2 ᠳ᠋ᠤᠭᠠᠷ ᠰᠠᠷ᠎ᠠ ᠳᠤ ᠵᠡᠭᠦᠨ ᠬᠠᠲᠠᠪᠴᠢ ᠪᠣᠭᠤᠮᠲᠠ ᠶᠢᠨ ᠲᠡᠭᠡᠭᠡᠪᠦᠷᠢ ᠶᠢᠨ ᠬᠡᠮᠵᠢᠶ᠎ᠡ ᠨᠡᠯᠢᠶᠡᠳ ᠰᠠᠶᠢᠨ ᠪᠠᠶᠢᠨ᠎ᠠ
ᠨᠡᠶᠢᠲᠡᠯᠡᠭᠰᠡᠨ ᠴᠠᠭ᠄
2023/3/9
      2 ᠳ᠋ᠤᠭᠠᠷ ᠰᠠᠷ᠎ᠠ ᠳᠤ᠂ ᠵᠡᠭᠦᠨ ᠬᠠᠲᠠᠪᠴᠢ ᠪᠣᠭᠤᠮᠲᠠ ᠶᠢᠨ ᠭᠠᠳᠠᠭᠠᠳᠤ ᠠᠴᠠ ᠣᠷᠣᠭᠤᠯᠤᠭᠰᠠᠨ ᠪᠠᠷᠠᠭ᠎ᠠ 9.45 ᠲᠦᠮᠡᠨ ᠲᠣᠨ ᠳᠤ ᠬᠦᠷᠴᠦ᠂ ᠡᠭᠦᠨ ᠳᠤ ᠭᠠᠳᠠᠭᠠᠳᠤ ᠠᠴᠠ ᠣᠷᠣᠭᠤᠯᠤᠭᠰᠠᠨ ᠨᠡᠭᠦᠷᠡᠰᠦ 9.42 ᠲᠦᠮᠡᠨ ᠲᠣᠨ᠂ ᠭᠠᠳᠠᠭᠠᠳᠤ ᠳᠤ ᠭᠠᠷᠭᠠᠭᠰᠠᠨ ᠲᠥᠬᠦᠭᠡᠷᠦᠮᠵᠢ 0.029 ᠲᠦᠮᠡᠨ ᠲᠣᠨ ᠳᠤ ᠬᠦᠷᠴᠡᠢ᠃ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠭᠰᠠᠨ ᠪᠠᠷᠠᠭᠠᠨ ᠤ ᠦᠷᠳᠡᠭ 0.06 ᠳ᠋ᠦᠩᠰᠢᠭᠤᠷ ᠳ᠋ᠣᠯᠯᠠᠷ ᠲᠤ ᠬᠦᠷᠴᠦ᠂ ᠡᠭᠦᠨ ᠳᠤ ᠭᠠᠳᠠᠭᠠᠳᠤ ᠠᠴᠠ ᠣᠷᠤᠭᠤᠯᠤᠭᠰᠠᠨ ᠪᠠᠷᠠᠭᠠᠨ ᠤ ᠦᠷᠳᠡᠭ 0.05 ᠳ᠋ᠦᠩᠰᠢᠭᠤᠷ ᠳ᠋ᠣᠯᠯᠠᠷ᠂ ᠭᠠᠳᠠᠭᠠᠳᠤ ᠳᠤ ᠭᠠᠷᠭᠠᠭᠰᠠᠨ ᠪᠠᠷᠠᠭᠠᠨ ᠤ ᠦᠷᠳᠡᠭ 0.01 ᠳ᠋ᠦᠩᠰᠢᠭᠤᠷ ᠳ᠋ᠣᠯᠯᠠᠷ ᠲᠤ ᠬᠦᠷᠴᠡᠢ᠃      ᠬᠢᠯᠢ ᠪᠠᠷ ᠣᠷᠣᠵᠤ ᠭᠠᠷᠤᠭᠰᠠᠨ ᠬᠥᠮᠥᠨ 3031 ᠬᠥᠮᠥᠨ ᠤᠳᠠᠭ᠎ᠠ ᠳᠤ ᠬᠦᠷᠴᠦ᠂ ᠡᠭᠦᠨ ᠳᠤ ᠬᠢᠯᠢ ᠪᠠᠷ ᠣᠷᠣᠵᠤ ᠢᠷᠡᠭᠰᠡᠨ ᠬᠥᠮᠥᠨ 1552 ᠬᠥᠮᠥᠨ ᠤᠳᠠᠭ᠎ᠠ᠂ ᠬᠢᠯᠢ ᠠᠴᠠ ᠭᠠᠷᠤᠭᠰᠠᠨ ᠬᠥᠮᠥᠨ 1479 ᠬᠥᠮᠥᠨ ᠤᠳᠠᠭ᠎ᠠ ᠳᠤ ᠬᠦᠷᠴᠡᠢ︔ ᠬᠢᠯᠢ ᠪᠠᠷ ᠣᠷᠣᠵᠤ ᠭᠠᠷᠤᠭᠰᠠᠨ ᠲᠡᠷᠭᠡ 2958 ᠤᠳᠠᠭ᠎ᠠ ᠳᠤ ᠬᠦᠷᠴᠦ᠂ ᠡᠭᠦᠨ ᠳᠤ ᠬᠢᠯᠢ ᠪᠠᠷ ᠣᠷᠣᠵᠤ ᠭᠠᠷᠬᠤ ᠲᠡᠷᠭᠡ 1479 ᠤᠳᠠᠭ᠎ᠠ ᠳᠤ ᠬᠦᠷᠴᠦ᠂ ᠬᠢᠯᠢ ᠠᠴᠠ ᠭᠠᠷᠤᠭᠰᠠᠨ ᠲᠡᠷᠭᠡ 1479 ᠤᠳᠠᠭ᠎ᠠ ᠳᠤ ᠬᠦᠷᠴᠡᠢ᠃ 2022 ᠣᠨ ᠳᠤ ᠬᠢᠵᠢᠭ ᠤᠨ ᠪᠠᠶᠢᠳᠠᠯ ᠤᠨ ᠨᠥᠯᠥᠭᠡ ᠪᠠᠷ᠂ 2 ᠳ᠋ᠤᠭᠠᠷ ᠰᠠᠷ᠎ᠠ ᠳᠤ ᠵᠡᠭᠦᠨ ᠬᠠᠲᠠᠪᠴᠢ ᠪᠣᠭᠤᠮᠲᠠ ᠪᠠᠷ ᠣᠷᠤᠭᠤᠯᠵᠤ ᠭᠠᠷᠭᠠᠭᠰᠠᠨ  ᠪᠠᠷᠠᠭ᠎ᠠ ᠦᠭᠡᠢ᠂ ᠠᠳᠠᠯᠢ ᠬᠤᠭᠤᠴᠠᠭᠠᠨ ᠤ ᠬᠢ ᠲᠠᠢ ᠠᠳᠠᠯᠢᠳᠬᠠᠬᠤ ᠲᠤᠭ᠎ᠠ ᠪᠠᠷᠢᠮᠲᠠ ᠦᠭᠡᠢ᠃
 
ᠢᠷᠡᠯᠲᠡ᠄ ᠵᠡᠭᠦᠨ ᠦᠵᠦᠮᠦᠴᠢᠨ ᠬᠤᠰᠢᠭᠤᠨ ᠤ ᠵᠠᠰᠠᠭ ᠤᠨ ᠣᠷᠳᠣᠨ ᠤ ᠠᠯᠪᠠᠨ ᠬᠡᠷ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号