ᠲᠠᠪᠤᠨ ᠶᠡᠭᠡ ᠡᠭᠦᠷᠭᠡ · ᠵᠡᠭᠦᠨ ᠦᠵᠦᠮᠦᠴᠢᠨ ᠬᠤᠰᠢᠭᠤᠨ ᠳᠤ᠄ ᠪᠣᠭᠤᠮᠲᠠ ᠶᠢᠨ ᠴᠢᠳᠠᠮᠵᠢ ᠶᠢ ᠰᠢᠯᠢᠳᠡᠭᠵᠢᠭᠦᠯᠵᠦ ᠨᠡᠭᠡᠭᠡᠯᠲᠡ ᠶᠢᠨ ᠬᠢᠷᠢ ᠲᠦᠪᠰᠢᠨ ᠢ ᠳᠡᠭᠡᠭᠰᠢᠯᠡᠭᠦᠯᠦᠨ᠎ᠡ
ᠨᠡᠶᠢᠲᠡᠯᠡᠭᠰᠡᠨ ᠴᠠᠭ᠄
2023/5/23
      ᠵᠡᠭᠦᠨ ᠬᠠᠲᠠᠪᠴᠢ ᠪᠣᠭᠤᠮᠲᠠ ᠶᠢᠨ ᠨᠢᠭᠡᠳᠦᠭᠡᠷ ᠤᠯᠠᠷᠢᠯ ᠳᠤ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠭᠰᠠᠨ ᠪᠠᠷᠠᠭᠠᠨ ᠤ ᠲᠡᠭᠡᠭᠡᠪᠦᠷᠢ ᠶᠢᠨ ᠬᠡᠮᠵᠢᠶ᠎ᠡ ᠨᠡᠶᠢᠳᠡ 29.8 ᠲᠦᠮᠡᠨ ᠲᠣᠨ ᠳᠤ ᠬᠦᠷᠴᠦ᠂ ᠡᠭᠦᠨ ᠳᠤ ᠭᠠᠳᠠᠭᠠᠳᠤ ᠠᠴᠠ ᠣᠷᠣᠭᠤᠯᠤᠭᠰᠠᠨ ᠪᠠᠷᠠᠭ᠎ᠠ 29.6 ᠲᠦᠮᠡᠨ ᠲᠣᠨ᠂ ᠭᠠᠳᠠᠭᠠᠳᠤ ᠳᠤ ᠭᠠᠷᠭᠠᠭᠰᠠᠨ ᠪᠠᠷᠠᠭ᠎ᠠ 0.2 ᠲᠦᠮᠡᠨ ᠲᠣᠨ ᠳᠤ ᠬᠦᠷᠴᠦ᠂ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠭᠰᠠᠨ ᠪᠠᠷᠠᠭᠠᠨ ᠤ ᠦᠷᠳᠡᠭ 0.204 ᠳ᠋ᠦᠩᠰᠢᠭᠤᠷ ᠳ᠋ᠣᠯᠯᠠᠷ ᠲᠤ ᠬᠦᠷᠴᠦ᠂ ᠬᠢᠯᠢ ᠪᠠᠷ ᠣᠷᠣᠵᠤ ᠭᠠᠷᠤᠭᠰᠠᠨ ᠬᠥᠮᠥᠨ 10419 ᠬᠥᠮᠥᠨ ᠤᠳᠠᠭ᠎ᠠ ᠳᠤ ᠬᠦᠷᠴᠦ᠂ ᠬᠢᠯᠢ ᠪᠠᠷ ᠣᠷᠣᠵᠤ ᠭᠠᠷᠤᠭᠰᠠᠨ ᠲᠡᠷᠭᠡ 10346 ᠤᠳᠠᠭ᠎ᠠ ᠳᠤ ᠬᠦᠷᠴᠦ᠂ ᠪᠣᠭᠤᠮᠲᠠ ᠨᠡᠭᠡᠭᠡᠭᠰᠡᠨ ᠠᠴᠠ ᠨᠠᠰᠢᠬᠢ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠭᠰᠠᠨ ᠪᠠᠷᠠᠭ᠎ᠠ ᠠᠳᠠᠯᠢ ᠬᠤᠭᠤᠴᠠᠭᠠᠨ ᠤ ᠲᠡᠦᠬᠡ ᠶᠢᠨ ᠬᠠᠮᠤᠭ ᠥᠨᠳᠥᠷ ᠬᠡᠮᠵᠢᠶᠡᠨ ᠳᠤ ᠬᠦᠷᠴᠡᠢ᠃ 1 ᠢᠵᠢ ᠲᠦᠷ ᠴᠠᠭ ᠤᠨ ᠣᠶᠤᠨᠲᠤ ᠺᠠᠷᠲ ᠪᠠ 1 ᠪᠣᠭᠤᠮᠲᠠ ᠶᠢᠨ ᠬᠢᠨᠠᠨ ᠬᠠᠮᠢᠶᠠᠷᠤᠯᠲᠠ ᠶᠢᠨ ᠠᠵᠢᠯ ᠤᠨ ᠲᠠᠯᠠᠪᠤᠷ ᠢ ᠨᠡᠮᠡᠨ ᠪᠠᠶᠢᠭᠤᠯᠵᠤ᠂ ᠪᠣᠭᠤᠮᠲᠠ ᠶᠢᠨ ᠬᠢᠨᠠᠨ ᠬᠠᠮᠢᠶᠠᠷᠤᠯᠲᠠ ᠶᠢᠨ ᠠᠵᠢᠯ ᠤᠨ ᠲᠠᠯᠠᠪᠤᠷ ᠢ 12.2 ᠲᠦᠮᠡᠨ ᠲᠡᠭᠰᠢ ᠳᠥᠷᠪᠡᠯᠵᠢᠨ ᠮᠧᠲᠷ ᠥᠷᠭᠡᠳᠬᠡᠨ ᠪᠠᠶᠢᠭᠤᠯᠵᠤ᠂ ᠪᠣᠭᠤᠮᠲᠠ ᠶᠢᠨ ᠬᠢᠨᠠᠨ ᠬᠠᠮᠢᠶᠠᠷᠤᠯᠲᠠ ᠶᠢᠨ ᠠᠵᠢᠯ ᠤᠨ ᠲᠠᠯᠠᠪᠤᠷ ᠤᠨ ᠶᠡᠷᠦᠩᠬᠡᠢ ᠲᠠᠯᠠᠪᠠᠶ ᠠᠳᠠᠯᠢ ᠬᠤᠭᠤᠴᠠᠭᠠᠨ ᠤ ᠬᠢ ᠠᠴᠠ 307% ᠪᠠᠷ ᠨᠡᠮᠡᠭᠳᠡᠪᠡ᠃ ᠪᠠᠷᠠᠭᠠᠨ ᠤ ᠲᠡᠭᠡᠭᠡᠪᠦᠷᠢ ᠶᠢᠨ ᠵᠠᠮ᠂ ᠣᠶᠤᠨᠲᠤ ᠪᠣᠭᠤᠮᠲᠠ᠂ ᠬᠠᠮᠲᠤᠷᠠᠨ ᠪᠠᠶᠢᠴᠠᠭᠠᠬᠤ ᠲᠣᠭᠤᠷᠢᠭ ᠢ ᠰᠡᠯᠪᠢᠨ ᠵᠠᠰᠠᠵᠤ ᠥᠭᠡᠷᠡᠴᠢᠯᠡᠬᠦ ᠵᠡᠷᠭᠡ ᠲᠥᠷᠥᠯ ᠵᠦᠢᠯ ᠢ ᠲᠦᠷᠭᠡᠳᠬᠡᠨ ᠠᠬᠢᠭᠤᠯᠵᠤ᠂ ᠰᠢᠨ᠎ᠡ ᠪᠠᠷ ᠪᠠᠶᠢᠭᠤᠯᠤᠭᠰᠠᠨ ᠪᠣᠭᠤᠮᠲᠠ ᠶᠢᠨ ᠪᠠᠶᠢᠴᠠᠭᠠᠬᠤ ᠰᠢᠰᠲ᠋ᠧᠮ ᠤᠨ ᠢᠵᠢ ᠪᠦᠷᠢᠳᠦᠭᠦᠯᠬᠦ ︵ᠪᠠᠷᠠᠭᠠᠨ ᠤ ᠲᠡᠭᠡᠭᠡᠪᠦᠷᠢ ᠶᠢᠨ H986︶ ᠲᠥᠷᠥᠯ ᠵᠦᠢᠯ ᠢ ᠤᠷᠤᠭᠰᠢᠲᠠᠢ ᠡᠬᠢᠯᠡᠭᠦᠯᠪᠡ ᠁ ᠡᠨᠡ ᠪᠣᠯ ᠵᠡᠭᠦᠨ ᠬᠠᠲᠠᠪᠴᠢ ᠪᠣᠭᠤᠮᠲᠠ ᠶᠢᠨ ᠲᠤᠰᠢᠶᠠᠭᠰᠠᠨ ᠨᠢᠭᠡᠳᠦᠭᠡᠷ ᠤᠯᠠᠷᠢᠯ ᠤᠨ ᠰᠢᠨ᠎ᠡ ᠬᠠᠷᠢᠭᠤᠯᠲᠠ ᠶᠢᠨ ᠬᠠᠭᠤᠳᠠᠰᠤ ᠮᠥᠨ᠂ ᠪᠠᠰᠠ ᠴᠤ ᠵᠡᠭᠦᠨ ᠦᠵᠦᠮᠦᠴᠢᠨ ᠬᠤᠰᠢᠭᠤᠨ ᠤ ︽ᠲᠠᠪᠤᠨ ᠶᠡᠭᠡ ᠡᠭᠦᠷᠭᠡ︾ ᠶᠢ ᠲᠦᠯᠬᠢᠨ ᠠᠬᠢᠭᠤᠯᠵᠤ ᠠᠮᠵᠢᠯᠲᠠ ᠪᠦᠲᠦᠮᠵᠢ ᠣᠯᠣᠭᠰᠠᠨ ᠰᠢᠨ᠎ᠡ ᠦᠢᠯᠡᠳᠦᠯᠭᠡ ᠮᠥᠨ      ᠵᠡᠭᠦᠨ ᠦᠵᠦᠮᠦᠴᠢᠨ ᠬᠤᠰᠢᠭᠤᠨ ᠤ ᠬᠢᠯᠢ ᠶᠢᠨ ᠱᠤᠭᠤᠮ ᠤᠨ ᠣᠷᠳᠣ ᠨᠢ 527.6 ᠺᠢᠯᠣᠮᠧᠲᠷ ᠪᠠᠶᠢᠵᠤ᠂ ᠬᠠᠷᠢᠶᠠᠲᠤ ᠣᠷᠣᠨ ᠤ ᠳᠣᠲᠣᠷᠠᠬᠢ ᠵᠡᠭᠦᠨ ᠬᠠᠲᠠᠪᠴᠢ ᠪᠣᠭᠤᠮᠲᠠ ᠪᠣᠯ ᠤᠯᠤᠰ ᠤᠨ ᠨᠢᠭᠡᠳᠦᠭᠡᠷ ᠲᠥᠷᠥᠯ ᠤᠨ ᠣᠯᠠᠨ ᠤᠯᠤᠰ ᠤᠨ ᠴᠢᠨᠠᠷᠲᠠᠢ ᠪᠠᠶᠢᠩᠭᠤ ᠶᠢᠨ ᠨᠡᠭᠡᠭᠡᠯᠲᠡ ᠲᠠᠢ ᠪᠣᠭᠤᠮᠲᠠ ᠪᠠᠶᠢᠵᠤ᠂ ᠮᠣᠩᠭᠤᠯ ᠤᠯᠤᠰ ᠤᠨ ᠪᠢᠴᠢᠭᠲᠦ ᠪᠣᠭᠤᠮᠲᠠ ᠲᠠᠢ ᠡᠰᠡᠷᠭᠦᠯᠡᠵᠦ ᠪᠠᠶᠢᠳᠠᠭ᠃ ᠪᠣᠭᠤᠮᠲᠠ ᠪᠣᠯ ᠤᠯᠤᠰ ᠤᠨ ᠭᠠᠳᠠᠭᠠᠳᠤ ᠨᠡᠭᠡᠭᠡᠯᠲᠡ ᠶᠢᠨ ᠡᠭᠦᠳᠡ᠂ ᠬᠥᠮᠥᠨ ᠪᠣᠯᠣᠨ ᠠᠵᠤ ᠠᠬᠤᠢ ᠠᠷᠠᠯᠵᠢᠶᠠᠨ ᠤ ᠶᠠᠪᠤᠯᠴᠠᠭ᠎ᠠ ᠶᠢᠨ ᠬᠥᠭᠦᠷᠭᠡ᠂ ᠤᠯᠤᠰ ᠤᠨ ᠠᠮᠤᠷ ᠲᠦᠪᠰᠢᠨ ᠤ ᠴᠢᠬᠤᠯᠠ ᠬᠠᠯᠬᠠᠪᠴᠢ ᠪᠣᠯᠣᠨ᠎ᠠ᠃ ᠬᠢᠯᠢ ᠶᠢᠨ ᠪᠣᠭᠤᠮᠲᠠ ᠶᠢᠨ ᠬᠤᠰᠢᠭᠤ ᠪᠣᠯᠤᠭᠰᠠᠨ ᠤ ᠬᠤᠪᠢ ᠳᠤ᠂ ᠣᠶᠢᠷ᠎ᠠ ᠶᠢᠨ ᠵᠢᠯ ᠤᠳ ᠲᠤ᠂ ᠵᠡᠭᠦᠨ ᠦᠵᠦᠮᠦᠴᠢᠨ ᠬᠤᠰᠢᠭᠤᠨ ᠤ ᠬᠢᠨ ︽ᠬᠠᠮᠵᠢᠯᠴᠠᠭ᠎ᠠ ᠪᠠᠨ ᠭᠦᠨᠵᠡᠭᠡᠶᠢᠷᠡᠭᠦᠯᠵᠦ᠂ ᠳᠣᠲᠣᠨ᠎ᠠ ᠭᠠᠳᠠᠨᠠᠬᠢ ᠶᠢ ᠬᠤᠯᠪᠣᠯᠳᠤᠭᠤᠯᠤᠨ᠂ ᠨᠡᠭᠡᠭᠡᠯᠲᠡ ᠪᠠᠨ ᠥᠷᠭᠡᠳᠬᠡᠬᠦ︾ ᠵᠠᠷᠴᠢᠮ ᠶᠣᠰᠣᠭᠠᠷ᠂ ᠵᠡᠭᠦᠨ ᠬᠠᠲᠠᠪᠴᠢ ᠪᠣᠭᠤᠮᠲᠠ ᠶᠢᠨ ᠳᠠᠪᠠᠭᠤᠯᠢᠭ ᠢᠶᠠᠨ ᠭᠦᠢᠴᠡᠳ ᠠᠰᠢᠭᠯᠠᠨ᠂ ᠮᠣᠩᠭᠤᠯ ᠤᠯᠤᠰ ᠯᠤᠭ᠎ᠠ ᠠᠵᠤ ᠠᠬᠤᠢ᠂ ᠰᠣᠶᠣᠯ᠂ ᠵᠢᠭᠤᠯᠴᠢᠯᠠᠯ᠂ ᠰᠤᠷᠭᠠᠨ ᠬᠥᠮᠦᠵᠢᠯ᠂ ᠡᠮ ᠡᠮᠨᠡᠯᠭᠡ᠂ ᠣᠶ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠨ ᠤᠨᠲᠠᠷᠠᠭᠠᠬᠤ ᠵᠡᠷᠭᠡ ᠬᠦᠷᠢᠶᠡᠨ ᠳᠠᠬᠢ ᠰᠣᠯᠢᠯᠴᠠᠭ᠎ᠠ ᠬᠠᠮᠲᠤᠷᠠᠯᠴᠠᠭ᠎ᠠ ᠶᠢ ᠢᠳᠡᠪᠬᠢᠲᠡᠢ ᠥᠷᠨᠢᠭᠦᠯᠵᠦ᠂ ᠬᠤᠶᠠᠷ ᠲᠠᠯ᠎ᠠ ᠶᠢᠨ ᠶᠠᠪᠤᠯᠴᠠᠭ᠎ᠠ ᠶᠢ ᠨᠠᠩ ᠥᠨᠳᠥᠷ ᠲᠦᠪᠰᠢᠨ ᠳᠤ ᠬᠦᠷᠭᠡᠬᠦ ᠶᠢ ᠠᠬᠢᠭᠤᠯᠪᠠ᠃      ᠬᠤᠰᠢᠭᠤ ᠨᠠᠮ ᠤᠨ ᠬᠤᠷᠢᠶᠠᠨ ᠤ ᠱᠦᠵᠢ ᠬᠢᠩᠭᠠᠨ᠄ ᠬᠢᠯᠢ ᠶᠢᠨ ᠪᠣᠭᠤᠮᠲᠠ ᠶᠢᠨ ᠭᠠᠵᠠᠷ ᠣᠷᠣᠨ ᠪᠣᠯᠤᠭᠰᠠᠨ ᠤ ᠬᠤᠪᠢ ᠳᠤ᠂ ᠪᠢᠳᠡ ᠬᠢᠯᠢ ᠶᠢᠨ ᠪᠣᠭᠤᠮᠲᠠ ᠶᠢᠨ ᠳᠣᠲᠣᠭᠠᠳᠤ ᠳᠠᠭᠠᠨ ᠣᠷᠣᠭᠤᠯᠵᠤ ᠭᠠᠳᠠᠭᠠᠳᠤ ᠲᠠᠢ ᠬᠤᠯᠪᠣᠭᠠᠯᠠᠬᠤ ᠥᠪᠡᠷᠮᠢᠴᠡ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ ᠤᠯᠤᠰ ᠤᠨ ︽ᠨᠢᠭᠡ ᠪᠦᠰᠡ ᠨᠢᠭᠡ ᠵᠠᠮ︾ ᠪᠣᠯᠣᠨ ︽ᠳᠤᠮᠳᠠᠳᠤ ᠮᠣᠩᠭᠤᠯ ᠤᠷᠤᠰ ᠤᠨ ᠠᠵᠤ ᠠᠬᠤᠢ ᠶᠢᠨ ᠬᠤᠩᠭᠢᠯ︾  ᠤᠨ ᠪᠦᠲᠦᠭᠡᠨ ᠪᠠᠶᠢᠭᠤᠯᠤᠯᠲᠠ ᠳᠤ ᠢᠳᠡᠪᠬᠢᠲᠡᠢ ᠣᠷᠣᠯᠴᠠᠵᠤ᠂ ᠰᠠᠨᠠᠭᠠᠴᠢᠯᠠᠭ᠎ᠠ ᠠᠴᠠ ᠪᠠᠨ ᠠᠭᠤᠰᠤᠯᠴᠠᠵᠤ᠂ ᠤᠯᠤᠰ ᠤᠨ ᠳᠣᠲᠣᠭᠠᠳᠤ ᠶᠢᠨ ᠶᠡᠭᠡ ᠡᠷᠭᠢᠯᠲᠡ ᠶᠢᠨ ᠴᠢᠬᠤᠯᠠ ᠵᠠᠩᠭᠢᠯᠠᠭ᠎ᠠ ᠶᠢᠨ ᠴᠡᠭ ᠪᠣᠯᠣᠨ ᠤᠯᠤᠰ ᠤᠨ ᠳᠣᠲᠣᠭᠠᠳᠤ ᠶᠢᠨ ᠤᠯᠠᠨ ᠤᠯᠤᠰ ᠤᠨ ᠬᠤᠣᠰ ᠡᠷᠭᠢᠯᠲᠡ ᠶᠢᠨ ᠪᠠᠶᠢᠯᠳᠤᠬᠤ ᠪᠣᠳᠣᠯᠭ᠎ᠠ ᠶᠢᠨ ᠲᠤᠯᠬᠤ ᠴᠡᠭ ᠢ ᠪᠠᠶᠢᠭᠤᠯᠬᠤ ᠪᠠᠷ ᠭᠤᠣᠯᠳᠠᠭᠤᠯᠵᠤ᠂ ᠲᠡᠮᠦᠷ ᠵᠠᠮ ᠤᠨ ᠪᠣᠭᠤᠮᠲᠠ ᠶᠢᠨ ᠪᠦᠲᠦᠭᠡᠨ ᠪᠠᠶᠢᠭᠤᠯᠤᠯᠲᠠ ᠶᠢ ᠨᠢᠭᠡᠳᠦᠯᠲᠡᠢ ᠲᠥᠯᠥᠪᠵᠢᠭᠦᠯᠦᠨ ᠬᠡᠷᠡᠭᠵᠢᠭᠦᠯᠵᠦ᠂ ᠪᠣᠭᠤᠮᠲᠠ ᠶᠢᠨ ᠰᠠᠭᠤᠷᠢ ᠪᠦᠲᠦᠭᠡᠨ ᠪᠠᠶᠢᠭᠤᠯᠤᠯᠲᠠ ᠶᠢ ᠦᠷᠭᠦᠯᠵᠢᠯᠡᠨ ᠠᠬᠢᠭᠤᠯᠪᠠ᠃      ᠵᠡᠭᠦᠨ ᠦᠵᠦᠮᠦᠴᠢᠨ ᠬᠤᠰᠢᠭᠤᠨ ᠤ ᠬᠢᠨ ᠤᠯᠤᠰ ᠤᠨ ︽ᠨᠢᠭᠡ ᠪᠦᠰᠡ ᠨᠢᠭᠡ ᠵᠠᠮ︾ ᠪᠣᠯᠣᠨ ᠥᠪᠡᠷᠲᠡᠭᠡᠨ ᠵᠠᠰᠠᠬᠤ ᠣᠷᠣᠨ ᠤ ᠤᠮᠠᠷᠠᠰᠢ ᠨᠡᠭᠡᠭᠡᠯᠲᠡ ᠬᠢᠬᠦ ᠴᠢᠬᠤᠯᠠ ᠶᠡᠭᠡ ᠪᠠᠶᠢᠷᠢᠯᠠᠭᠤᠯᠤᠯᠲᠠ ᠶᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠪᠣᠭᠤᠮᠲᠠ ᠶᠢᠨ ᠤᠮᠠᠷᠠᠰᠢ ᠨᠡᠭᠡᠭᠡᠯᠲᠡ ᠬᠢᠬᠦ ᠴᠢᠬᠤᠯᠠ ᠬᠥᠭᠦᠷᠭᠡᠨ ᠪᠠᠬᠢᠯᠡᠯᠲᠡ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠪᠣᠭᠤᠮᠲᠠ ᠪᠠᠷ ᠥᠩᠭᠡᠷᠡᠵᠦ ᠰᠠᠭᠠᠳ ᠦᠭᠡᠢ ᠨᠡᠪᠲᠡᠷᠡᠬᠦ ᠶᠢ ᠪᠠᠲᠤᠯᠠᠬᠤ ︽ᠲᠦᠭᠵᠢᠷᠡᠯ︾ ︽ᠲᠠᠰᠤᠷᠬᠠᠢ ᠴᠡᠭ︾ ᠢ ᠨᠠᠪᠲᠠᠷᠡᠭᠦᠯᠵᠦ᠂ ᠲᠡᠮᠦᠷ ᠵᠠᠮ ᠤᠨ ᠪᠣᠭᠤᠮᠲᠠ ᠪᠠᠷ ᠭᠤᠶᠤᠴᠢᠯᠠᠨ ᠮᠡᠳᠡᠭᠦᠯᠬᠦ ᠡᠮᠦᠨᠡᠬᠢ ᠬᠤᠭᠤᠴᠠᠭᠠᠨ ᠤ ᠠᠵᠢᠯ ᠢ ᠯᠠᠪᠳᠠᠭᠤᠨ ᠪᠠᠲᠤᠲᠠᠢ ᠠᠬᠢᠭᠤᠯᠤᠨ᠂ ᠵᠠᠰᠠᠮᠠᠯ ᠵᠠᠮ ᠤᠨ ᠪᠣᠭᠤᠮᠲᠠ ᠶᠢᠨ ᠰᠠᠭᠤᠷᠢ ᠲᠦᠬᠦᠭᠡᠷᠦᠮᠵᠢ ᠶᠢᠨ ᠢᠵᠢ ᠪᠦᠷᠢᠳᠦᠭᠦᠯᠬᠦ ᠴᠢᠳᠠᠮᠵᠢ ᠶᠢ ᠪᠥᠬᠦ ᠲᠠᠯ᠎ᠠ ᠪᠠᠷ ᠲᠡᠭᠦᠯᠳᠡᠷᠵᠢᠭᠦᠯᠵᠦ᠂ ᠣᠶᠤᠨᠲᠤ ᠪᠣᠭᠤᠮᠲᠠ᠂ ᠪᠠᠷᠠᠭᠠᠨ ᠤ ᠲᠡᠭᠡᠭᠡᠪᠦᠷᠢ ᠶᠢᠨ ᠨᠡᠪᠲᠡᠷᠡᠬᠦ ᠵᠠᠮ᠂ ᠪᠠᠷᠠᠭᠠᠨ ᠤ ᠲᠡᠷᠭᠡ ᠶᠢᠨ ᠪᠠᠶᠢᠴᠠᠭᠠᠨ ᠰᠢᠯᠭᠠᠬᠤ ᠰᠢᠰᠲ᠋ᠧᠮ ᠤᠨ ᠰᠠᠭᠤᠷᠢ ᠲᠦᠬᠦᠭᠡᠷᠦᠮᠵᠢ ᠶᠢᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠠᠶᠠᠨᠴᠢᠳ ᠪᠠ ᠪᠠᠷᠠᠭ᠎ᠠ ᠶᠢ ᠰᠠᠯᠭᠠᠨ ᠲᠠᠰ ᠳᠡᠪᠰᠢᠭᠦᠯᠵᠦ ᠲᠠᠰ ᠳᠡᠪᠰᠢᠭᠦᠯᠬᠦ ᠪᠠ ᠪᠥᠬᠦ ᠲᠠᠯ᠎ᠠ ᠪᠠᠷ ᠣᠶᠤᠨᠴᠢ ᠪᠠᠷ ᠪᠣᠭᠤᠮᠲᠠ ᠪᠠᠷ ᠥᠩᠭᠡᠷᠡᠭᠦᠯᠬᠦ ᠶᠢ ᠪᠡᠶᠡᠯᠡᠭᠦᠯᠪᠠ᠃ ᠳᠡᠯᠡᠬᠡᠢ ᠶᠢᠨ ᠪᠠ ᠤᠯᠤᠰ ᠤᠨ ᠳᠣᠲᠣᠭᠠᠳᠤ ᠶᠢᠨ ᠬᠤᠶᠠᠷ ᠵᠠᠬ᠎ᠠ ᠳᠡᠯᠭᠡᠭᠦᠷ ᠲᠤ ᠰᠠᠭᠤᠷᠢᠯᠠᠵᠤ᠂ ᠨᠡᠭᠦᠷᠡᠰᠦ ᠨᠥᠭᠡᠴᠡᠯᠡᠬᠦ᠂ ᠵᠠᠭᠤᠨ ᠲᠦᠮᠡᠨ ᠲᠣᠨ ᠤ ᠨᠡᠭᠦᠷᠡᠰᠦ ᠨᠥᠭᠡᠴᠡᠯᠡᠬᠦ ᠰᠠᠭᠤᠷᠢᠨ ᠭᠠᠵᠠᠷ᠂ ᠨᠡᠭᠦᠷᠡᠰᠦᠨ ᠤ ᠪᠠᠷᠠᠭᠠᠨ ᠤ ᠭᠦᠢᠯᠭᠡᠭᠡᠨ ᠤ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠡᠬᠢᠯᠡᠭᠦᠯᠦᠨ ᠬᠡᠷᠡᠭᠵᠢᠭᠦᠯᠵᠦ᠂ ᠡᠨᠧᠷᠭᠢ᠂ ᠠᠭᠤᠷᠬᠠᠢ ᠶᠢᠨ ᠭᠠᠷᠤᠯᠲᠠ ᠵᠡᠷᠭᠡ ᠶᠡᠭᠡ ᠬᠡᠮᠵᠢᠶᠡᠨ ᠤ ᠲᠠᠸᠠᠷ ᠤᠨ ᠭᠠᠳᠠᠭᠠᠳᠤ ᠣᠷᠤᠭᠤᠯᠤᠯᠲᠠ ᠶᠢ ᠥᠷᠭᠡᠳᠬᠡᠵᠦ᠂ ᠪᠣᠳᠠᠲᠠᠢ ᠭᠠᠵᠠᠷ ᠲᠤᠨᠢ ᠪᠣᠯᠪᠠᠰᠤᠷᠠᠭᠤᠯᠬᠤ᠂ ᠭᠠᠶᠢᠯᠢ ᠪᠠᠲᠤᠯᠠᠬᠤ ᠡᠳ᠋ ᠪᠠᠷᠠᠭᠠᠨ ᠤ ᠭᠦᠢᠯᠭᠡᠭᠡ᠂ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭ᠎ᠠ ᠵᠡᠷᠭᠡ ᠭᠠᠳᠠᠭᠰᠢ ᠴᠢᠭᠯᠡᠭᠦᠯᠦᠭᠰᠡᠨ ᠠᠵᠤ ᠠᠬᠤᠶᠢᠯᠠᠯ ᠢ ᠭᠤᠣᠯᠳᠠᠯᠭ᠎ᠠ ᠲᠠᠢ ᠪᠣᠶᠢᠵᠢᠭᠤᠯᠵᠤ᠂ ᠪᠣᠭᠤᠮᠲᠠ ᠶᠢᠨ ᠪᠠᠷᠠᠭ᠎ᠠ ᠥᠩᠭᠡᠷᠡᠬᠦ ᠬᠡᠮᠵᠢᠶ᠎ᠡ ᠪᠠ ᠪᠦᠲᠦᠭᠡᠭᠳᠡᠬᠦᠨ ᠤ ᠨᠡᠮᠡᠯᠲᠡ ᠥᠷᠲᠡᠭ ᠢ ᠪᠥᠬᠦ ᠲᠠᠯ᠎ᠠ ᠪᠠᠷ ᠳᠡᠭᠡᠭᠰᠢᠯᠡᠭᠦᠯᠵᠦ᠂ ᠪᠥᠬᠦ ᠵᠢᠯ ᠤᠨ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠪᠠᠷᠠᠭᠠᠨ ᠤ ᠬᠡᠮᠵᠢᠶ᠎ᠡ ᠪᠠ ᠠᠷᠠᠯᠵᠢᠶᠠᠨ ᠤ ᠬᠡᠮᠵᠢᠶ᠎ᠡ ᠳᠤ ᠲᠡᠦᠬᠡᠲᠦ ᠴᠢᠨᠠᠷᠲᠠᠢ ᠰᠢᠪᠲᠤᠯᠤᠯᠲᠠ ᠲᠠᠢ ᠪᠣᠯᠭᠠᠬᠤ ᠪᠠᠷ ᠴᠢᠷᠮᠠᠶᠢᠵᠤ᠂ ︽ᠠᠵᠤ ᠠᠬᠤᠢ ᠳᠤ ᠦᠢᠯᠡᠴᠢᠯᠡᠬᠦ ᠵᠠᠮ︾  ᠠᠴᠠ ︽ᠵᠠᠮ ᠠᠴᠠ ᠡᠭᠦᠰᠦᠭᠰᠡᠨ ᠠᠵᠤ ᠠᠬᠤᠢ︾ ᠪᠣᠯᠭᠠᠨ ᠬᠦᠭᠵᠢᠭᠦᠯᠬᠦ ᠶᠢ ᠠᠬᠢᠭᠤᠯᠵᠤ᠂ ︽ᠪᠣᠭᠤᠮᠳᠠ ᠪᠠᠷ ᠥᠩᠭᠡᠷᠡᠬᠦ ᠠᠵᠤ ᠠᠬᠤᠢ︾ ᠠᠴᠠ ︽ᠭᠠᠵᠠᠷ ᠣᠷᠣᠨ ᠳᠤ ᠰᠠᠭᠤᠷᠢᠰᠢᠭᠰᠠᠨ ᠠᠵᠤ ᠠᠬᠤᠢ︾ ᠳᠠᠰᠢ ᠬᠤᠪᠢᠷᠠᠭᠤᠯᠬᠤ ᠶᠢ ᠪᠡᠶᠡᠯᠡᠭᠦᠯᠵᠦ᠂ ᠵᠡᠭᠦᠨ ᠬᠠᠲᠠᠪᠴᠢ ᠪᠣᠭᠤᠮᠲᠠ ᠶᠢᠨ ᠪᠤᠵᠠᠭᠠᠶᠢᠷᠠᠨ ᠬᠦᠴᠦᠷᠬᠡᠭᠵᠢᠬᠦ ᠶᠢ ᠦᠨᠡᠨᠬᠦ ᠠᠬᠢᠭᠤᠯᠤᠨ᠎ᠠ᠃      ︽ᠪᠠᠷᠠᠭᠠᠨ ᠤ ᠲᠡᠭᠡᠭᠡᠪᠦᠷᠢ ᠶᠢᠨ ᠰᠢᠭᠤᠳ ᠨᠡᠪᠲᠡᠷᠡᠬᠦ ᠶᠢ ᠰᠡᠷᠭᠦᠭᠡᠭᠰᠡᠨ ᠤ ᠳᠠᠷᠠᠭ᠎ᠠ ᠮᠠᠨ ᠤ ᠠᠵᠤ ᠠᠬᠤᠶᠢᠯᠠᠯ ᠤᠨ ᠴᠠᠭ ᠤᠨ ᠥᠪᠡᠷ ᠤᠨ ᠥᠷᠲᠡᠭ ᠢ ᠶᠡᠭᠡ ᠪᠠᠷ ᠠᠷᠪᠢᠯᠠᠵᠠᠢ᠂ ᠡᠨᠡ ᠵᠢᠯ ᠪᠢᠳᠡ ᠪᠠᠷᠠᠭᠠᠨ ᠤ ᠲᠡᠭᠡᠭᠡᠪᠦᠷᠢ ᠶᠢᠨ ᠬᠡᠮᠵᠢᠶ᠎ᠡ ᠶᠢ 200 ᠲᠦᠮᠡᠨ ᠲᠣᠨ ᠳᠤ ᠬᠦᠷᠭᠡᠬᠦ ᠳᠤ ᠢᠲᠡᠭᠡᠯ ᠲᠠᠢ ᠪᠠᠶᠢᠨ᠎ᠠ︾ ᠭᠡᠵᠦ ᠥᠪᠥᠷ ᠮᠣᠩᠭᠤᠯ ᠤᠨ ᠯᠢ ᠳ᠋ᠡ ᠤᠯᠠᠨ ᠤᠯᠤᠰ ᠤᠨ ᠪᠠᠷᠠᠭᠠᠨ ᠤ ᠲᠡᠭᠡᠭᠡᠪᠦᠷᠢ ᠶᠢᠨ ᠣᠷᠣᠯᠠᠭᠴᠢ ᠬᠢᠵᠠᠭᠠᠷᠲᠤ ᠺᠣᠮᠫᠠᠨᠢ ᠶᠢᠨ ᠬᠠᠷᠢᠭᠤᠴᠠᠯᠭᠠᠲᠠᠨ ᠲᠠᠨᠢᠯᠴᠠᠭᠤᠯᠪᠠ᠃ ᠵᠡᠭᠦᠨ ᠬᠠᠲᠠᠪᠴᠢ ᠪᠣᠭᠤᠮᠲᠠ ᠶᠢᠨ ᠪᠣᠭᠤᠮᠲᠠ ᠨᠡᠪᠲᠡᠷᠡᠬᠦ ᠶᠢ ᠰᠡᠷᠭᠦᠭᠡᠭᠰᠡᠨ ᠠᠴᠠ ᠨᠠᠰᠢ᠂ ᠵᠡᠭᠦᠨ ᠦᠵᠦᠮᠦᠴᠢᠨ ᠬᠤᠰᠢᠭᠤ ᠬᠢᠯᠢ ᠶᠢᠨ ᠪᠣᠭᠤᠮᠲᠠ ᠶᠢᠨ ᠰᠠᠭᠠᠳ ᠦᠭᠡᠢ ᠨᠡᠪᠲᠡᠷᠡᠬᠦ ᠶᠢ ᠪᠠᠲᠤᠯᠠᠬᠤ ᠠᠵᠢᠯ ᠤᠨ ᠠᠷᠭ᠎ᠠ ᠬᠡᠮᠵᠢᠶ᠎ᠡ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠣᠳᠣ ᠦᠶ᠎ᠡ ᠶᠢᠨ ᠮᠡᠳᠡᠭᠡ ᠵᠠᠩᠭᠢ ᠶᠢᠨ ᠮᠡᠷᠭᠡᠵᠢᠯ ᠢ ᠬᠡᠷᠡᠭᠯᠡᠵᠦ ᠣᠯᠠᠨ ᠤᠯᠤᠰ ᠤᠨ ᠠᠷᠠᠯᠵᠢᠶᠠᠨ ᠤ ︽ᠭᠠᠭᠴᠠ ᠴᠣᠩᠬᠤᠪᠴᠢ︾ ᠶᠢᠨ ᠬᠡᠷᠡᠭᠯᠡᠭᠡᠨ ᠤ ᠪᠦᠲᠦᠭᠡᠨ ᠪᠠᠶᠢᠭᠤᠯᠤᠯᠲᠠ ᠪᠠᠷ ᠭᠠᠷᠳᠠᠴᠠ ᠪᠣᠯᠭᠠᠵᠤ᠂ ᠡᠯ᠎ᠡ ᠰᠠᠯᠠᠭ᠎ᠠ ᠮᠥᠴᠢᠷ᠂ ᠡᠯ᠎ᠡ ᠭᠠᠵᠠᠷ ᠣᠷᠣᠨ ᠤ ᠮᠡᠳᠡᠭᠡ ᠵᠠᠩᠭᠢ ᠶᠢ ᠬᠠᠮᠲᠤ  ᠪᠠᠷ ᠡᠳ᠋ᠯᠡᠬᠦ  ᠶᠢ ᠠᠬᠢᠭᠤᠯᠵᠤ᠂ ᠪᠣᠭᠤᠮᠲᠠ ᠪᠠᠷ ᠲᠦᠷᠭᠡᠨ ᠥᠩᠭᠡᠷᠡᠬᠦ ᠮᠡᠳᠡᠭᠡ ᠵᠠᠩᠭᠢᠵᠢᠯᠲᠠ ᠶᠢᠨ ᠬᠠᠮᠢᠶᠠᠷᠤᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠵᠦ᠂ ᠪᠣᠭᠤᠮᠲᠠ ᠪᠠᠷ ᠥᠩᠭᠡᠷᠡᠬᠦ ᠪᠦᠬᠦᠯᠢ ᠴᠣᠭᠴᠠ ᠶᠢᠨ ᠴᠠᠭ ᠢ ᠪᠠᠭᠠᠰᠬᠠᠨ᠂ ᠪᠣᠭᠤᠮᠲᠠ ᠪᠠᠷ ᠥᠩᠭᠡᠷᠡᠬᠦ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠪᠣᠭᠤᠮᠲᠠ ᠪᠠᠷ ᠥᠩᠭᠡᠷᠡᠬᠦ ᠥᠪᠡᠷ ᠤᠨ ᠥᠷᠲᠡᠭ ᠢ ᠪᠠᠭᠤᠷᠠᠭᠤᠯᠤᠨ᠂ ᠪᠣᠭᠤᠮᠲᠠ ᠪᠠᠷ ᠥᠩᠭᠡᠷᠡᠬᠦ ᠶᠢᠨ ᠲᠤᠬᠠᠢ ᠶᠢᠨ ᠴᠠᠭ ᠤᠨ ᠦᠢᠯᠡᠴᠢᠯᠡᠭᠡᠨ ᠤ ᠦᠢᠯᠡᠳᠦᠯ ᠴᠢᠳᠠᠪᠤᠷᠢ ᠶᠢ ᠴᠢᠩᠭᠠᠳᠬᠠᠵᠤ᠂ ᠪᠣᠳᠠᠲᠠᠢ ᠲᠠᠢ ᠪᠠᠨ ᠤᠶᠠᠯᠳᠤᠭᠤᠯᠤᠨ ᠪᠦᠷᠢᠳᠬᠡᠨ ᠵᠠᠯᠭᠠᠮᠵᠢᠯᠠᠬᠤ᠂ ᠴᠠᠭ ᠢ ᠤᠷᠲᠤᠳᠬᠠᠵᠤ ᠰᠢᠯᠭᠠᠨ ᠶᠠᠪᠤᠭᠤᠯᠬᠤ᠂ ᠨᠠᠷᠢᠯᠢᠭ ᠣᠨᠤᠪᠴᠢᠲᠠᠢ ᠪᠠᠷ ᠪᠠᠶᠢᠷᠢᠯᠠᠭᠤᠯᠤᠨ ᠡᠵᠡᠮᠳᠡᠬᠦ ᠪᠠ ᠲᠦᠷᠭᠡᠨ ᠪᠠᠶᠢᠴᠠᠭᠠᠨ ᠰᠢᠯᠭᠠᠬᠤ ᠶᠢ ᠬᠡᠷᠡᠭᠵᠢᠭᠦᠯᠵᠦ᠂ ︽ᠲᠦᠷᠭᠡᠨ ᠬᠢᠨᠠᠬᠤ᠂ ᠲᠦᠷᠭᠡᠨ ᠪᠠᠶᠢᠴᠠᠭᠠᠬᠤ᠂ ᠲᠦᠷᠭᠡᠨ ᠰᠢᠯᠭᠠᠬᠤ᠂ ᠲᠦᠷᠭᠡᠨ ᠶᠠᠪᠤᠭᠤᠯᠬᠤ︾ ᠶᠢ ᠪᠡᠶᠡᠯᠡᠭᠦᠯᠵᠦ ᠂ ᠪᠣᠭᠤᠮᠲᠠ ᠶᠢᠨ ᠭᠠᠳᠠᠭᠠᠳᠤ ᠣᠷᠤᠭᠤᠯᠤᠯᠲᠠ ᠭᠠᠷᠭᠠᠯᠲᠠ ᠶᠢᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠪᠠ᠃      ᠬᠤᠰᠢᠭᠤ ᠨᠠᠮ ᠤᠨ ᠬᠤᠷᠢᠶᠠᠨ ᠤ ᠱᠦᠵᠢ ᠬᠢᠩᠭᠠᠨ᠄ ᠪᠢᠳᠡ ᠬᠢᠯᠢ ᠶᠢᠨ ᠪᠣᠭᠤᠮᠲᠠ ᠶᠢᠨ ᠠᠵᠤ ᠠᠬᠤᠢ ᠶᠢ ᠢᠳᠡᠪᠬᠢᠲᠡᠢ ᠬᠥᠭᠵᠢᠭᠦᠯᠵᠦ᠂ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠶᠢ ᠶᠡᠬᠡᠪᠡᠷ ᠥᠷᠨᠢᠭᠦᠯᠵᠦ᠂ ᠡᠳ᠋ ᠪᠠᠷᠠᠭᠠᠨ ᠤ ᠭᠦᠢᠯᠭᠡᠭᠡᠨ ᠤ ᠬᠥᠮᠥᠷᠭᠡᠯᠡᠯᠲᠡ᠂ ᠪᠣᠳᠠᠲᠠᠶᠢᠵᠢᠭᠤᠯᠤᠨ ᠡᠳ᠋ᠰᠢᠭᠦᠯᠬᠦ᠂ ᠬᠢᠯᠢ ᠠᠯᠤᠰᠯᠠᠭᠰᠠᠨ ᠵᠢᠭᠤᠯᠴᠢᠯᠠᠯ ᠵᠡᠷᠭᠡ ᠨᠡᠭᠡᠭᠡᠯᠲᠡᠲᠤ ᠠᠵᠤ ᠦᠢᠯᠡᠰ ᠢ ᠭᠤᠣᠯᠳᠠᠯᠭ᠎ᠠ ᠲᠠᠢ ᠣᠷᠣᠭᠤᠯᠤᠨ ᠠᠪᠴᠢᠷᠠᠬᠤ ᠪᠠ ᠪᠣᠶᠢᠵᠢᠭᠤᠯᠵᠤ᠂ ᠠᠵᠤ ᠠᠬᠤᠢ ᠳᠤ ᠦᠢᠯᠡᠴᠢᠯᠡᠬᠦ ᠵᠠᠮ ᠠᠴᠠ ᠵᠠᠮ ᠠᠴᠠ ᠡᠭᠦᠰᠦᠭᠰᠡᠨ ᠠᠵᠤ ᠠᠬᠤᠢ ᠪᠣᠯᠭᠠᠨ ᠬᠦᠭᠵᠢᠭᠦᠯᠬᠦ ᠶᠢ ᠠᠬᠢᠭᠤᠯᠵᠤ᠂ ᠪᠣᠭᠤᠮᠳᠠ ᠪᠠᠷ ᠥᠩᠭᠡᠷᠡᠬᠦ ᠠᠵᠤ ᠠᠬᠤᠢ ᠠᠴᠠ ᠭᠠᠵᠠᠷ ᠣᠷᠣᠨ ᠳᠤ ᠰᠠᠭᠤᠷᠢᠰᠢᠭᠰᠠᠨ ᠠᠵᠤ ᠠᠬᠤᠢ ᠳᠠᠰᠢ ᠳᠠᠰᠢ ᠬᠤᠪᠢᠷᠠᠭᠤᠯᠤᠨ᠎ᠠ᠃      ᠬᠢᠯᠢ ᠳᠠᠭᠠᠤ ᠶᠢᠨ ᠪᠣᠭᠤᠮᠲᠠ ᠨᠢ ︽ᠪᠠᠷᠠᠭ᠎ᠠ ᠨᠡᠪᠲᠡᠷᠡᠬᠦ ᠵᠠᠮ︾ ᠪᠣᠯᠬᠤ ᠪᠠᠷ ᠪᠠᠷᠠᠬᠤ ᠦᠭᠡᠢ ᠪᠠᠰᠠ ᠬᠢᠯᠢ ᠳᠠᠭᠠᠤ ᠶᠢᠨ ᠭᠠᠵᠠᠷ ᠣᠷᠣᠨ ᠤ ᠠᠵᠤ ᠠᠬᠤᠢ ᠶᠢᠨ ᠬᠥᠭᠵᠢᠯᠲᠡ ᠶᠢᠨ ᠴᠢᠬᠤᠯᠠ ᠴᠣᠩᠬᠤ ᠪᠣᠯᠣᠨ᠎ᠠ᠃ ᠵᠡᠭᠦᠨ ᠦᠵᠦᠮᠦᠴᠢᠨ ᠬᠤᠰᠢᠭᠤ ᠨᠢ ᠣᠷᠣᠨ ᠪᠠᠶᠢᠷᠢ ᠪᠠ ᠲᠥᠷᠥ ᠶᠢᠨ ᠪᠣᠳᠣᠯᠭ᠎ᠠ ᠶᠢᠨ ᠳᠠᠪᠠᠭᠤᠯᠢᠭ ᠲᠠᠭᠠᠨ ᠰᠠᠭᠤᠷᠢᠯᠠᠨ᠂ ᠪᠣᠭᠤᠮᠲᠠ ᠶᠢᠨ ᠠᠵᠤ ᠠᠬᠤᠢ ᠶᠢ ᠶᠡᠭᠡ ᠪᠠᠷ ᠬᠥᠭᠵᠢᠭᠦᠯᠵᠦ᠂ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠶᠢ ᠬᠦᠴᠦ ᠪᠠᠨ ᠲᠥᠪᠯᠡᠷᠡᠭᠦᠯᠦᠨ ᠰᠠᠶᠢᠲᠤᠷ ᠠᠳᠬᠤᠵᠤ᠂ ᠬᠤᠳᠠᠯᠳᠤᠭ᠎ᠠ ᠡᠷᠭᠢᠯᠡᠬᠦ ᠣᠷᠴᠢᠨ ᠲᠣᠭᠤᠷᠢᠨ ᠢ ᠦᠷᠭᠦᠯᠵᠢᠯᠡᠨ ᠰᠢᠯᠢᠳᠡᠭᠵᠢᠭᠦᠯᠵᠦ᠂ ᠬᠤᠳᠠᠯᠳᠤᠭᠠᠨ ᠤ ᠬᠦᠴᠦᠨ ᠢ ᠲᠥᠪᠯᠡᠷᠡᠭᠦᠯᠦᠨ᠂ ᠬᠥᠮᠥᠰ ᠤᠨ ᠠᠩᠬᠠᠷᠤᠯ ᠢ ᠲᠠᠲᠠᠵᠤ᠂ ᠪᠥᠬᠦ ᠬᠤᠰᠢᠭᠤᠨ ᠤ ᠠᠵᠤ ᠠᠬᠤᠢ ᠶᠢᠨ ᠬᠥᠭᠵᠢᠯᠲᠡ ᠶᠢᠨ ᠬᠢᠷᠢ ᠲᠦᠪᠰᠢᠨ ᠢ ᠪᠥᠬᠦ ᠲᠠᠯ᠎ᠠ ᠪᠠᠷ ᠳᠡᠭᠡᠭᠰᠢᠯᠡᠭᠦᠯᠦᠨ᠂ ᠴᠢᠨᠠᠷ ᠰᠠᠶᠢᠲᠠᠢ ᠭᠠᠳᠠᠭᠠᠳᠤ ᠨᠡᠭᠡᠭᠡᠯᠲᠡ ᠶᠢ ᠪᠡᠶᠡᠯᠡᠭᠦᠯᠦᠨ᠎ᠡ᠃ ︽ᠵᠡᠭᠦᠨ ᠦᠵᠦᠮᠦᠴᠢᠨ ᠬᠤᠰᠢᠭᠤᠨ ᠤ 2023 ᠣᠨ ᠤ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠠᠵᠢᠯ ᠤᠨ ᠲᠥᠰᠥᠯ︾ ᠢ ᠲᠣᠭᠲᠠᠭᠠᠨ ᠳᠠᠷᠤᠮᠠᠯᠯᠠᠨ ᠲᠠᠷᠬᠠᠭᠠᠵᠤ᠂ ᠭᠠᠳᠠᠭᠰᠢ ᠨᠡᠭᠡᠭᠡᠯᠲᠡ ᠬᠢᠬᠦ᠂ ᠣᠲᠣ ᠦᠶ᠎ᠡ ᠶᠢᠨ ᠡᠨᠧᠷᠭᠢ᠂ ᠪᠣᠬᠢᠷᠲᠤᠯ ᠦᠭᠡᠢ ᠮᠠᠯ ᠤᠨ ᠠᠰᠢᠭ ᠰᠢᠮ᠎ᠡ᠂ ᠣᠲᠣ ᠦᠶ᠎ᠡ ᠶᠢᠨ ᠦᠢᠯᠡᠴᠢᠯᠡᠭᠡᠨ ᠤ ᠦᠢᠯᠡᠰ ᠵᠡᠷᠭᠡ 4 ᠭᠤᠣᠯᠳᠠᠯᠭ᠎ᠠ ᠲᠠᠢ ᠠᠵᠤ ᠦᠢᠯᠡᠰ ᠤᠨ ᠬᠤᠳᠠᠯᠳᠤᠭᠠᠴᠢᠨ ᠤᠷᠢᠬᠤ ᠲᠤᠰᠬᠠᠢ ᠠᠩᠭᠢ ᠶᠢᠨ 10 ᠠᠵᠤ ᠦᠢᠯᠡᠰ ᠤᠨ ᠬᠡᠯᠬᠢᠶ᠎ᠡ ᠶᠢ ᠵᠣᠬᠢᠶᠠᠨ ᠪᠠᠶᠢᠭᠤᠯᠵᠤ᠂ ᠬᠡᠯᠬᠢᠶ᠎ᠡ ᠶᠢ ᠲᠦᠰᠦᠪᠯᠡᠨ ᠪᠣᠭᠤᠳᠠᠯᠯᠠᠭᠰᠠᠨ ᠶᠡᠷᠦᠩᠬᠡᠢ ᠪᠡᠯᠡ ᠣᠷᠤᠭᠤᠯᠤᠯᠲᠠ ᠨᠢ ᠪᠠᠷᠤᠭ 135 ᠳ᠋ᠦᠩᠰᠢᠭᠤᠷ ᠲᠥᠭᠦᠷᠢᠭ ᠤᠨ 27 ᠵᠦᠢᠯ ᠤᠨ ᠭᠤᠣᠯᠳᠠᠯᠭ᠎ᠠ ᠲᠠᠢ ᠠᠵᠤ ᠠᠬᠤᠢ ᠶᠢᠨ ᠬᠠᠮᠲᠤᠷᠠᠯᠴᠠᠭᠠᠨ ᠤ ᠲᠥᠷᠥᠯ ᠵᠦᠢᠯ ᠢ ᠪᠠᠶᠢᠭᠤᠯᠤᠨ᠎ᠠ᠃ ᠡᠨᠡ ᠵᠢᠯ ᠠᠴᠠ ᠨᠠᠰᠢ᠂ ᠬᠤᠰᠢᠭᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠤᠳᠤᠷᠢᠳᠤᠯᠭ᠎ᠠ ᠪᠡᠶ᠎ᠡ ᠪᠠᠷ ᠢᠶᠠᠨ ᠲᠦᠷᠦᠭᠦᠯᠡᠨ ᠪᠡᠭᠡᠵᠢᠩ᠂ ᠱᠠᠩᠬᠠᠢ᠂ ᠬᠠᠩᠵᠧᠦ᠂ ᠬᠥᠬᠡᠨᠠᠭᠤᠷ᠂ ᠬᠥᠬᠡᠬᠤᠲᠠ᠂ ᠲᠦᠩᠯᠢᠶᠣᠣ ᠵᠡᠷᠭᠡ ᠭᠠᠵᠠᠷ ᠲᠤ ᠬᠦᠷᠴᠦ ᠬᠤᠳᠠᠯᠳᠤᠭᠠᠴᠢᠨ ᠤᠷᠢᠬᠤ ᠬᠡᠯᠡᠯᠴᠡᠭᠡ ᠶᠢ 10 ᠭᠠᠷᠤᠢ ᠤᠳᠠᠭ᠎ᠠ ᠥᠷᠨᠢᠭᠦᠯᠵᠦ᠂ ᠪᠣᠳᠠᠲᠤ ᠬᠦᠴᠦᠨ ᠢᠶᠠᠷ ᠴᠢᠩᠭ᠎ᠠ᠂ ᠰᠠᠨᠠᠭ᠎ᠠ ᠵᠣᠷᠢᠯᠭ᠎ᠠ ᠪᠠᠷ ᠭᠦᠢᠴᠡᠳ ᠣᠯᠠᠨ ᠺᠣᠮᠫᠠᠨᠢ ᠶᠢ ᠤᠷᠢᠵᠤ ᠶᠠᠷᠢᠯᠴᠠᠭᠤᠯᠤᠨ ᠵᠣᠯᠭᠠᠭᠤᠯᠵᠤ᠂ ᠨᠡᠶᠢᠲᠡ 46 ᠲᠥᠷᠥᠯ ᠵᠦᠢᠯ ᠢ ᠵᠥᠪᠳᠡᠨ ᠶᠠᠷᠢᠯᠴᠠᠵᠤ᠂ ᠵᠡᠭᠦᠨ ᠦᠵᠦᠮᠦᠴᠢᠨ ᠬᠤᠰᠢᠭᠤᠨ ᠤ ᠪᠣᠭᠤᠮᠲᠠ᠂ ᠡᠬᠢ ᠪᠠᠶᠠᠯᠢᠭ᠂ ᠦᠢᠯᠡᠴᠢᠯᠡᠭᠡ ᠵᠡᠷᠭᠡ ᠬᠤᠳᠠᠯᠳᠤᠭᠠᠴᠢᠨ ᠤᠷᠢᠬᠤ ᠳᠠᠪᠠᠭᠤᠯᠢᠭ ᠢ ᠪᠥᠬᠦ ᠬᠦᠴᠦᠨ ᠢᠶᠠᠷ ᠢᠶᠠᠨ ᠲᠠᠨᠢᠯᠴᠠᠭᠤᠯᠤᠭᠰᠠᠨ ᠪᠠᠶᠢᠨ᠎ᠠ᠃ ᠰᠢᠨ᠎ᠡ ᠪᠠᠷ ᠭᠡᠷ᠎ᠡ ᠲᠣᠭᠲᠠᠨ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ 4 ᠲᠥᠷᠥᠯ ᠵᠦᠢᠯ ᠢ ᠪᠡᠶᠡᠯᠡᠭᠦᠯᠵᠦ᠂ ᠨᠡᠶᠢᠲᠡ ᠭᠡᠷ᠎ᠡ ᠲᠣᠭᠲᠠᠭᠰᠠᠨ ᠵᠣᠭᠤᠰ ᠤᠨ ᠲᠤᠭ᠎ᠠ ᠨᠢ 9.2 ᠳ᠋ᠦᠩᠰᠢᠭᠤᠷ ᠲᠥᠭᠦᠷᠢᠭ ᠲᠤ ᠬᠥᠷᠪᠡ︔ 5 ᠲᠥᠷᠥᠯ ᠵᠦᠢᠯ ᠢ ᠰᠢᠨ᠎ᠡ ᠪᠠᠷ ᠨᠠᠶᠢᠳᠠᠪᠤᠷᠢᠵᠢᠭᠤᠯᠵᠤ᠂ 13.38 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠬᠤ ᠪᠠᠷ ᠲᠥᠯᠥᠪᠯᠡᠵᠦ ᠪᠣᠶ︔ 4 ᠲᠥᠷᠥᠯ ᠵᠦᠢᠯ ᠢ ᠰᠢᠨ᠎ᠡ ᠪᠠᠷ ᠠᠵᠢᠯ ᠡᠬᠢᠯᠡᠭᠦᠯᠵᠦ᠂ ᠶᠡᠷᠦᠩᠬᠡᠢ ᠪᠡᠯᠡ ᠣᠷᠤᠭᠤᠯᠤᠯᠲᠠ ᠨᠢ 6.3 ᠳ᠋ᠦᠩᠰᠢᠭᠤᠷ ᠲᠥᠭᠦᠷᠢᠭ ᠲᠤ ᠬᠦᠷᠴᠦ᠂ ᠵᠢᠯ ᠳᠤ 1.2 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠬᠤ ᠪᠠᠷ ᠲᠥᠯᠥᠪᠯᠡᠵᠦ ᠪᠣᠶ᠃ ᠠᠵᠤ ᠠᠬᠤᠶᠢᠯᠠᠯ ᠤᠨ ᠦᠢᠯᠡᠴᠢᠯᠡᠭᠡᠨ ᠤ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠬᠠᠷᠠᠯᠲᠠᠲᠤ ᠠᠵᠤ ᠠᠬᠤᠶᠢᠯᠠᠯ ᠤᠨ ᠮᠥᠷᠳᠡᠨ ᠦᠢᠯᠡᠴᠢᠯᠡᠬᠦ᠂ ᠭᠡᠷ᠎ᠡ ᠲᠣᠭᠲᠠᠭᠰᠠᠨ ᠲᠥᠷᠥᠯ ᠵᠦᠢᠯ ᠤᠨ ᠮᠥᠷᠳᠡᠨ ᠳᠠᠭᠠᠵᠤ ᠦᠷ᠎ᠡ ᠪᠦᠲᠦᠮᠵᠢ ᠶᠢ ᠠᠰᠠᠭᠤᠬᠤ᠂ ᠠᠮᠠᠯᠠᠯᠲᠠ ᠶᠢᠨ ᠲᠥᠷᠥ ᠶᠢᠨ ᠪᠣᠳᠣᠯᠭ᠎ᠠ ᠶᠢ ᠮᠥᠷᠳᠡᠨ ᠪᠡᠶᠡᠯᠡᠭᠦᠯᠬᠦ ᠶᠢ ᠰᠠᠶᠢᠲᠤᠷ ᠬᠢᠨ᠎ᠡ᠃ ᠪᠦᠭᠦ ᠬᠤᠰᠢᠭᠤᠨ ᠤ 20 ᠭᠠᠷᠤᠢ ᠭᠠᠳᠠᠭᠠᠳᠤ ᠠᠷᠠᠯᠵᠢᠶᠠᠨ ᠤ ᠠᠵᠤ ᠠᠬᠤᠶᠢᠯᠠᠯ ᠢ ᠵᠣᠬᠢᠶᠠᠨ ᠪᠠᠶᠢᠭᠤᠯᠤᠨ ᠪᠦᠭᠦ ᠤᠯᠤᠰ ᠤᠨ ᠪᠦᠭᠦ ᠣᠷᠣᠨ ᠤ ᠭᠠᠳᠠᠭᠠᠳᠤ ᠶᠢᠨ ᠬᠤᠳᠠᠯᠳᠤᠭᠠᠴᠢᠨ ᠤ ᠪᠡᠯᠡ ᠣᠷᠤᠭᠤᠯᠤᠯᠲᠠ ᠵᠢᠴᠢ ᠭᠠᠳᠠᠭᠠᠳᠤ ᠠᠷᠠᠯᠵᠢᠶᠠᠨ ᠤ ᠲᠤᠬᠠᠶᠢᠯᠠᠭᠰᠠᠨ ᠠᠵᠢᠯ ᠤᠨ ᠪᠣᠯᠪᠠᠰᠤᠷᠠᠯ ᠳᠤ ᠣᠷᠣᠯᠴᠠᠭᠤᠯᠵᠤ᠂ ᠭᠠᠳᠠᠭᠠᠳᠤ ᠠᠷᠠᠯᠵᠢᠶᠠᠨ ᠤ ᠠᠵᠤ ᠠᠬᠤᠶᠢᠯᠠᠯ ᠢ ᠬᠠᠪᠰᠤᠷᠤᠨ ᠬᠠᠮᠤᠭ ᠤᠨ ᠰᠢᠨ᠎ᠡ ᠭᠠᠳᠠᠭᠠᠳᠤ ᠠᠷᠠᠯᠵᠢᠶᠠᠨ ᠤ ᠳᠦᠷᠦ ᠶᠢᠨ ᠬᠢᠯᠢ ᠶᠢᠨ ᠠᠷᠠᠳ ᠤᠨ ᠵᠠᠬ᠎ᠠ ᠶᠢᠨ ᠠᠷᠠᠯᠵᠢᠶᠠᠨ ᠤ ᠵᠠᠬ᠎ᠠ ᠳᠡᠯᠭᠡᠭᠦᠷ ᠤᠨ ᠠᠷᠠᠯᠵᠢᠶ᠎ᠠ ᠶᠢᠨ ᠬᠥᠭᠵᠢᠯᠲᠡ ᠶᠢ ᠪᠥᠬᠦ ᠬᠦᠴᠦᠨ ᠢᠶᠠᠷ ᠢᠶᠠᠨ ᠠᠬᠢᠭᠤᠯᠵᠤ᠂ ᠤᠯᠤᠰ ᠠᠯᠤᠰᠯᠠᠭᠰᠠᠨ ᠬᠠᠮᠲᠤᠷᠠᠯᠴᠠᠭ᠎ᠠ ᠰᠣᠯᠢᠯᠴᠠᠭᠠᠨ ᠤ ᠲᠠᠪᠴᠠᠩ ᠢ ᠢᠳᠡᠪᠬᠢᠲᠡᠢ ᠪᠠᠶᠢᠭᠤᠯᠵᠤ᠂ ᠪᠣᠳᠠᠲᠤ ᠬᠦᠴᠦᠨ ᠲᠠᠢ ᠠᠵᠤ ᠠᠬᠤᠶᠢᠯᠠᠯ ᠤᠨ ᠣᠯᠠᠨ ᠤᠯᠤᠰ ᠤᠨ ᠬᠠᠮᠲᠤᠷᠠᠯᠴᠠᠭ᠎ᠠ ᠥᠷᠨᠢᠭᠦᠯᠬᠦ ᠶᠢ ᠠᠬᠢᠭᠤᠯᠵᠤ᠂ ᠡᠨᠡ ᠵᠢᠯ ᠤᠨ 7 ᠰᠠᠷ᠎ᠠ ᠳᠤ ︽ᠳᠤᠮᠳᠠᠳᠤ ᠮᠣᠩᠭᠤᠯ ᠤᠨ ᠦᠵᠡᠰᠬᠦᠯᠡᠩ ᠤᠨ ᠴᠤᠭᠯᠠᠭᠠᠨ ︱ 2023 ᠵᠡᠭᠦᠨ ᠬᠠᠲᠠᠪᠴᠢ ᠣᠯᠠᠨ ᠤᠯᠤᠰ ᠤᠨ ᠲᠠᠸᠠᠷ ᠤᠨ ᠰᠣᠯᠢᠯᠴᠠᠭᠠᠨ ᠤ ᠴᠤᠭᠯᠠᠭᠠᠨ︾ ᠢ ᠡᠷᠭᠢᠯᠡᠵᠦ᠂ 11 ᠰᠠᠷ᠎ᠠ ᠳᠤ ᠬᠤᠰᠢᠭᠤᠨ ᠤ ᠡᠯ᠎ᠡ ᠲᠥᠷᠥᠯ ᠤᠨ ᠠᠵᠤ ᠠᠬᠤᠶᠢᠯᠠᠯ ᠢ ᠵᠣᠬᠢᠶᠠᠨ ᠪᠠᠶᠢᠭᠤᠯᠤᠨ ︽ᠳᠤᠮᠳᠠᠳᠤ ᠤᠯᠤᠰ ᠤᠨ ᠭᠠᠳᠠᠭᠠᠳᠤ ᠣᠷᠤᠭᠤᠯᠤᠯᠲᠠ ᠶᠢᠨ ᠦᠵᠡᠰᠬᠦᠯᠡᠩ ᠤᠨ ᠴᠤᠭᠯᠠᠭᠠᠨ︾ ᠳᠤ ᠣᠷᠣᠯᠴᠠᠭᠤᠯᠬᠤ ᠪᠠᠷ ᠲᠥᠯᠥᠪᠯᠡᠵᠦ ᠪᠣᠶ᠃      ᠨᠡᠭᠡᠭᠡᠯᠲᠡ ᠨᠢ ᠠᠵᠠ ᠲᠣᠬᠢᠶᠠᠯ ᠢ ᠡᠭᠦᠳᠴᠦ᠂ ᠨᠡᠭᠡᠭᠡᠯᠲᠡ ᠨᠢ ᠢᠷᠡᠭᠡᠳᠦᠢ ᠶᠢ ᠬᠥᠲᠥᠯᠥᠨ ᠳᠠᠭᠠᠭᠤᠯᠤᠨ᠎ᠠ᠃ ᠵᠡᠭᠦᠨ ᠦᠵᠦᠮᠦᠴᠢᠨ ᠬᠤᠰᠢᠭᠤ ᠲᠠᠪᠤᠨ ᠶᠡᠭᠡ ᠡᠭᠦᠷᠭᠡ ᠶᠢ ᠨᠠᠶᠢᠳᠠᠪᠤᠷᠢᠵᠢᠭᠤᠯᠬᠤ ᠪᠠ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠬᠤᠶᠠᠷ ᠶᠡᠭᠡ ᠶᠠᠪᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ︽ᠴᠠᠭ ᠪᠢᠳᠡᠨ ᠢ ᠬᠦᠯᠢᠶᠡᠬᠦ ᠦᠭᠡᠢ︾ ᠲᠤᠯᠭᠠᠮ᠎ᠠ ᠰᠡᠳᠬᠢᠯᠭᠡ ᠪᠠ ︽ᠴᠠᠭ ᠢᠮᠠᠭᠲᠠ ᠰᠠᠨᠠᠭ᠎ᠠ ᠠᠮᠤᠷ ᠦᠭᠡᠢ︾ ᠬᠠᠷᠢᠭᠤᠴᠠᠯᠭᠠᠲᠤ ᠰᠡᠳᠬᠢᠯᠭᠡ ᠪᠠᠷ ᠣᠶᠢᠯᠠᠭᠠᠭᠳᠠᠬᠤᠨ ᠢᠶᠠᠨ ᠬᠤᠪᠢᠷᠠᠭᠤᠯᠵᠤ᠂ ᠰᠡᠳᠬᠢᠬᠦᠢ ᠪᠠᠨ ᠰᠢᠨᠡᠴᠢᠯᠡᠵᠦ᠂ ᠠᠷᠭ᠎ᠠ ᠪᠦᠬᠦᠨ ᠢ ᠰᠦᠪᠡᠭᠴᠢᠯᠡᠨ ︽ᠭᠠᠳᠠᠭᠰᠢ ᠭᠠᠷᠬᠤ︾᠂ ᠠᠷᠭ᠎ᠠ ᠪᠦᠬᠦᠨ ᠢ ᠰᠦᠪᠡᠭᠴᠢᠯᠡᠨ ︽ᠤᠷᠢᠵᠤ ᠠᠪᠴᠢᠷᠠᠬᠤ︾᠂ ᠡᠷᠡᠯᠬᠡᠭᠯᠡᠨ ᠲᠡᠮᠡᠴᠡᠵᠦ᠂ ᠡᠷᠡᠮᠡᠬᠡᠶᠢᠯᠡᠨ ᠤᠷᠤᠭᠰᠢᠯᠠᠵᠤ᠂ ᠡᠯ᠎ᠡ ᠵᠦᠢᠯ ᠤᠨ ᠦᠢᠯᠡᠰ ᠤᠨ ᠲᠠᠰᠤᠷᠠᠯᠲᠠ ᠦᠭᠡᠢ ᠰᠢᠨ᠎ᠡ ᠦᠷ᠎ᠡ ᠪᠦᠲᠦᠮᠵᠢ ᠣᠯᠬᠤ ᠶᠢ ᠯᠠᠪᠳᠠᠭᠤᠨ ᠢᠶᠠᠷ ᠠᠬᠢᠭᠤᠯᠵᠤ᠂ ᠪᠣᠳᠠᠲᠠᠢ ᠪᠠᠷ ᠠᠵᠢᠯᠯᠠᠵᠤ ᠬᠠᠷᠢᠭᠤᠴᠠᠯᠭ᠎ᠠ ᠡᠭᠦᠷᠭᠡᠯᠡᠬᠦ ᠪᠠᠷ ᠥᠨᠳᠥᠷ ᠲᠦᠪᠰᠢᠨ ᠪᠦᠬᠦᠢ ᠭᠠᠳᠠᠭᠠᠳᠤ ᠨᠡᠭᠡᠭᠡᠯᠲᠡ ᠶᠢᠨ ᠰᠢᠨ᠎ᠡ ᠬᠠᠭᠤᠳᠠᠰᠤ ᠶᠢ ᠪᠢᠴᠢᠭᠯᠡᠨ᠎ᠡ᠃
 
ᠢᠷᠡᠯᠲᠡ᠄ ᠵᠡᠭᠦᠨ ᠦᠵᠦᠮᠦᠴᠢᠨ ᠬᠤᠰᠢᠭᠤᠨ ᠤ ᠵᠠᠰᠠᠭ ᠤᠨ ᠣᠷᠳᠣᠨ ᠤ ᠠᠯᠪᠠᠨ ᠬᠡᠷ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号