ᠦᠩᠨᠡᠯᠲᠡ ᠶᠢᠨ ᠠᠵᠢᠯ ᠢᠶᠠᠨ ᠰᠠᠶᠢᠲᠤᠷ ᠬᠢᠬᠦ ᠬᠡᠷᠡᠭᠲᠠᠢ᠃ | ᠲᠠᠪᠤ᠂ ᠠᠵᠢᠯ ᠤᠨ ᠱᠠᠭᠠᠷᠳᠠᠯᠭ᠎ᠠ | ︵ᠨᠢᠭᠡ︶ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠬᠤ ᠬᠡᠷᠡᠭᠲᠡᠢ᠃ ᠪᠥᠬᠦ | ᠬᠤᠰᠢᠭᠤᠨ ᠤ ᠭᠤᠷᠪᠠᠳᠤᠭᠠᠷ ᠡᠭᠡᠯᠵᠢ ᠶᠢᠨ ᠨᠤᠲᠤᠭ ᠪᠡᠯᠴᠢᠭᠡᠷ ᠤᠨ ᠠᠮᠢ ᠠᠬᠤᠢ ᠶᠢᠨ ᠬᠠᠮᠠᠭᠠᠯᠠᠯᠲᠠ ᠶᠢᠨ | ᠨᠥᠬᠦᠪᠦᠷᠢ ᠱᠠᠩᠨᠠᠯ ᠤᠨ ᠲᠥᠷᠥ ᠶᠢᠨ ᠪᠣᠳᠣᠯᠭ᠎ᠠ ᠶᠢ ᠬᠡᠷᠡᠭᠵᠢᠭᠦᠯᠬᠦ ᠠᠵᠢᠯ ᠤᠨ ᠤᠳᠤᠷᠢᠳᠬᠤ ᠳᠤᠭᠤᠶᠢᠯᠠᠩ ᠠᠴᠠ | ᠪᠥᠬᠦ ᠬᠤᠰᠢᠭᠤᠨ ᠤ ᠪᠡᠯᠴᠢᠭᠡᠷ ᠰᠡᠷᠭᠦᠭᠡᠬᠦ ᠠᠵᠢᠯ ᠢ ᠨᠢᠭᠡᠳᠦᠯᠲᠡᠢ ᠤᠳᠤᠷᠢᠳᠤᠨ᠎ᠠ᠃ ᠭᠠᠵᠠᠷ ᠤᠨ ᠲᠠᠰ ᠤᠨ | ᠤᠳᠤᠷᠢᠳᠬᠤ ᠺᠠᠳ᠋ᠷ ᠢᠶᠠᠷ ᠰᠤᠮᠤ ᠪᠠᠯᠭᠠᠰᠤ ᠶᠢ ᠳᠠᠭᠠᠭᠠᠴᠢᠯᠠᠭᠤᠯᠬᠤ᠂ ᠰᠠᠯᠠᠭᠠᠨ ᠲᠠᠰ ᠤᠨ ᠺᠠᠳ᠋ᠷ ᠢᠶᠠᠷ ᠭᠠᠴᠠᠭ᠎ᠠ ᠶᠢ | ᠳᠠᠭᠠᠭᠠᠴᠢᠯᠠᠭᠤᠯᠬᠤ ᠠᠵᠢᠯ ᠤᠨ ᠲᠣᠭᠲᠠᠴᠠ ᠶᠢ ᠬᠡᠷᠡᠭᠵᠢᠭᠦᠯᠵᠦ᠂ ᠰᠤᠮᠤ ᠪᠠᠯᠭᠠᠰᠣᠨ ᠤ ᠨᠠᠮ ᠤᠨ ᠬᠤᠷᠢᠶ᠎ᠠ᠂ | ᠵᠠᠰᠠᠭ ᠤᠨ ᠣᠷᠳᠣᠨ ᠪᠣᠯᠣᠨ ᠭᠠᠴᠠᠭᠠᠨ ᠤ ︽ᠬᠤᠶᠠᠷ ᠵᠥᠪᠯᠡᠯ︾ ᠤᠨ ᠦᠢᠯᠡᠳᠦᠯ ᠢ ᠪᠠᠳᠠᠷᠠᠭᠤᠯᠬᠤ ᠶᠢ | ᠣᠨᠴᠠᠭᠠᠶᠢᠯᠠᠨ ᠴᠢᠬᠤᠯᠠᠴᠢᠯᠠᠵᠤ᠂ ᠮᠠᠯᠴᠢᠳ ᠤᠨ ᠣᠬᠠᠮᠰᠠᠷ ᠢ ᠳᠡᠭᠡᠭᠰᠢᠯᠡᠬᠦᠯᠬᠦ ᠬᠡᠷᠡᠭᠲᠡᠢ᠃ ᠡᠯ᠎ᠡ ᠰᠤᠮᠤ ᠪᠠᠯᠭᠠᠰᠤ | ᠨᠢ ᠬᠠᠪᠤᠷ ᠤᠨ ᠤᠯᠠᠷᠢᠯ ᠤᠨ ᠤᠷᠭᠤᠯᠲᠠ ᠶᠢᠨ ᠬᠤᠭᠤᠴᠠᠭᠠᠨ ᠳᠠᠬᠢ ᠪᠡᠯᠴᠢᠭᠡᠷ ᠰᠡᠷᠭᠦᠭᠡᠬᠦ ᠠᠵᠢᠯ ᠢ ᠳᠡᠭᠡᠳᠦ | ᠬᠡᠮᠵᠢᠶ᠎ᠡ ᠪᠠᠷ ᠴᠢᠬᠤᠯᠠᠴᠢᠯᠠᠵᠤ᠂ ᠭᠤᠣᠯ ᠤᠳᠤᠷᠢᠳᠤᠯᠭ᠎ᠠ ᠨᠢ ᠪᠡᠶ᠎ᠡ ᠪᠠᠷ ᠢᠶᠠᠨ ᠳᠠᠶᠢᠴᠢᠯᠠᠨ ᠪᠠᠶᠢᠷᠢᠯᠠᠭᠤᠯᠵᠤ᠂ | ᠪᠡᠶ᠎ᠡ ᠪᠠᠷ ᠢᠶᠠᠨ ᠵᠣᠬᠢᠶᠠᠨ ᠪᠠᠶᠢᠭᠤᠯᠤᠨ ᠠᠬᠢᠭᠤᠯᠵᠤ᠂ ᠪᠡᠶ᠎ᠡ ᠪᠠᠷ ᠢᠶᠠᠨ ᠱᠠᠭᠠᠷᠳᠠᠨ ᠪᠠᠶᠢᠴᠠᠭᠠᠬᠤ ᠬᠡᠷᠡᠭᠲᠡᠢ᠃ | ︵ᠬᠤᠶᠠᠷ︶ ᠬᠠᠷᠢᠭᠤᠴᠠᠯᠭ᠎ᠠ ᠶᠢ ᠴᠢᠩᠭ᠎ᠠ ᠨᠠᠶᠢᠳᠠᠪᠣᠷᠢᠵᠢᠭᠤᠯᠬᠤ ᠬᠡᠷᠡᠭᠲᠡᠢ᠃ ᠡᠯ᠎ᠡ ᠰᠤᠮᠤ ᠪᠠᠯᠭᠠᠰᠤ ᠨᠢ | ᠬᠠᠪᠤᠷ ᠤᠨ ᠤᠯᠠᠷᠢᠯ ᠤᠨ ᠣᠷᠭᠤᠯᠲᠠ ᠶᠢᠨ ᠬᠤᠭᠤᠴᠠᠭᠠᠨ ᠳᠤ ᠪᠡᠯᠴᠢᠭᠡᠷ ᠰᠡᠷᠭᠦᠭᠡᠬᠦ ᠠᠵᠢᠯ ᠤᠨ ᠦᠷ᠎ᠡ ᠪᠦᠲᠦᠮᠵᠢ | ᠵᠢᠴᠢ ᠬᠦᠷᠦᠯᠴᠡᠬᠦ ᠦᠭᠡᠢ ᠲᠠᠯ᠎ᠠ ᠪᠠᠨ ᠨᠠᠷᠢᠨ ᠬᠢᠨᠠᠮᠠᠭᠠᠢ ᠳ᠋ᠦᠩᠨᠡᠵᠦ᠂ ᠪᠡᠯᠴᠢᠭᠡᠷ ᠰᠡᠷᠭᠦᠭᠡᠬᠦ ᠠᠵᠢᠯ ᠤᠨ ᠲᠥᠰᠥᠯ | ᠢᠶᠠᠨ ᠰᠢᠨᠵᠢᠯᠡᠬᠦ ᠤᠬᠠᠭᠠᠨᠴᠢ ᠪᠠᠷ ᠲᠣᠭᠲᠠᠭᠠᠵᠤ᠂ ᠪᠡᠯᠴᠢᠭᠡᠷ ᠰᠡᠷᠭᠦᠭᠡᠬᠦ ᠠᠵᠢᠯ ᠤᠨ ᠠᠯᠪᠠᠨ ᠵᠠᠷᠯᠠᠯ ᠨᠡᠶᠢᠲᠡᠯᠡᠵᠦ᠂ | ᠪᠡᠯᠴᠢᠭᠡᠷ ᠰᠡᠷᠭᠦᠭᠡᠬᠦ ᠬᠡᠪᠴᠢᠶ᠎ᠡ᠂ ᠡᠬᠢᠯᠡᠵᠣ ᠳᠠᠭᠤᠰᠬᠤ ᠴᠠᠭ᠂ ᠨᠥᠬᠦᠪᠦᠷᠢ ᠲᠠᠷᠬᠠᠭᠠᠬᠤ ᠵᠢᠴᠢ ᠬᠠᠷᠢᠭᠤᠴᠠᠯᠭ᠎ᠠ ᠶᠢ | ᠨᠠᠶᠢᠳᠠᠪᠤᠷᠢᠵᠢᠭᠤᠯᠬᠤ᠂ ᠬᠢᠨᠠᠨ ᠬᠠᠮᠢᠶᠠᠷᠬᠤ ᠠᠷᠭ᠎ᠠ ᠬᠡᠮᠵᠢᠶ᠎ᠡ ᠵᠡᠷᠭᠡ ᠶᠢ ᠲᠣᠳᠣᠷᠬᠠᠶᠢᠯᠠᠬᠤ ᠬᠡᠷᠡᠭᠲᠡᠢ᠃ ᠡᠯ᠎ᠡ | ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠡᠭᠦᠷᠭᠡ ᠬᠠᠷᠢᠭᠤᠴᠠᠯᠭ᠎ᠠ ᠪᠠ ᠠᠵᠢᠯ ᠤᠨ ᠬᠤᠪᠢᠶᠠᠷᠢᠯᠠᠯ ᠶᠣᠰᠣᠭᠠᠷ | ᠬᠠᠮᠢᠶ᠎ᠠ ᠪᠦᠬᠦᠢ ᠪᠠᠲᠤᠯᠠᠬᠤ᠂ ᠵᠢᠯᠤᠭᠤᠳᠬᠤ ᠪᠠ ᠬᠢᠨᠠᠨ ᠬᠠᠮᠢᠶᠠᠷᠬᠤ ᠠᠵᠢᠯ ᠢ ᠰᠠᠶᠢᠲᠤᠷ ᠬᠢᠬᠦ ᠬᠡᠷᠡᠭᠲᠡᠢ᠃ | ᠬᠤᠰᠢᠭᠤ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠶᠢᠨ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ᠂ ᠡᠯ᠎ᠡ | ᠰᠤᠮᠤ ᠪᠠᠯᠭᠠᠰᠤ ᠶᠢᠨ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠠᠴᠠ ᠬᠠᠤᠯᠢ ᠬᠡᠷᠡᠭᠵᠢᠬᠦᠯᠵᠣ ᠬᠢᠨᠠᠯᠲᠠ ᠲᠠᠯᠪᠢᠬᠤ ᠶᠢ | ᠬᠠᠷᠢᠭᠤᠴᠠᠨ᠎ᠠ᠃ ᠬᠤᠰᠢᠭᠤ ᠣᠶ ᠰᠢᠭᠤᠢ ᠪᠠ ᠨᠤᠲᠤᠭ ᠪᠡᠯᠴᠢᠭᠡᠷ ᠤᠨ ᠰᠠᠯᠠᠭ᠎ᠠ ᠮᠥᠴᠢᠷ ᠨᠢ ᠬᠢᠨᠠᠯᠲᠠ ᠲᠠᠯᠪᠢᠬᠤ | ᠵᠢᠴᠢ ᠨᠤᠲᠤᠭ ᠪᠡᠯᠴᠢᠭᠡᠷ ᠲᠤ ᠬᠥᠳᠡᠯᠦᠩᠭᠦᠢ ᠬᠢᠨᠠᠨ ᠬᠡᠮᠵᠢᠯᠲᠡ ᠬᠢᠬᠦ ᠠᠵᠢᠯ ᠢ ᠬᠠᠷᠢᠭᠤᠴᠠᠨ᠎ᠠ᠃ ᠬᠤᠰᠢᠭᠤ | ᠡᠳ᠋ ᠤᠨ ᠵᠠᠰᠠᠭ ᠤᠨ ᠰᠠᠯᠠᠭ᠎ᠠ ᠮᠥᠴᠢᠷ ᠨᠢ ᠪᠡᠯᠡ ᠮᠥᠩᠭᠦ ᠶᠢ ᠬᠠᠮᠢᠶᠠᠷᠬᠤ ᠪᠠ ᠲᠠᠷᠬᠠᠭᠠᠬᠤ ᠠᠵᠢᠯ ᠢ ᠬᠠᠷᠢᠭᠤᠴᠠᠨ᠎ᠠ | ᠃ ᠬᠤᠰᠢᠭᠤ ᠲᠠᠷᠢᠶᠠᠯᠠᠩ ᠮᠠᠯ ᠠᠵᠣ ᠠᠬᠤᠢ ᠪᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠂ ᠤᠰᠤᠨ | ᠠᠰᠢᠭᠯᠠᠯᠲᠠ ᠶᠢᠨ ᠰᠠᠯᠠᠭ᠎ᠠ ᠮᠥᠴᠢᠷ ᠨᠢ ᠬᠢᠵᠢᠭ ᠭᠡᠮ ᠢ ᠰᠡᠷᠭᠡᠶᠢᠯᠡᠨ ᠵᠠᠰᠠᠬᠤ᠂ ᠡᠪᠡᠰᠦ ᠪᠣᠷᠳᠤᠭ᠎ᠠ ᠨᠥᠭᠡᠴᠡᠯᠡᠬᠦ᠂ | ᠣᠣᠭᠤᠬᠤ ᠤᠰᠤᠨ ᠤ ᠪᠠᠲᠤᠯᠠᠭ᠎ᠠ ᠵᠢᠴᠢ ᠮᠡᠷᠭᠡᠵᠢᠯ ᠤᠨ ᠵᠢᠯᠣᠭᠤᠳᠤᠯᠭ᠎ᠠ ᠬᠢᠬᠦ ᠶᠢ ᠬᠠᠷᠢᠭᠤᠴᠠᠨ᠎ᠠ᠃ ᠬᠤᠰᠢᠭᠤ | ᠨᠠᠮ ᠤᠨ ᠬᠤᠷᠢᠶ᠎ᠠ ᠶᠢᠨ ᠤᠬᠠᠭᠤᠯᠬᠤ ᠭᠡᠯᠳᠡᠰ ᠠᠴᠠ ᠪᠡᠯᠴᠢᠭᠡᠷ ᠰᠡᠷᠭᠦᠭᠡᠬᠦ ᠠᠵᠢᠯ ᠢ ᠤᠬᠠᠭᠤᠯᠤᠨ ᠮᠡᠳᠡᠭᠡᠯᠡᠬᠦ ᠪᠠ | ᠵᠥᠪ ᠪᠠ ᠨᠠᠵᠠᠭᠠᠢ ᠲᠠᠯ᠎ᠠ ᠶᠢᠨ ᠨᠡᠶᠢᠲᠡᠯᠢᠭ ᠵᠢᠱᠢᠶ᠎ᠡ ᠪᠠᠷ ᠣᠬᠠᠭᠤᠯᠬᠤ ᠠᠵᠢᠯ ᠢ ᠬᠠᠷᠢᠭᠤᠴᠠᠨ᠎ᠠ᠃ | ︵ᠭᠤᠷᠪᠠ︶ ᠦᠨᠳᠦᠰᠦᠨ ᠪᠠᠲᠤᠯᠠᠭ᠎ᠠ ᠶᠢ ᠰᠠᠶᠢᠲᠤᠷ ᠬᠢᠬᠦ ᠬᠡᠷᠡᠭᠲᠠᠢ᠃ ᠡᠯ᠎ᠡ ᠰᠤᠮᠤ ᠪᠠᠯᠭᠠᠰᠤ ᠠᠴᠠ | ᠳᠠᠭᠠᠭᠤᠯᠵᠣ᠂ ᠬᠠᠮᠢᠶ᠎ᠠ ᠪᠦᠬᠦᠢ ᠰᠠᠯᠠᠭ᠎ᠠ ᠮᠥᠴᠢᠷ ᠬᠠᠮᠵᠢᠯᠴᠠᠨ᠂ ᠡᠪᠡᠰᠦ ᠪᠣᠷᠳᠤᠭ᠎ᠠ ᠨᠥᠭᠡᠴᠡᠯᠡᠬᠦ᠂ ᠮᠠᠯ ᠤᠨ | ᠬᠦᠳᠡᠯᠭᠡᠭᠡᠨ ᠤ ᠲᠠᠯᠠᠪᠠᠢ ᠪᠠᠶᠢᠷᠢᠯᠠᠭᠤᠯᠬᠤ ᠵᠢᠴᠢ ᠬᠤᠳᠳᠤᠭ᠂ ᠣᠰᠣᠯᠠᠯᠲᠠ ᠶᠢᠨ ᠵᠠᠮ ᠪᠠ ᠳᠡᠵᠢᠭᠡᠬᠦ | ᠲᠥᠬᠦᠭᠡᠷᠦᠮᠵᠢ ᠵᠡᠷᠭᠡ ᠪᠠᠲᠤᠯᠠᠭ᠎ᠠ ᠶᠢᠨ ᠠᠵᠢᠯ ᠢ ᠨᠢᠭᠡᠳᠦᠯᠲᠡᠢ ᠲᠥᠯᠥᠪᠯᠡᠨ ᠰᠠᠶᠢᠲᠤᠷ ᠬᠢᠬᠦ ᠬᠡᠷᠡᠭᠲᠡᠢ᠃ ᠠᠮᠢᠳᠠᠨ ᠤ | ᠬᠢᠵᠢᠭ ᠭᠡᠮ ᠢ ᠰᠡᠷᠭᠡᠶᠢᠯᠡᠬᠦ ᠲᠥᠰᠥᠯ ᠢ ᠲᠣᠭᠲᠠᠭᠠᠵᠤ᠂ ᠬᠢᠵᠢᠭ ᠭᠡᠮ ᠢ ᠰᠡᠷᠭᠡᠶᠢᠯᠡᠬᠦ ᠡᠮ ᠤᠨ ᠵᠦᠢᠯ ᠢ ᠪᠦᠷᠢᠨ | ᠭᠦᠢᠴᠡᠳ ᠪᠡᠯᠡᠳᠬᠡᠵᠦ᠂ ᠰᠡᠷᠭᠡᠶᠢᠯᠡᠨ ᠬᠢᠵᠠᠭᠠᠷᠯᠠᠬᠤ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠨ᠂ ᠬᠦᠨᠳᠦ ᠶᠡᠭᠡ | ᠬᠢᠵᠢᠭ ᠤᠨ ᠪᠠᠶᠢᠳᠠᠯ ᠭᠠᠷᠬᠤ ᠦᠭᠡᠢ ᠪᠠᠶᠢᠬᠤ ᠶᠢ ᠦᠨᠡᠨᠬᠦ ᠪᠠᠲᠤᠯᠠᠬᠤ ᠬᠡᠷᠡᠭᠲᠡᠢ᠃ ᠪᠡᠯᠴᠢᠭᠡᠷ ᠰᠡᠷᠭᠦᠭᠡᠬᠦ ᠨᠥᠬᠦᠪᠦᠷᠢ | ᠮᠥᠩᠭᠦ ᠪᠠ ᠠᠵᠢᠯ ᠤᠨ ᠵᠠᠷᠤᠳᠠᠯ ᠢ ᠡᠳ᠋ ᠤᠨ ᠵᠠᠰᠠᠭ ᠤᠨ ᠲᠥᠰᠥᠪ ᠲᠤ ᠣᠷᠣᠭᠤᠯᠵᠤ᠂ ᠪᠡᠯᠡ ᠮᠥᠩᠭᠦ ᠶᠢ ᠴᠠᠭ | ᠲᠤᠬᠠᠢ ᠳᠤᠨᠢ ᠨᠠᠶᠢᠳᠠᠪᠣᠷᠢᠵᠢᠭᠤᠯᠬᠤ ᠶᠢ ᠪᠠᠲᠤᠯᠠᠬᠤ ᠬᠡᠷᠡᠭᠲᠡᠢ᠃ | ︵ᠳᠥᠷᠪᠡ︶ ᠬᠢᠨᠠᠯᠲᠠ ᠬᠠᠮᠢᠶᠠᠷᠤᠯᠲᠠ ᠪᠠᠨ ᠴᠢᠩᠭᠠᠳᠬᠠᠬᠤ ᠬᠡᠷᠡᠭᠲᠠᠢ᠃ ᠬᠤᠰᠢᠭᠤ ᠪᠠᠶᠢᠭᠠᠯᠢ ᠶᠢᠨ ᠡᠬᠢ | ᠪᠠᠶᠠᠯᠢᠭ ᠤᠨ ᠲᠣᠪᠴᠢᠶ᠎ᠠ ᠪᠣᠯᠣᠨ ᠰᠤᠮᠤ ᠪᠠᠯᠭᠠᠰᠤᠨ ᠤ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠰᠠᠯᠠᠭ᠎ᠠ | ᠮᠥᠴᠢᠷ ᠤᠨ ᠴᠢᠳᠠᠪᠤᠷᠢ ᠦᠢᠯᠡᠳᠦᠯ ᠢ ᠭᠦᠢᠴᠡᠳ ᠪᠠᠳᠠᠷᠠᠭᠤᠯᠵᠤ᠂ ᠠᠵᠢᠯᠲᠠᠨ ᠪᠠ ᠵᠠᠮ ᠬᠠᠷᠢᠯᠴᠠᠭᠠᠨ ᠤ ᠪᠠᠭᠠᠵᠢ ᠶᠢ | ᠵᠣᠬᠢᠰᠲᠠᠢ ᠲᠣᠬᠢᠷᠠᠭᠤᠯᠤᠨ᠂ ᠬᠠᠤᠯᠢ ᠬᠡᠷᠡᠭᠵᠢᠭᠦᠯᠵᠦ ᠬᠢᠨᠠᠯᠲᠠ ᠲᠠᠯᠪᠢᠬᠤ ᠡᠷᠴᠢᠮ ᠢᠶᠠᠨ ᠴᠢᠩᠭᠠᠷᠠᠭᠤᠯᠵᠤ᠂ | ᠲᠣᠭᠲᠠᠭᠠᠯ ᠠᠴᠠ ᠵᠥᠷᠢᠴᠡᠨ ᠮᠠᠯ ᠮᠠᠯᠵᠢᠭᠰᠠᠨ ᠠᠵᠢᠯᠯᠠᠭ᠎ᠠ ᠶᠢ ︽ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠮᠠᠯ ᠪᠡᠯᠴᠢᠭᠡᠷ ᠤᠨ ᠲᠡᠩᠴᠡᠭᠦᠷᠢ ᠶᠢ ᠪᠠᠳᠣᠯᠠᠬᠤ ᠪᠠ ᠪᠡᠯᠴᠢᠭᠡᠷᠯᠡᠭᠦᠯᠬᠦ ᠶᠢ ᠴᠠᠭᠠᠵᠠᠯᠠᠬᠤ ᠪᠠ ᠪᠡᠯᠴᠢᠭᠡᠷ | ᠰᠡᠷᠬᠦᠭᠡᠬᠦ ᠳᠦᠷᠢᠮ︾ ︵ᠥᠪᠥᠷ ᠠᠷᠠᠳ ᠪᠠᠶᠢᠩᠭᠤ ᠲᠠᠷᠬᠠᠭᠠᠭᠰᠠᠨ ﹇2021﹈ 53 ᠲᠣᠭᠠᠲᠤ︶ ᠤᠨ ᠭᠤᠴᠢᠨ | ᠲᠠᠪᠤᠳᠤᠭᠠᠷ ᠵᠦᠢᠯ ᠢ ᠦᠨᠳᠦᠰᠦᠯᠡᠨ ᠬᠠᠤᠯᠢ ᠶᠣᠰᠣᠭᠠᠷ ᠴᠢᠩᠭ᠎ᠠ ᠪᠠᠶᠢᠴᠠᠭᠠᠨ ᠰᠢᠢᠳᠪᠦᠷᠢᠯᠡᠬᠦ ᠭᠡᠷᠡᠭᠲᠠᠢ᠃ ᠵᠠᠰᠠᠭ | ᠵᠠᠬᠢᠷᠭᠠᠨ ᠤ ᠬᠠᠤᠯᠢ ᠬᠡᠷᠡᠭᠵᠢᠭᠦᠯᠬᠦ ᠨᠢᠭᠡᠴᠡ ᠪᠣᠯᠣᠨ ᠬᠠᠤᠯᠢ ᠴᠠᠭᠠᠵᠠ ᠶᠢᠨ ᠪᠠᠶᠢᠭᠤᠯᠭ᠎ᠠ ᠶᠢᠨ ᠬᠠᠮᠵᠢᠯᠴᠠᠭ᠎ᠠ ᠶᠢ | ᠴᠢᠩᠭᠠᠳᠬᠠᠵᠤ᠂ ᠥᠨᠳᠥᠷ ᠪᠦᠲᠦᠮᠵᠢᠲᠡᠶ᠂ ᠲᠦᠷᠭᠡᠨ ᠳᠦᠳᠡ ᠬᠠᠤᠯᠢ ᠶᠣᠰᠣᠭᠠᠷ ᠰᠢᠢᠳᠪᠦᠷᠢᠯᠡᠬᠦ ᠲᠣᠭᠲᠠᠴᠠ ᠶᠢ | ᠪᠠᠶᠢᠭᠤᠯᠬᠤ ᠬᠡᠷᠡᠭᠲᠠᠢ᠃ ᠲᠤᠰᠬᠠᠢ ᠲᠤᠰᠢᠶᠠᠯᠲᠤ ᠨᠤᠲᠤᠭ ᠪᠡᠯᠴᠢᠭᠡᠷ ᠤᠨ ᠬᠠᠮᠢᠶᠠᠷᠤᠨ ᠬᠠᠮᠠᠭᠠᠯᠠᠭᠴᠢ ᠶᠢᠨ | ᠦᠢᠯᠡᠳᠦᠯ ᠢ ᠭᠦᠢᠴᠡᠳ ᠪᠠᠳᠠᠷᠠᠭᠤᠯᠵᠤ᠂ ᠨᠢᠭᠡᠳᠦᠯᠲᠡᠢ ᠵᠣᠬᠢᠶᠠᠨ ᠪᠠᠶᠢᠭᠤᠯᠤᠨ᠂ ᠴᠢᠩᠭ᠎ᠠ ᠬᠠᠮᠢᠶᠠᠷᠴᠤ ᠲᠣᠭᠲᠠᠮᠠᠯ | ᠬᠤᠭᠤᠴᠠᠭ᠎ᠠ ᠲᠠᠢ ᠪᠠᠷ ᠲᠣᠭᠤᠷᠢᠨ ᠪᠠᠶᠢᠴᠠᠭᠠᠵᠣ᠂ ᠬᠢᠨᠠᠨ ᠬᠠᠮᠢᠶᠠᠷᠬᠤ ᠠᠵᠢᠯ ᠢ ᠪᠣᠳᠠᠲᠠᠢ ᠳᠤ | ᠨᠠᠶᠢᠳᠠᠪᠤᠷᠢᠵᠢᠭᠤᠯᠬᠤ ᠶᠢ ᠦᠨᠡᠨᠬᠦ ᠪᠠᠲᠤᠯᠠᠬᠤ ᠬᠡᠷᠡᠭᠲᠡᠢ᠃ ᠢᠯᠡᠴᠢᠯᠡᠨ ᠮᠡᠳᠡᠭᠦᠯᠬᠦ ᠳᠦᠷᠢᠮ ᠢ ᠪᠠᠶᠢᠭᠤᠯᠵᠤ᠂ | ᠢᠯᠡᠴᠢᠯᠡᠨ ᠮᠡᠳᠡᠭᠦᠯᠬᠦ ᠣᠲᠠᠰᠤ ᠶᠢ ᠨᠡᠶᠢᠲᠡᠯᠡᠵᠦ᠂ ᠬᠠᠤᠯᠢ ᠬᠡᠷᠡᠭᠵᠢᠬᠦᠯᠵᠣ ᠬᠢᠨᠠᠯᠲᠠ ᠲᠠᠯᠪᠢᠬᠤ᠂ ᠨᠡᠶᠢᠭᠡᠮ ᠤᠨ | ᠬᠢᠨᠠᠯᠲᠠ ᠲᠠᠯᠪᠢᠬᠤ᠂ ᠤᠯᠠᠨ ᠲᠦᠮᠡᠨ ᠤ ᠬᠢᠨᠠᠯᠲᠠ ᠲᠠᠯᠪᠢᠬᠤ ᠪᠠ ᠶᠠᠷᠢᠶ᠎ᠠ ᠬᠡᠯᠡᠯᠴᠡᠭᠡᠨ ᠤ ᠬᠢᠨᠠᠯᠲᠠ ᠲᠠᠯᠪᠢᠬᠤ | ᠬᠠᠮᠲᠦ ᠶᠢᠨ ᠬᠦᠴᠦᠨ ᠢ ᠪᠤᠢ ᠪᠣᠯᠭᠠᠬᠤ ᠬᠡᠷᠡᠭᠲᠠᠢ᠃ | ︵ᠲᠠᠪᠤ︶ ᠤᠬᠠᠭᠤᠯᠭ᠎ᠠ ᠶᠢᠨ ᠡᠷᠴᠢᠮ ᠢᠶᠠᠨ ᠴᠢᠩᠭᠠᠷᠠᠭᠤᠯᠬᠤ ᠭᠡᠷᠡᠭᠲᠠᠢ᠃ ᠬᠤᠰᠢᠭᠤ ᠨᠠᠮ ᠤᠨ | ᠬᠤᠷᠢᠶ᠎ᠠ ᠶᠢᠨ ᠤᠬᠠᠭᠤᠯᠬᠤ ᠬᠡᠯᠲᠡᠰ ᠪᠣᠯᠣᠨ ᠬᠤᠰᠢᠭᠤ ᠣᠶ ᠰᠢᠭᠤᠢ ᠨᠣᠲᠤᠭ ᠪᠡᠯᠴᠢᠭᠡᠷ ᠤᠨ ᠲᠣᠪᠴᠢᠶ᠎ᠠ ᠨᠢ | ᠬᠠᠮᠢᠶ᠎ᠠ ᠪᠦᠬᠦᠢ ᠰᠠᠯᠠᠭ᠎ᠠ ᠮᠥᠴᠢᠷ ᠢ ᠵᠣᠬᠢᠶᠠᠨ ᠪᠠᠶᠢᠭᠤᠯᠵᠤ᠂ ᠪᠥᠬᠦ ᠬᠤᠰᠢᠭᠤᠨ ᠤ ᠬᠠᠪᠤᠷ ᠤᠨ ᠤᠯᠠᠷᠢᠯ ᠤᠨ | ᠣᠷᠭᠤᠯᠲᠠ ᠶᠢᠨ ᠬᠤᠭᠤᠴᠠᠭᠠᠨ ᠳᠤ ᠪᠡᠯᠴᠢᠭᠡᠷ ᠰᠡᠷᠭᠦᠭᠡᠬᠦ ᠰᠣᠨᠢᠨ ᠮᠡᠳᠡᠭᠡ ᠨᠡᠶᠢᠲᠡᠯᠡᠬᠦ ᠬᠤᠷᠠᠯ ᠬᠤᠷᠠᠯᠳᠤᠭᠤᠯᠵᠤ᠂ | ᠪᠡᠯᠴᠢᠭᠡᠷ ᠰᠡᠷᠭᠦᠭᠡᠬᠦ ᠠᠵᠢᠯ ᠤᠨ ᠵᠣᠷᠢᠯᠭ᠎ᠠ᠂ ᠠᠴᠢ ᠬᠤᠯᠪᠣᠭᠳᠠᠯ ᠪᠠ ᠬᠠᠮᠢᠶ᠎ᠠ ᠪᠦᠬᠦᠢ ᠱᠠᠭᠠᠷᠳᠠᠯᠭ᠎ᠠ ᠶᠢ | ᠣᠬᠠᠭᠤᠯᠬᠤ ᠭᠡᠷᠡᠭᠲᠠᠢ᠃ ᠡᠯ᠎ᠡ ᠰᠤᠮᠤ ᠪᠠᠯᠭᠠᠰᠤ ᠨᠢ ᠡᠯ᠎ᠡ ᠱᠠᠲᠤᠨ ᠤ ᠺᠠᠳ᠋ᠷᠴᠤᠳ ᠢ ᠵᠣᠬᠢᠶᠠᠨ ᠪᠠᠶᠢᠭᠤᠯᠤᠨ | ᠮᠠᠯᠵᠢᠬᠤ ᠡᠷᠦᠬᠡ ᠳᠤ ᠭᠦᠨᠵᠡᠭᠡᠶᠢᠷᠡᠨ᠂ ᠮᠠᠯᠴᠢᠳ ᠢ ᠬᠠᠪᠰᠤᠷᠤᠨ ︽ᠠᠵᠤ ᠠᠬᠤᠢ ᠶᠢᠨ ᠲᠠᠩᠰᠠ᠂ ᠠᠮᠢ | ᠠᠬᠤᠢ ᠶᠢᠨ ᠲᠠᠩᠰᠠ︾᠂ ︽ᠣᠬᠤᠷ ᠬᠤᠭᠤᠴᠠᠭᠠᠨ ᠤ ᠲᠠᠩᠰᠠ᠂ ᠣᠷᠳᠣ ᠬᠤᠭᠤᠴᠠᠭᠠᠨ ᠤ ᠲᠠᠩᠰᠠ︾᠂ ︽ᠭᠡᠷ | ᠪᠦᠯᠢ ᠶᠢᠨ ᠲᠠᠩᠰᠠ᠂ ᠤᠯᠤᠰ ᠤᠨ ᠬᠠᠮᠲᠤ ᠶᠢᠨ ᠲᠠᠩᠰᠠ︾ ᠶᠢ ᠰᠠᠶᠢᠲᠤᠷ ᠪᠤᠳᠤᠵᠤ᠂ ᠪᠡᠯᠴᠢᠭᠡᠷ ᠰᠡᠷᠭᠦᠭᠡᠬᠦ | ᠣᠬᠠᠮᠰᠠᠷ ᠢ ᠳᠡᠭᠡᠭᠰᠢᠯᠡᠬᠦᠯᠬᠦ ᠬᠡᠷᠡᠭᠲᠡᠢ᠃ ᠷᠠᠳᠢᠣ᠋ ᠨᠡᠪᠲᠡᠷᠡᠭᠦᠯᠭᠡ᠂ ᠲᠧᠯᠸᠢᠰ᠂ ᠸᠢᠴᠠᠲ᠂ ᠪᠣᠰᠢᠭᠤ ᠭᠠᠷ᠂ | ᠴᠣᠣᠷᠢᠶ᠎ᠠ ᠳᠠᠪᠴᠠᠩ ᠪᠠ ᠡᠷᠦᠭᠡ ᠳᠤ ᠬᠦᠷᠴᠣ ᠣᠬᠠᠭᠤᠯᠬᠤ᠂ ᠣᠬᠠᠭᠤᠯᠭ᠎ᠠ ᠶᠢᠨ ᠬᠠᠭᠤᠳᠠᠰᠣ ᠲᠠᠷᠬᠠᠭᠠᠬᠤ᠂ | ᠵᠠᠷᠯᠠᠯ ᠨᠠᠭᠠᠬᠤ ᠵᠡᠷᠭᠡ ᠣᠯᠠᠨ ᠵᠦᠢᠯ ᠤᠨ ᠬᠡᠯᠪᠡᠷᠢ ᠪᠠᠷ ᠪᠡᠯᠴᠢᠭᠡᠷ ᠰᠡᠷᠬᠦᠭᠡᠬᠦ ᠲᠦᠷᠢᠮ ᠢ ᠦᠷᠭᠡᠨ ᠢᠶᠠᠷ | ᠣᠬᠠᠭᠤᠯᠬᠤ ᠭᠡᠷᠡᠭᠲᠠᠢ᠃ ᠪᠡᠯᠴᠢᠭᠡᠷ ᠰᠡᠷᠬᠦᠭᠡᠬᠦ ᠠᠴᠠ ᠡᠮᠦᠨ᠎ᠡ᠂ ᠳᠤᠮᠳᠠ᠂ ᠰᠡᠭᠦᠯᠴᠢ ᠶᠢᠨ ᠱᠠᠲᠤ ᠳᠤ | ᠥᠷᠭᠡᠨ ᠢᠶᠠᠷ ᠤᠬᠠᠭᠤᠯᠵᠤ᠂ ᠲᠣᠭᠲᠠᠭᠠᠯ ᠠᠴᠠ ᠵᠥᠷᠢᠴᠡᠨ ᠪᠡᠯᠴᠢᠭᠡᠷᠯᠡᠬᠦᠯᠦᠭᠰᠡᠨ ᠵᠡᠷᠭᠡ ᠦᠵᠡᠭᠳᠡᠯ ᠢ | ᠵᠠᠭᠤᠴᠢᠯᠠᠭᠤᠷ ᠲᠤ ᠢᠯᠡ ᠨᠡᠶᠢᠲᠡᠯᠡᠵᠦ᠂ ᠪᠡᠯᠴᠢᠭᠡᠷ ᠰᠡᠷᠬᠦᠭᠡᠭᠰᠡᠨ ᠨᠡᠶᠢᠲᠡᠯᠢᠭ ᠵᠢᠱᠢᠶ᠎ᠡ ᠶᠢ ᠤᠬᠠᠭᠤᠯᠤᠨ ᠮᠡᠳᠡᠭᠡᠯᠡᠬᠦ | ᠬᠡᠷᠡᠭᠲᠠᠢ᠃ | ︵ᠵᠢᠷᠭᠤᠭ᠎ᠠ︶ ᠬᠢᠨᠠᠨ ᠰᠢᠯᠭᠠᠵᠣ ᠱᠠᠭᠠᠷᠳᠠᠨ ᠪᠠᠶᠢᠴᠠᠭᠠᠬᠤ ᠠᠵᠢᠯ ᠢ ᠴᠢᠩᠭᠠᠳᠬᠠᠬᠤ ᠭᠡᠷᠡᠭᠲᠠᠢ᠃ ᠬᠤᠰᠢᠭᠤ | ᠨᠠᠮ ᠤᠨ ᠬᠤᠷᠢᠶ᠎ᠠ ᠶᠢᠨ ᠵᠣᠬᠢᠶᠠᠨ ᠪᠠᠶᠢᠭᠤᠯᠬᠤ ᠬᠡᠯᠲᠡᠰ ᠠᠴᠠ ᠪᠡᠯᠴᠢᠭᠡᠷ ᠰᠡᠷᠭᠦᠭᠡᠬᠦ ᠠᠵᠢᠯ ᠢ ᠬᠠᠮᠢᠶ᠎ᠠ ᠪᠦᠬᠦᠢ | ᠰᠠᠯᠠᠭ᠎ᠠ ᠮᠥᠴᠢᠷ ᠪᠠ ᠰᠤᠮᠤ ᠪᠠᠯᠭᠠᠰᠤ ᠶᠢᠨ ᠣᠨ ᠤ ᠠᠵᠢᠯ ᠤᠨ ᠪᠦᠳᠦᠮᠵᠢ ᠶᠢ ᠬᠢᠨᠠᠨ ᠰᠢᠯᠭᠠᠬᠤ ᠠᠭᠤᠯᠭ᠎ᠠ ᠳᠤ | ᠣᠷᠣᠭᠤᠯᠵᠤ᠂ ᠬᠠᠷᠠᠯᠲᠠᠲᠤ ᠬᠠᠮᠢᠶᠠᠷᠤᠯᠲᠠ ᠶᠢ ᠬᠡᠷᠡᠭᠵᠢᠭᠦᠯᠦᠨ᠂ ᠠᠮᠢ ᠠᠬᠤᠢ ᠶᠢᠨ ᠣᠷᠴᠢᠨ ᠲᠣᠭᠤᠷᠢᠨ ᠪᠠ ᠡᠬᠢ | ᠪᠠᠶᠠᠯᠢᠭ ᠢ ᠬᠠᠮᠠᠭᠠᠯᠠᠬᠤ ᠠᠵᠢᠯ ᠢ ᠬᠢᠨᠠᠨ ᠰᠢᠯᠭᠠᠵᠣ ᠦᠨᠡᠯᠡᠯᠲᠡ ᠬᠢᠬᠦ ᠴᠢᠬᠤᠯᠠ ᠦᠨᠳᠦᠰᠦᠯᠡᠯ ᠪᠣᠯᠭᠠᠬᠤ ᠬᠡᠷᠡᠭᠲᠠᠢ᠃ | ᠬᠤᠰᠢᠭᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠠᠴᠠ ᠬᠠᠮᠢᠶ᠎ᠠ ᠪᠦᠬᠦᠢ ᠰᠠᠯᠠᠭ᠎ᠠ ᠮᠥᠴᠢᠷ ᠢ ᠵᠣᠬᠢᠶᠠᠨ | ᠪᠠᠶᠢᠭᠤᠯᠵᠤ᠂ ᠢᠯᠡ ᠪᠠᠷ ᠪᠠᠶᠢᠴᠠᠭᠠᠵᠤ ᠳᠠᠯᠳᠠᠭᠤᠷ ᠰᠤᠷᠪᠤᠯᠵᠢᠯᠠᠬᠤ ᠵᠡᠷᠭᠡ ᠬᠡᠯᠪᠡᠷᠢ ᠪᠠᠷ ᠱᠠᠭᠠᠷᠳᠠᠨ ᠪᠠᠶᠢᠴᠠᠭᠠᠵᠤ᠂ | ᠪᠡᠯᠴᠢᠭᠡᠷ ᠰᠡᠷᠭᠦᠭᠡᠬᠦ ᠠᠵᠢᠯ ᠢ ᠰᠠᠶᠢᠳᠣᠷ ᠬᠡᠷᠡᠭᠵᠢᠬᠦᠯᠦᠭᠰᠡᠨ ᠦᠭᠡᠢ᠂ ᠳᠠᠯᠳᠠᠭᠤᠷ ᠪᠡᠯᠴᠢᠭᠡᠷᠯᠡᠬᠦᠯᠬᠦ ᠦᠵᠡᠭᠳᠡᠯ | ᠬᠦᠨᠳᠦ ᠨᠣᠴᠢᠲᠠᠢ ᠣᠷᠣᠰᠢᠵᠣ ᠪᠠᠶᠢᠭ᠎ᠠ ᠭᠠᠵᠠᠷ ᠣᠷᠣᠨ ᠠᠴᠠ ᠬᠠᠷᠢᠭᠤᠴᠠᠯᠭ᠎ᠠ ᠨᠡᠬᠡᠮᠵᠢᠯᠡᠬᠦ ᠭᠡᠷᠡᠭᠲᠠᠢ᠃ | ᠡᠯ᠎ᠡ ᠰᠤᠮᠤ ᠪᠠᠯᠭᠠᠰᠤ ᠨᠢ ᠭᠠᠴᠠᠭ᠎ᠠ ᠪᠠᠷ ᠨᠢᠭᠡᠴᠡ ᠪᠣᠯᠭᠠᠨ ᠮᠠᠯᠵᠢᠬᠤ ᠡᠷᠦᠬᠡ ᠶᠢᠨ ᠬᠠᠪᠤᠷ ᠤᠨ ᠤᠯᠠᠷᠢᠯ ᠤᠨ | ᠤᠷᠭᠤᠯᠲᠠ ᠶᠢᠨ ᠬᠤᠭᠤᠴᠠᠭᠠᠨ ᠳᠤ ᠪᠡᠯᠴᠢᠭᠡᠷ ᠰᠡᠷᠬᠦᠭᠡᠭᠰᠡᠨ ᠲᠠᠯᠠᠪᠠᠶ ᠶᠢᠨ ᠬᠤᠷᠢᠶᠠᠩᠭᠤᠢ ᠬᠦᠰᠦᠨᠦᠭᠲᠦ ᠶᠢ | ᠲᠠᠭᠯᠠᠵᠤ᠂ ᠪᠡᠯᠴᠢᠭᠡᠷ ᠰᠡᠷᠭᠦᠭᠡᠬᠦ ᠠᠵᠢᠯ ᠤᠨ ᠬᠡᠷᠡᠭᠵᠢᠭᠦᠯᠬᠦ ᠲᠥᠰᠥᠯ ᠲᠠᠢ ᠬᠠᠮᠲᠤ ᠳᠤᠨᠢ 2022 ᠣᠨ ᠤ 3 | ᠰᠠᠷ᠎ᠠ ᠶᠢᠨ 25 ᠤ ᠡᠳᠦᠷ ᠠᠴᠠ ᠡᠮᠦᠨ᠎ᠡ ᠬᠤᠰᠢᠭᠤ ᠣᠶ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ ᠳᠤ | ᠮᠡᠳᠡᠭᠦᠯᠵᠦ ᠳᠠᠩᠰᠠᠯᠠᠭᠤᠯᠬᠤ ᠭᠡᠷᠡᠭᠲᠠᠢ᠃ ᠮᠡᠳᠡᠭᠡ ᠵᠠᠩᠭᠢ ᠶᠢ ᠴᠤᠭᠯᠠᠭᠤᠯᠵᠤ ᠮᠡᠳᠡᠭᠦᠯᠦᠨ ᠬᠦᠷᠭᠡᠬᠦ ᠠᠵᠢᠯ ᠢ | ᠲᠤᠰᠬᠠᠢ ᠬᠥᠮᠥᠨ ᠢᠶᠠᠷ ᠬᠠᠷᠢᠭᠤᠴᠠᠭᠤᠯᠵᠤ᠂ ᠪᠡᠯᠴᠢᠭᠡᠷ ᠰᠡᠷᠭᠦᠭᠡᠬᠦ ᠬᠤᠭᠤᠴᠠᠭᠠᠨ ᠳᠤ ᠭᠠᠷᠠᠭ ᠪᠦᠷᠢ ᠶᠢᠨ ᠭᠤᠷᠪᠠᠨ | ᠳᠤ ᠪᠢᠴᠢᠭ ᠤᠨ ᠬᠡᠯᠪᠡᠷᠢ ᠪᠠᠷ ᠬᠤᠰᠢᠭᠤ ᠡᠳ᠋ ᠤᠨ ᠵᠠᠰᠠᠭ ᠤᠨ ᠲᠣᠪᠴᠢᠶ᠎ᠠ᠂ ᠲᠠᠷᠢᠶᠠᠯᠠᠩ ᠮᠠᠯ ᠠᠵᠣ ᠠᠬᠤᠢ ᠪᠠ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠣᠪᠴᠢᠶ᠎ᠠ᠂ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠣᠶ | ᠰᠢᠭᠤᠢ ᠨᠣᠲᠤᠭ ᠪᠡᠯᠴᠢᠭᠡᠷ ᠤᠨ ᠲᠣᠪᠴᠢᠶ᠎ᠠ ᠳᠤ ᠠᠵᠢᠯ ᠤᠨ ᠠᠬᠢᠴᠠ ᠶᠢᠨ ᠪᠠᠶᠢᠳᠠᠯ ᠢᠶᠠᠨ ᠮᠡᠳᠡᠭᠦᠯᠬᠦ ᠬᠡᠷᠡᠭᠲᠡᠢ᠃ | | |