ᠵᠡᠭᠦᠨ ᠦᠵᠦᠮᠦᠴᠢᠨ ᠬᠤᠰᠢᠭᠤᠨ ᠤ ᠭᠠᠳᠠᠭᠠᠳᠤ ᠠᠷᠠᠯᠵᠢᠶ᠎ᠠ ᠶᠢ ᠲᠣᠭᠲᠠᠪᠤᠷᠢᠵᠢᠭᠤᠯᠵᠤ ᠨᠡᠮᠡᠭᠳᠡᠯ ᠢ ᠠᠬᠢᠭᠤᠯᠵᠤ᠂ ᠨᠠᠩ ᠥᠨᠳᠥᠷ ᠲᠦᠪᠰᠢᠨ ᠪᠦᠬᠦᠢ ᠭᠠᠳᠠᠭᠠᠳᠤ ᠨᠡᠭᠡᠭᠡᠯᠲᠡ ᠶᠢ ᠠᠬᠢᠭᠤᠯᠵᠤ ᠪᠠᠶᠢᠨ᠎ᠠ
ᠨᠡᠶᠢᠲᠡᠯᠡᠭᠰᠡᠨ ᠴᠠᠭ᠄
2023/4/23
      ᠵᠡᠭᠦᠨ ᠦᠵᠦᠮᠦᠴᠢᠨ ᠬᠤᠰᠢᠭᠤᠨ ᠤ ᠬᠢᠨ ᠭᠠᠳᠠᠭᠠᠳᠤ ᠠᠷᠠᠯᠵᠢᠶᠠᠨ ᠤ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠠᠵᠤ ᠠᠬᠤᠶᠢᠯᠠᠯ ᠤᠨ ᠨᠡᠮᠡᠭᠳᠡᠯ ᠢ ᠲᠣᠭᠲᠠᠪᠤᠷᠢᠵᠢᠭᠤᠯᠬᠤ᠂ ᠪᠦᠲᠦᠴᠡ ᠶᠢ ᠲᠣᠬᠢᠷᠠᠭᠤᠯᠬᠤ᠂ ᠦᠷ᠎ᠡ ᠠᠰᠢᠭ ᠢ ᠨᠡᠮᠡᠭᠳᠡᠭᠦᠯᠬᠦ ᠶᠢ ᠢᠳᠡᠪᠬᠢᠲᠡᠢ ᠠᠬᠢᠭᠤᠯᠵᠤ᠂ ᠠᠵᠤ ᠠᠬᠤᠶᠢᠯᠠᠯ ᠤᠨ ᠠᠷᠭᠠᠴᠠᠬᠤ ᠴᠢᠳᠠᠪᠤᠷᠢ ᠶᠢ ᠨᠡᠮᠡᠭᠳᠡᠭᠦᠯᠦᠨ᠂ ᠢᠲᠡᠭᠡᠯ ᠵᠣᠷᠢᠭ ᠢ ᠨᠢ ᠬᠥᠪᠴᠢᠯᠡᠵᠦ ᠪᠠᠶᠢᠨ᠎ᠠ᠃      ᠨᠢᠭᠡ ᠳᠤ᠂ 1 ︱ 3 ᠰᠠᠷ᠎ᠠ ᠳᠤ᠂ ᠵᠡᠭᠦᠨ ᠬᠠᠲᠠᠪᠴᠢ ᠪᠣᠭᠤᠮᠲᠠ ᠶᠢᠨ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠭᠰᠠᠨ ᠪᠠᠷᠠᠭ᠎ᠠ ᠨᠡᠶᠢᠳᠡ 32.48 ᠲᠦᠮᠡᠨ ᠲᠣᠨ ᠳᠤ ᠬᠦᠷᠴᠦ᠂ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠭᠰᠠᠨ ᠪᠠᠷᠠᠭᠠᠨ ᠤ ᠦᠷᠳᠡᠭ 0.204 ᠳ᠋ᠦᠩᠰᠢᠭᠤᠷ ᠳ᠋ᠣᠯᠯᠠᠷ ᠲᠤ ᠬᠦᠷᠴᠦ᠂ ᠪᠣᠭᠤᠮᠲᠠ ᠶᠢᠨ ᠠᠵᠤ ᠠᠬᠤᠢ ᠠᠯᠬᠤᠮ ᠠᠯᠬᠤᠮ ᠢᠶᠠᠷ ᠳᠡᠭᠡᠭᠰᠢᠯᠡᠪᠠ᠃ ᠬᠤᠶᠠᠷ ᠲᠤ᠂ ᠪᠦᠭᠦ ᠬᠤᠰᠢᠭᠤᠨ ᠤ 7 ᠭᠠᠳᠠᠭᠠᠳᠤ ᠠᠷᠠᠯᠵᠢᠶᠠᠨ ᠤ ᠠᠵᠤ ᠠᠬᠤᠶᠢᠯᠠᠯ ᠤᠨ ᠲᠥᠯᠥᠭᠡᠯᠡᠭᠴᠢ ᠶᠢ ᠵᠣᠬᠢᠶᠠᠨ ᠪᠠᠶᠢᠭᠤᠯᠵᠤ 2023 ᠣᠨ ᠤ ᠪᠦᠭᠦ ᠣᠷᠣᠨ ᠤ ᠭᠠᠳᠠᠭᠠᠳᠤ ᠠᠷᠠᠯᠵᠢᠶᠠᠨ ᠤ ᠲᠤᠬᠠᠶᠢᠯᠠᠭᠰᠠᠨ ᠠᠵᠢᠯ ᠤᠨ ᠪᠣᠯᠪᠠᠰᠤᠷᠠᠯ ᠤᠨ ᠠᠩᠭᠢ ᠳᠤ ᠣᠷᠣᠯᠴᠠᠭᠤᠯᠤᠨ᠂ ᠠᠵᠤ ᠠᠬᠤᠶᠢᠯᠠᠯ ᠳᠤ ᠬᠠᠮᠢᠶ᠎ᠠ ᠪᠦᠬᠦᠢ ᠲᠦᠷᠤ ᠶᠢᠨ ᠪᠣᠳᠣᠯᠭ᠎ᠠ ᠶᠢ ᠴᠠᠭ ᠲᠤᠬᠠᠢ ᠳᠤᠨᠢ ᠣᠶᠢᠯᠠᠭᠠᠭᠤᠯᠵᠤ᠂ ᠠᠵᠤ ᠠᠬᠤᠶᠢᠯᠠᠯ ᠤᠨ ᠲᠣᠭᠲᠠᠭᠤᠨ ᠢᠶᠠᠷ ᠬᠥᠭᠵᠢᠬᠦ ᠶᠢ ᠪᠠᠲᠤᠯᠠᠪᠠ᠃ ᠭᠤᠷᠪᠠ ᠳᠤ᠂ ᠠᠶᠢᠮᠠᠭ ᠤᠨ ᠰᠢᠭᠤᠳ ᠬᠠᠷᠢᠶ᠎ᠠ ᠬᠠᠮᠢᠶ᠎ᠠ ᠪᠦᠬᠦᠢ ᠰᠠᠯᠠᠭ᠎ᠠ ᠮᠥᠴᠢᠷ ᠯᠦᠭᠡ ᠵᠠᠬ᠎ᠠ ᠶᠢᠨ ᠠᠷᠠᠯᠵᠢᠶᠠᠨ ᠤ ᠲᠣᠭᠤᠷᠢᠭ᠂ ᠭᠠᠶᠢᠯᠢ ᠪᠠᠲᠤᠯᠠᠬᠤ ᠬᠥᠮᠥᠷᠭᠡ᠂ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠲᠠᠪᠴᠠᠩ ᠤᠨ ᠪᠠᠶᠢᠭᠤᠯᠤᠯᠲᠠ ᠵᠡᠷᠭᠡ ᠲᠠᠯ᠎ᠠ ᠶᠢᠨ ᠨᠡᠪᠲᠡᠷᠡᠯᠴᠡᠭᠡ ᠵᠣᠬᠢᠴᠠᠭᠤᠯᠭ᠎ᠠ ᠪᠠᠨ ᠴᠢᠩᠭᠠᠳᠬᠠᠵᠤ᠂ ᠣᠶᠢᠷ᠎ᠠ ᠳᠤ ᠪᠥᠬᠦ ᠬᠤᠰᠢᠭᠤᠨ ᠤ ᠭᠤᠣᠯᠳᠠᠯᠭ᠎ᠠ ᠲᠠᠢ ᠠᠵᠤ ᠠᠬᠤᠶᠢᠯᠠᠯ ᠤᠨ ᠬᠠᠮᠢᠶ᠎ᠠ ᠪᠦᠬᠦᠢ ᠬᠥᠮᠥᠰ ᠢ ᠳᠠᠭᠠᠭᠤᠯᠤᠨ ᠰᠦᠢ ᠹᠧᠨ ᠾᠧ ᠪᠣᠭᠤᠮᠲᠠ ᠳᠤ ᠬᠦᠷᠴᠦ ᠪᠠᠶᠢᠴᠠᠭᠠᠨ ᠰᠤᠳᠤᠯᠤᠯᠲᠠ ᠬᠢᠵᠦ ᠰᠤᠷᠤᠯᠴᠠᠪᠠ᠃      ᠲᠠᠷᠠᠭᠠᠴᠢ ᠶᠢᠨ ᠠᠯᠬᠤᠮ ᠳᠤ᠂ ᠵᠡᠭᠦᠨ ᠦᠵᠦᠮᠦᠴᠢᠨ ᠬᠤᠰᠢᠭᠤ ᠨᠢ ᠠᠵᠤ ᠠᠬᠤᠶᠢᠯᠠᠯ ᠢᠶᠠᠨ ᠢᠳᠡᠪᠬᠢᠲᠡᠢ ᠪᠠᠷ ᠵᠣᠬᠢᠶᠠᠨ ᠪᠠᠶᠢᠭᠤᠯᠤᠨ ᠮᠣᠩᠭᠤᠯ ᠤᠯᠤᠰ ᠲᠤ ᠣᠴᠢᠭᠤᠯᠵᠤ 2023 ᠣᠨ ᠤ ᠲᠠᠪᠤᠳᠤᠭᠠᠷ ᠬᠤᠭᠤᠴᠠᠭᠠᠨ ᠤ ᠤᠯᠠᠭᠠᠨᠪᠠᠭᠠᠲᠤᠷ · ᠳᠤᠮᠳᠠᠳᠤ ᠤᠯᠤᠰ ᠥᠪᠥᠷ ᠮᠣᠩᠭᠤᠯ ᠤᠨ ᠲᠠᠸᠠᠷ ᠤᠨ ᠦᠵᠡᠰᠬᠦᠯᠡᠩ ᠳᠤ ᠣᠷᠣᠯᠴᠠᠭᠤᠯᠵᠤ᠂ ᠳᠤᠮᠳᠠᠳᠤ ᠮᠣᠩᠭᠤᠯ ᠤᠨ ᠦᠵᠡᠰᠬᠦᠯᠡᠩ— 2023 ᠣᠨ ᠤ ᠲᠠᠪᠤᠳᠤᠭᠠᠷ ᠬᠤᠭᠤᠴᠠᠭᠠᠨ ᠤ ᠵᠡᠭᠦᠨ ᠬᠠᠲᠠᠪᠴᠢ ᠶᠢᠨ ᠣᠯᠠᠨ ᠤᠯᠤᠰ ᠤᠨ ᠲᠠᠸᠠᠷ ᠤᠨ ᠰᠣᠯᠢᠯᠴᠠᠭᠠᠨ ᠤ ᠴᠤᠭᠯᠠᠭᠠᠨ ᠢ ᠡᠷᠭᠢᠯᠡᠵᠦ᠂ ᠳᠤᠮᠳᠠᠳᠤ ᠮᠣᠩᠭᠤᠯ ᠤᠨ ᠬᠤᠶᠠᠷ ᠲᠠᠯ᠎ᠠ ᠶᠢᠨ ᠠᠵᠤ ᠠᠬᠤᠢ ᠠᠷᠠᠯᠵᠢᠶᠠᠨ ᠤ ᠬᠥᠭᠵᠢᠯᠲᠡ ᠶᠢ ᠲᠠᠰᠤᠷᠠᠯᠲᠠ ᠦᠭᠡᠢ ᠳᠡᠭᠡᠭᠰᠢᠯᠡᠭᠦᠯᠦᠨ᠂ ᠠᠷᠠᠳ ᠤᠨ ᠬᠤᠭᠤᠷᠣᠨᠳᠣᠬᠢ ᠠᠵᠤ ᠠᠬᠤᠢ ᠶᠢᠨ ᠶᠠᠪᠤᠯᠴᠠᠭ᠎ᠠ ᠶᠢ ᠭᠦᠨᠵᠡᠭᠡᠶᠢᠷᠡᠭᠦᠯᠵᠦ᠂ ᠮᠠᠨ ᠤ ᠬᠤᠰᠢᠭᠤᠨ ᠤ ᠨᠡᠶᠢᠭᠡᠮ ᠤᠨ ᠠᠵᠤ ᠠᠬᠤᠢ ᠶᠢᠨ ᠦᠷ᠎ᠡ ᠠᠰᠢᠭ ᠢ ᠠᠬᠢᠭᠤᠯᠤᠨ᠎ᠠ᠃
 
ᠢᠷᠡᠯᠲᠡ᠄ ᠵᠡᠭᠦᠨ ᠦᠵᠦᠮᠦᠴᠢᠨ ᠬᠤᠰᠢᠭᠤᠨ ᠤ ᠵᠠᠰᠠᠭ ᠤᠨ ᠣᠷᠳᠣᠨ ᠤ ᠠᠯᠪᠠᠨ ᠬᠡᠷ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号