︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ 12345 ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠷᠠᠳ ᠲᠤ ᠲᠥᠬᠦᠮ ᠦᠵᠡᠭᠦᠯᠬᠦ ᠬᠠᠯᠠᠮᠰᠢᠯ ᠤᠲᠠᠰᠤ ᠬᠢᠭᠡᠳ 110 ᠴᠠᠭᠳᠠᠭ᠎ᠠ ᠳᠤ ᠮᠡᠳᠡᠭᠦᠯᠬᠦ ᠦᠢᠯᠡᠴᠢᠯᠡᠭᠡᠨ ᠤ ᠲᠠᠪᠴᠠᠩ ᠢ ᠥᠨᠳᠥᠷ ᠪᠦᠲᠦᠮᠵᠢᠲᠡᠶ ᠪᠠᠷ ᠵᠣᠯᠭᠠᠭᠤᠯᠵᠤ ᠬᠤᠯᠪᠣᠭᠠᠯᠠᠨ ᠬᠥᠳᠡᠯᠦᠯᠴᠡᠬᠦ ᠶᠢ ᠠᠬᠢᠭᠤᠯᠬᠤ ᠬᠡᠷᠡᠭᠵᠢᠭᠦᠯᠬᠦ ᠲᠥᠰᠥᠯ︾ ᠤᠨ ᠲᠥᠷᠥ ᠶᠢᠨ ᠪᠣᠳᠣᠯᠭ᠎ᠠ ᠶᠢᠨ ᠲᠠᠶᠢᠯᠤᠮᠵᠢ
ᠨᠡᠶᠢᠲᠡᠯᠡᠭᠰᠡᠨ ᠴᠠᠭ᠄
2023/5/26
      2022 ᠣᠨ ᠤ 12 ᠳ᠋ᠤᠭᠠᠷ ᠰᠠᠷ᠎ᠠ ᠳᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠠᠴᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ 12345 ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠷᠠᠳ ᠲᠤ ᠲᠥᠬᠦᠮ ᠦᠵᠡᠭᠦᠯᠬᠦ ᠬᠠᠯᠠᠮᠰᠢᠯ ᠤᠲᠠᠰᠤ ᠪᠣᠯᠣᠨ 110 ᠴᠠᠭᠳᠠᠭ᠎ᠠ ᠳᠤ ᠮᠡᠳᠡᠭᠦᠯᠬᠦ ᠦᠢᠯᠡᠴᠢᠯᠡᠭᠡᠨ ᠤ ᠲᠠᠪᠴᠠᠩ ᠢ ᠥᠨᠳᠥᠷ ᠪᠦᠲᠦᠮᠵᠢᠲᠡᠶ ᠪᠠᠷ ᠵᠣᠯᠭᠠᠭᠤᠯᠵᠤ ᠬᠤᠯᠪᠣᠭᠠᠯᠠᠨ ᠬᠥᠳᠡᠯᠦᠯᠴᠡᠬᠦ ᠶᠢ ᠠᠬᠢᠭᠤᠯᠬᠤ ᠬᠡᠷᠡᠭᠵᠢᠭᠦᠯᠬᠦ ᠲᠥᠰᠥᠯ︾ ︵ᠥᠪᠥᠷ ᠵᠠᠰᠠᠭ ᠠᠯᠪᠠᠨ ᠲᠠᠷᠬᠠᠭᠠᠭᠰᠠᠨ ﹇2022﹈ 89 ᠳ᠋ᠦ᠋ᠭᠡᠷ ᠲᠣᠭᠠᠲᠤ︶ ᠢ ᠳᠠᠷᠤᠮᠠᠯᠯᠠᠨ ᠲᠠᠷᠬᠠᠭᠠᠪᠠ᠃ 12345 ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠷᠠᠳ ᠲᠤ ᠲᠥᠬᠦᠮ ᠦᠵᠡᠭᠦᠯᠬᠦ ᠬᠠᠯᠠᠮᠰᠢᠯ ᠤᠲᠠᠰᠤ ︵ᠳᠣᠷᠣᠭᠰᠢ 12345 ᠭᠡᠵᠦ ᠲᠣᠪᠴᠢᠯᠠᠨ᠎ᠠ︶ ᠪᠠ 110 ᠴᠠᠭᠳᠠᠭ᠎ᠠ ᠳᠤ ᠮᠡᠳᠡᠭᠦᠯᠬᠦ ᠦᠢᠯᠡᠴᠢᠯᠡᠭᠡᠨ ᠤ ᠲᠠᠪᠴᠠᠩ ︵ᠳᠣᠷᠣᠭᠰᠢ 110 ᠭᠡᠵᠦ ᠲᠣᠪᠴᠢᠯᠠᠨ᠎ᠠ︶ ᠤᠨ ᠬᠠᠮᠵᠢᠯᠴᠠᠨ ᠦᠢᠯᠡᠴᠢᠯᠡᠬᠦ ᠦᠢᠯᠡᠳᠦᠯ ᠴᠢᠳᠠᠮᠵᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠭᠥᠯᠢᠶᠡᠨ ᠠᠪᠴᠤ ᠰᠢᠢᠳᠪᠦᠷᠢᠯᠡᠬᠦ ᠬᠦᠷᠢᠶ᠎ᠡ ᠬᠡᠪᠴᠢᠶ᠎ᠡ ᠶᠢ ᠲᠣᠳᠣᠷᠬᠠᠶᠢᠯᠠᠨ᠂ ᠵᠣᠯᠭᠠᠭᠤᠯᠵᠤ ᠬᠤᠯᠪᠣᠭᠠᠯᠠᠨ ᠬᠥᠳᠡᠯᠦᠯᠴᠡᠬᠦ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠰᠢᠰᠲ᠋ᠧᠮ ᠤᠨ ᠲᠤᠯᠭᠠᠭᠤᠷᠢᠯᠠᠯ ᠪᠠ ᠲᠤᠭ᠎ᠠ ᠪᠠᠷᠢᠮᠲᠠ ᠶᠢ ᠬᠠᠮᠲᠤ ᠪᠠᠷ ᠬᠦᠷᠲᠡᠵᠦ ᠬᠡᠷᠡᠭᠯᠡᠬᠦ ᠶᠢ ᠴᠢᠩᠭᠠᠳᠬᠠᠬᠤ ᠵᠡᠷᠭᠡ ᠠᠭᠤᠯᠭ᠎ᠠ ᠶᠢ ᠲᠣᠳᠣᠷᠬᠠᠶᠢᠯᠠᠪᠠ᠃ ᠡᠳᠦᠭᠡ ᠬᠤᠯᠪᠣᠭᠳᠠᠯ ᠪᠦᠬᠦᠢ ᠲᠥᠷᠥ ᠶᠢᠨ ᠪᠣᠳᠣᠯᠭ᠎ᠠ ᠶᠢᠨ ᠲᠤᠬᠠᠢ ᠳᠣᠣᠷᠠᠬᠢ ᠮᠡᠲᠦ ᠲᠠᠶᠢᠯᠤᠮᠵᠢ ᠬᠢᠪᠡ᠄      ᠨᠢᠭᠡ᠂ 12345 ᠨᠢ ᠶᠠᠭᠠᠬᠢᠭᠠᠳ 110 ᠲᠠᠢ ᠬᠤᠯᠪᠤᠭᠠᠯᠠᠨ ᠬᠥᠳᠡᠯᠦᠯᠴᠡᠬᠦ ᠬᠡᠷᠡᠭᠲᠡᠢ ᠪᠤᠢ︖      ᠠᠵᠢᠯ ᠤᠨ ᠡᠭᠦᠷᠭᠡ ᠬᠠᠷᠢᠭᠤᠴᠠᠯᠭ᠎ᠠ ᠶᠢᠨ ᠵᠠᠭᠠᠭ ᠬᠢᠵᠠᠭᠠᠷ ᠢ ᠤᠯᠠᠮ ᠨᠢᠭᠡ ᠠᠯᠬᠤᠮ ᠢᠯᠭᠠᠨ ᠲᠣᠳᠣᠷᠬᠠᠶᠢᠯᠠᠵᠤ᠂ ᠲᠤᠰ ᠲᠤᠰ ᠤᠨ ᠡᠭᠦᠷᠭᠡ ᠬᠠᠷᠢᠭᠤᠴᠠᠯᠭ᠎ᠠ᠂ ᠰᠢᠰᠲ᠋ᠧᠮ ᠤᠨ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ ᠪᠠᠴᠢᠮ ᠪᠤᠰᠤ ᠲᠥᠷᠥᠯ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠭᠤᠮᠣᠳᠠᠯ ᠱᠠᠭᠠᠷᠳᠠᠯᠭ᠎ᠠ ᠪᠠ ᠴᠠᠭᠳᠠᠭᠠᠨ ᠤ ᠶᠠᠪᠤᠳᠠᠯ ᠤᠨ ᠵᠦᠢᠯᠡᠰ ᠢ ᠰᠢᠰᠲ᠋ᠧᠮᠵᠢᠭᠦᠯᠦᠨ ᠬᠠᠮᠢᠶᠠᠷᠴᠤ᠂ ᠪᠠᠴᠢᠮ ᠲᠦᠷᠦᠯ ᠳᠤ ᠪᠠᠭᠲᠠᠬᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠭᠤᠮᠣᠳᠠᠯ ᠱᠠᠭᠠᠷᠳᠠᠯᠭ᠎ᠠ ᠶᠢ ᠬᠤᠯᠪᠤᠭᠠᠯᠠᠨ ᠬᠥᠳᠡᠯᠦᠯᠴᠡᠵᠦ ᠰᠢᠢᠳᠪᠦᠷᠢᠯᠡᠬᠦ ᠶᠢ ᠠᠬᠢᠭᠤᠯᠵᠤ᠂ ᠤᠯᠠᠨ ᠲᠦᠮᠡᠨ ᠳᠤ ᠨᠡᠩ ᠲᠤᠰᠬᠠᠶᠢᠵᠢᠭᠰᠠᠨ ᠪᠥᠭᠡᠳ ᠲᠦᠷᠭᠡᠨ ᠰᠢᠭᠤᠷᠬᠠᠢ ᠦᠢᠯᠡᠴᠢᠯᠡᠭᠡ ᠦᠵᠡᠭᠦᠯᠬᠦ ᠶᠢ ᠪᠠᠲᠤᠯᠠᠵᠤ᠂ ᠵᠠᠰᠠᠭ ᠤᠨ ᠣᠷᠳᠣᠨ ᠤ ᠬᠠᠮᠢᠶᠠᠷᠤᠯᠲᠠ ᠪᠠ ᠦᠢᠯᠡᠴᠢᠯᠡᠭᠡ ᠳᠤ ᠬᠤᠯᠪᠣᠭᠳᠠᠭᠰᠠᠨ ᠪᠠᠴᠢᠮ ᠪᠤᠰᠤ ᠭᠤᠮᠣᠳᠠᠯ ᠱᠠᠭᠠᠷᠳᠠᠯᠭ᠎ᠠ ᠶᠢ ᠨᠢᠭᠡᠳᠦᠯᠲᠡᠢ ᠲᠥᠯᠥᠪᠯᠡᠨ ᠰᠢᠢᠳᠪᠦᠷᠢᠯᠡᠬᠦ ᠶᠢ ᠠᠬᠢᠭᠤᠯᠵᠤ᠂ ᠰᠠᠯᠠᠭ᠎ᠠ ᠮᠥᠴᠢᠷ ᠤᠳ ᠤᠨ ᠥᠨᠳᠥᠷ ᠪᠦᠲᠦᠮᠵᠢᠲᠡᠶ ᠪᠠᠷ ᠬᠠᠮᠵᠢᠯᠴᠠᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠶᠢ ᠠᠬᠢᠭᠤᠯᠵᠤ᠂ 110 ᠠᠴᠠ ᠬᠠᠤᠯᠢ ᠶᠢ ᠵᠥᠷᠢᠴᠡᠭᠰᠡᠨ ᠶᠠᠯᠠᠲᠤ ᠠᠵᠢᠯᠯᠠᠭ᠎ᠠ ᠳᠤ ᠬᠠᠤᠯᠢ ᠶᠣᠰᠣᠭᠠᠷ ᠴᠣᠬᠢᠯᠲᠠ ᠥᠭᠴᠦ᠂ ᠲᠤᠯᠭᠠᠮ᠎ᠠ ᠪᠥᠭᠡᠳ ᠠᠶᠤᠯ ᠲᠠᠢ ᠰᠡᠷᠡᠮᠵᠢ ᠶᠢᠨ ᠪᠠᠶᠢᠳᠠᠯ ᠢ ᠴᠠᠭ ᠲᠤᠬᠠᠢ ᠳᠤ ᠨᠢ ᠰᠢᠢᠳᠪᠦᠷᠢᠯᠡᠵᠦ᠂ ᠨᠡᠶᠢᠭᠡᠮ ᠤᠨ ᠠᠮᠤᠷ ᠲᠦᠪᠰᠢᠨ ᠤ ᠡᠮᠬᠢ ᠵᠢᠷᠤᠮ ᠢ ᠨᠡᠩ ᠰᠠᠶᠢᠲᠤᠷ ᠬᠠᠮᠠᠭᠠᠯᠠᠬᠤ ᠶᠢᠨ ᠲᠤᠰᠠᠳᠠ ᠶᠤᠮ᠃      ᠬᠤᠶᠠᠷ᠂ 12345 ᠬᠠᠯᠠᠮᠰᠢᠯ ᠤᠲᠠᠰᠤ ᠨᠢ ᠶᠠᠮᠠᠷ ᠬᠡᠷᠡᠭ ᠶᠠᠪᠤᠳᠠᠯ ᠢ ᠬᠠᠮᠢᠶᠠᠷᠳᠠᠭ ᠪᠤᠢ︖      12345 ᠬᠠᠯᠠᠮᠰᠢᠯ ᠤᠲᠠᠰᠤ ᠨᠢ ᠠᠵᠤ ᠠᠬᠤᠶᠢᠯᠠᠯ ᠪᠠ ᠣᠯᠠᠨ ᠲᠦᠮᠡᠨ ᠤ ᠠᠵᠤ ᠠᠬᠤᠢ ᠶᠢᠨ ᠲᠣᠬᠢᠷᠠᠭᠤᠯᠤᠯᠲᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ᠂ ᠨᠡᠶᠢᠭᠡᠮ ᠤᠨ ᠬᠠᠮᠢᠶᠠᠷᠤᠯᠲᠠ᠂ ᠣᠯᠠᠨ ᠨᠡᠶᠢᠲᠡ ᠶᠢᠨ ᠦᠢᠯᠡᠴᠢᠯᠡᠭᠡ᠂ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠵᠡᠷᠭᠡ ᠬᠦᠷᠢᠶᠡᠨ ᠳᠠᠬᠢ ᠠᠰᠠᠭᠤᠨ ᠯᠠᠪᠯᠠᠭ᠎ᠠ᠂ ᠪᠠᠴᠢᠮ ᠪᠤᠰᠤ ᠲᠤᠰᠠᠯᠠᠮᠵᠢ ᠭᠤᠶᠤᠴᠢᠯᠠᠯᠲᠠ᠂ ᠭᠤᠮᠣᠳᠠᠯ ᠵᠠᠭᠠᠯᠳᠤᠯᠭ᠎ᠠ᠂ ᠢᠯᠡᠴᠢᠯᠡᠨ ᠮᠡᠳᠡᠭᠦᠯᠦᠯᠲᠡ ᠪᠠ ᠰᠠᠨᠠᠯ ᠰᠠᠨᠠᠭᠤᠯᠭ᠎ᠠ ᠵᠡᠷᠭᠡ ᠶᠢ ᠭᠥᠯᠢᠶᠡᠨ ᠠᠪᠴᠤ ᠰᠢᠢᠳᠪᠦᠷᠢᠯᠡᠨ᠎ᠡ᠃ ᠵᠠᠭᠠᠯᠳᠤᠬᠤ᠂ ᠬᠥᠨᠳᠡᠯᠡᠨ ᠠᠴᠠ ᠲᠠᠰᠤᠯᠬᠤ᠂ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ᠂ ᠵᠠᠰᠠᠭ ᠵᠠᠬᠢᠷᠭᠠᠨ ᠢᠶᠠᠷ ᠳᠠᠬᠢᠨ ᠵᠥᠪᠯᠡᠭᠦᠯᠬᠦ᠂ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠵᠡᠷᠭᠡ ᠵᠢᠷᠤᠮ ᠢᠶᠠᠷ ᠰᠢᠢᠳᠪᠦᠷᠢᠯᠡᠬᠦ ᠵᠦᠢᠯᠡᠰ᠂ ᠨᠢᠭᠡᠨᠲᠡ ᠵᠠᠬᠢᠳᠠᠯ ᠰᠣᠷᠪᠤᠯᠵᠢᠯᠠᠭ᠎ᠠ ᠶᠢᠨ ᠵᠠᠮ ᠳᠤ ᠣᠷᠣᠭᠰᠠᠨ ᠵᠦᠢᠯᠡᠰ ᠵᠢᠴᠢ ᠤᠯᠤᠰ ᠤᠨ ᠨᠢᠭᠤᠴᠠ᠂ ᠬᠤᠳᠠᠯᠳᠤᠭᠠᠨ ᠤ ᠨᠢᠭᠤᠴᠠ᠂ ᠬᠤᠪᠢ ᠬᠥᠮᠥᠨ ᠤ ᠨᠢᠭᠤᠴᠠ ᠪᠠ ᠨᠡᠶᠢᠭᠡᠮ ᠨᠡᠶᠢᠲᠡ ᠶᠢᠨ ᠡᠮᠬᠢ ᠵᠢᠷᠤᠮ ᠪᠠ ᠰᠠᠶᠢᠨ ᠰᠠᠶᠢᠬᠠᠨ ᠬᠡᠪ ᠵᠠᠩᠰᠢᠯ ᠢ ᠵᠥᠷᠢᠴᠡᠭᠰᠡᠨ ᠵᠦᠢᠯᠡᠰ ᠵᠡᠷᠭᠡ ᠨᠢ 12345 ᠬᠠᠯᠠᠮᠰᠢᠯ ᠤᠲᠠᠰᠤᠨ ᠤ ᠭᠥᠯᠢᠶᠡᠨ ᠠᠪᠴᠤ ᠰᠢᠢᠳᠪᠦᠷᠢᠯᠡᠬᠦ ᠬᠡᠪᠴᠢᠶᠡᠨ ᠳᠤ ᠪᠠᠭᠲᠠᠬᠤ ᠦᠭᠡᠢ᠃     ᠭᠤᠷᠪᠠ᠂ 110 ᠨᠢ ᠶᠠᠮᠠᠷ ᠬᠡᠷᠡᠭ ᠶᠠᠪᠤᠳᠠᠯ ᠢ ᠬᠠᠮᠢᠶᠠᠷᠳᠠᠭ ᠪᠤᠢ︖      ᠡᠷᠡᠭᠦᠦ ᠶᠢᠨ ᠬᠡᠷᠡᠭ ᠤᠨ ᠲᠦᠷᠦᠯ ᠤᠨ ᠰᠡᠷᠡᠮᠵᠢ ᠶᠢᠨ ᠪᠠᠶᠢᠳᠠᠯ᠂ ᠠᠮᠤᠷ ᠢ ᠬᠠᠮᠠᠭᠠᠯᠠᠬᠤ ᠲᠦᠷᠦᠯ ᠤᠨ ᠰᠡᠷᠡᠮᠵᠢ ᠶᠢᠨ ᠪᠠᠶᠢᠳᠠᠯ᠂ ᠵᠠᠮ ᠬᠠᠷᠢᠯᠴᠠᠭᠠᠨ ᠤ ᠲᠦᠷᠦᠯ ᠤᠨ ᠰᠡᠷᠡᠮᠵᠢ ᠶᠢᠨ ᠪᠠᠶᠢᠳᠠᠯ᠂ ᠬᠥᠮᠥᠨ ᠤ ᠪᠡᠶ᠎ᠡ ᠪᠠ ᠡᠳ᠋ ᠬᠥᠷᠥᠩᠭᠡ ᠶᠢᠨ ᠠᠮᠤᠷ ᠲᠦᠪᠰᠢᠨ ᠪᠤᠶᠤ ᠨᠡᠶᠢᠭᠡᠮ ᠤᠨ ᠠᠮᠤᠷ ᠲᠦᠪᠰᠢᠨ ᠤ ᠡᠮᠬᠢ ᠵᠢᠷᠤᠮ ᠳᠤ ᠠᠶᠤᠯ ᠬᠥᠨᠥᠭᠡᠯ ᠤᠴᠠᠷᠠᠭᠤᠯᠤᠭᠰᠠᠨ ᠣᠯᠠᠨ ᠨᠠᠶᠢᠳᠠ ᠶᠢᠨ ᠴᠢᠨᠠᠷᠲᠠᠢ ᠬᠡᠷᠡᠭ ᠵᠢᠴᠢ ᠬᠠᠤᠯᠢ ᠶᠢ ᠵᠥᠷᠢᠴᠡᠭᠰᠡᠨ ᠶᠠᠯᠠᠲᠤ ᠠᠵᠢᠯᠯᠠᠭ᠎ᠠ ᠳᠤ ᠬᠤᠯᠪᠣᠭᠳᠠᠭᠰᠠᠨ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠠᠴᠠ ᠰᠢᠢᠳᠪᠦᠷᠢᠯᠡᠬᠦ ᠴᠢᠬᠤᠯᠠᠲᠠᠢ ᠪᠤᠰᠤᠳ ᠴᠠᠭᠳᠠᠭ᠎ᠠ ᠳᠤ ᠮᠡᠳᠡᠭᠦᠯᠦᠭᠰᠡᠨ ᠬᠡᠷᠡᠭ︔ ᠤᠯᠠᠨ ᠨᠡᠶᠢᠲᠡ ᠶᠢᠨ ᠪᠡᠯᠡᠳᠬᠡᠮᠵᠢ ᠶᠢᠨ ᠲᠦᠭᠰᠢᠭᠦᠷᠢᠲᠦ ᠪᠠᠶᠢᠳᠠᠯ᠂ ᠭᠠᠢ ᠭᠠᠮᠰᠢᠭ ᠡ᠊ᠨᠳᠡᠯ ᠵᠢᠴᠢ ᠬᠥᠮᠥᠨ ᠤ ᠠᠮᠢ ᠨᠠᠰᠤ ᠪᠠ ᠡᠳ᠋ ᠬᠥᠷᠥᠩᠭᠡ ᠶᠢᠨ ᠠᠮᠤᠷ ᠲᠦᠪᠰᠢᠨ᠂ ᠤᠯᠠᠨ ᠨᠡᠶᠢᠲᠡ ᠶᠢᠨ ᠠᠮᠤᠷ ᠲᠦᠪᠰᠢᠨ ᠳᠤ ᠠᠶᠤᠯ ᠬᠥᠨᠥᠭᠡᠯ ᠤᠴᠠᠷᠠᠭᠤᠯᠤᠭᠰᠠᠨ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠠᠴᠠ ᠣᠷᠣᠯᠴᠠᠵᠤ ᠰᠢᠢᠳᠪᠦᠷᠢᠯᠡᠬᠦ ᠴᠢᠬᠤᠯᠠᠲᠠᠢ ᠪᠤᠰᠤᠳ ᠪᠠᠴᠢᠮ ᠲᠤᠰᠠᠯᠠᠮᠵᠢ ᠭᠤᠶᠤᠴᠢᠯᠠᠯᠲᠠ︔ ᠶᠠᠭ ᠡᠭᠦᠰᠴᠦ ᠪᠠᠶᠢᠭ᠎ᠠ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠵᠢᠴᠢ ᠠᠷᠠᠳ ᠤᠨ ᠴᠠᠭᠳᠠᠭ᠎ᠠ ᠶᠢᠨ ᠬᠠᠤᠯᠢ ᠰᠠᠬᠢᠯᠭ᠎ᠠ ᠶᠢ ᠵᠥᠷᠢᠴᠡᠭᠰᠡᠨ ᠪᠤᠶᠤ ᠬᠠᠷᠢᠭᠤᠴᠠᠯᠭ᠎ᠠ ᠠᠯᠳᠠᠭᠰᠠᠨ ᠠᠵᠢᠯᠯᠠᠭ᠎ᠠ ᠶᠢᠨ ᠲᠤᠬᠠᠢ ᠵᠠᠭᠠᠯᠳᠤᠯᠭ᠎ᠠ᠃      ᠳᠥᠷᠪᠡ᠂ 12345 ᠪᠣᠯᠣᠨ 110 ᠬᠡᠷᠬᠢᠨ ᠬᠤᠯᠪᠤᠭᠠᠯᠠᠨ ᠬᠥᠳᠡᠯᠦᠯᠴᠡᠬᠦ ᠪᠤᠢ︖      12345 ᠨᠢ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠳᠤ ᠬᠤᠯᠪᠣᠭᠳᠠᠭᠰᠠᠨ ᠭᠤᠮᠣᠳᠠᠯ ᠵᠠᠭᠠᠯᠳᠤᠯᠭ᠎ᠠ ᠶᠢᠨ ᠵᠦᠢᠯᠡᠰ ᠪᠤᠶᠤ ᠪᠠᠴᠢᠮ ᠲᠤᠰᠠᠯᠠᠮᠵᠢ ᠭᠤᠶᠤᠴᠢᠯᠠᠯᠲᠠ ᠶᠢ ᠭᠥᠯᠢᠶᠡᠨ ᠠᠪᠴᠤ᠂ 110 ᠨᠢ ᠵᠠᠰᠠᠭ ᠤᠨ ᠶᠠᠪᠤᠳᠠᠯ ᠤᠨ ᠦᠢᠯᠡᠴᠢᠯᠡᠭᠡ ᠳᠤ ᠬᠤᠯᠪᠣᠭᠳᠠᠭᠰᠠᠨ ᠭᠤᠮᠣᠳᠠᠯ ᠵᠠᠭᠠᠯᠳᠤᠯᠭ᠎ᠠ ᠶᠢ ᠭᠥᠯᠢᠶᠡᠨ ᠠᠪᠴᠤ᠂ ᠬᠤᠯᠪᠤᠭᠠᠯᠠᠨ ᠬᠥᠳᠡᠯᠦᠯᠴᠡᠬᠦ ᠠᠵᠢᠯᠯᠠᠭᠠᠨ ᠤ ᠲᠣᠭᠲᠠᠴᠠ ᠶᠢ ᠡᠬᠢᠯᠡᠭᠦᠯᠵᠦ᠂ ᠨᠢᠭᠡ ᠲᠣᠪᠴᠢ ᠪᠠᠷ ᠳᠠᠮᠵᠢᠭᠤᠯᠤᠨ ᠵᠠᠯᠭᠠᠬᠤ᠂ ᠭᠤᠷᠪᠠᠨ ᠲᠠᠯ᠎ᠠ ︵ᠭᠤᠮᠣᠳᠠᠯ ᠵᠠᠭᠠᠯᠳᠤᠯᠭ᠎ᠠ ᠢᠷᠡᠭᠦᠯᠦᠭᠰᠡᠨ ᠲᠠᠯ᠎ᠠ᠂ 110᠂ 12345︶ ᠤᠲᠠᠰᠤ ᠪᠠᠷ ᠬᠤᠯᠪᠣᠭᠳᠠᠬᠤ᠂ ᠲᠤᠰᠬᠠᠢ ᠰᠠᠭᠤᠳᠠᠯ ᠢᠶᠠᠷ ᠬᠤᠯᠪᠤᠭᠠᠯᠠᠨ ᠬᠥᠳᠡᠯᠦᠯᠴᠡᠬᠦ᠂ ᠰᠢᠰᠲ᠋ᠧᠮ ᠢᠶᠠᠷ ᠮᠡᠳᠡᠭᠡᠯᠡᠯ ᠬᠦᠷᠭᠡᠬᠦ ᠵᠡᠷᠭᠡ ᠬᠡᠯᠪᠡᠷᠢ ᠪᠠᠷ ᠭᠦᠢᠴᠡᠳᠬᠡᠨ᠎ᠡ᠃      ᠲᠠᠪᠤ᠂ 12345 ᠨᠢ ᠠᠵᠤ ᠠᠬᠤᠶᠢᠯᠠᠯ ᠪᠠ ᠤᠯᠠᠨ ᠲᠦᠮᠡᠨ ᠳᠤ ᠬᠡᠷᠬᠢᠨ ᠨᠡᠩ ᠰᠠᠶᠢᠨ ᠦᠢᠯᠡᠴᠢᠯᠡᠬᠦ ᠪᠤᠢ︖      ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠷᠠᠳ ᠲᠤ ᠲᠥᠬᠦᠮ ᠦᠵᠡᠭᠦᠯᠬᠦ ᠬᠠᠯᠠᠮᠰᠢᠯ ᠤᠲᠠᠰᠤ ᠶᠢ ᠨᠡᠶᠢᠯᠡᠭᠦᠯᠦᠨ ᠨᠢᠭᠡᠳᠬᠡᠬᠦ ᠡᠷᠴᠢᠮ ᠢ ᠤᠯᠠᠮ ᠨᠢᠭᠡ ᠠᠯᠬᠤᠮ ᠴᠢᠩᠭᠠᠷᠠᠭᠤᠯᠵᠤ᠂ ᠬᠤᠣᠰ ᠳ᠋ᠤᠭᠠᠷ ᠢ ᠵᠡᠷᠭᠡ ᠪᠠᠷ ᠬᠡᠷᠡᠭᠯᠡᠬᠦ᠂ ᠬᠤᠪᠢᠶᠠᠷᠢ ᠲᠥᠪ ᠪᠠᠶᠢᠭᠤᠯᠬᠤ ᠬᠡᠯᠪᠡᠷᠢ ᠪᠠᠷ ᠨᠡᠶᠢᠯᠡᠭᠦᠯᠦᠨ ᠨᠢᠭᠡᠳᠬᠡᠬᠦ ᠶᠢ ᠨᠢᠭᠡᠨᠲᠡ ᠪᠡᠶᠡᠯᠡᠭᠦᠯᠦᠭᠰᠡᠨ ᠪᠣᠯᠪᠠᠴᠤ ᠤᠲᠠᠰᠤᠨ ᠤ ᠦᠢᠯᠡᠴᠢᠯᠡᠭᠡᠨ ᠤ ᠰᠠᠭᠤᠳᠠᠯ ᠢ ᠦᠯᠡᠳᠡᠭᠡᠭᠰᠡᠭᠡᠷ ᠪᠠᠶᠢᠭ᠎ᠠ ᠬᠠᠯᠠᠮᠰᠢᠯ ᠤᠲᠠᠰᠤ ᠶᠢᠨ ᠨᠣᠮᠧᠷ᠂ ︽7 × 24 ᠴᠠᠭ︾ ᠬᠥᠮᠥᠨ ᠤ ᠬᠦᠴᠦᠨ ᠤ ᠦᠢᠯᠡᠴᠢᠯᠡᠭᠡᠨ ᠤ ᠴᠢᠳᠠᠪᠤᠷᠢ ᠦᠭᠡᠢ ᠪᠤᠶᠤ ᠬᠥᠮᠥᠨ ᠤ ᠬᠦᠴᠦᠨ ᠤ ᠬᠤᠯᠪᠣᠭᠳᠠᠬᠤ ᠨᠣᠷᠮ᠎ᠠ ᠨᠢ 60% ᠠᠴᠠ ᠳᠣᠣᠷ᠎ᠠ ᠪᠠᠶᠢᠪᠠᠯ᠂ ᠤᠲᠠᠰᠤᠨ ᠤ ᠦᠢᠯᠡᠴᠢᠯᠡᠭᠡᠨ ᠤ ᠰᠠᠭᠤᠳᠠᠯ ᠢ 12345 ᠳᠤ ᠨᠡᠶᠢᠯᠡᠭᠦᠯᠵᠦ ᠨᠢᠭᠡᠳᠦᠯᠲᠡᠢ ᠬᠠᠮᠢᠶᠠᠷᠤᠨ᠎ᠠ᠃ 12345 ᠲᠠᠪᠴᠠᠩ ᠬᠢᠭᠡᠳ ᠰᠠᠯᠠᠭ᠎ᠠ ᠮᠥᠴᠢᠷ ᠤᠨ ᠲᠤᠬᠠᠶᠢᠯᠠᠭᠰᠠᠨ ᠠᠵᠢᠯ ᠤᠨ ᠰᠢᠰᠲ᠋ᠧᠮ ᠤᠨ ᠬᠤᠯᠪᠣᠯᠳᠤᠨ ᠨᠡᠪᠲᠡᠷᠡᠯᠴᠡᠬᠦ ᠶᠢ ᠴᠢᠩᠭᠠᠳᠬᠠᠵᠤ᠂ ᠮᠡᠳᠡᠭᠡ ᠵᠠᠩᠭᠢ ᠶᠢ ᠴᠠᠭ ᠲᠤᠬᠠᠢ ᠳᠤ ᠨᠢ ᠪᠥᠬᠦ ᠬᠡᠮᠵᠢᠶ᠎ᠡ ᠪᠠᠷ ᠬᠠᠮᠲᠤ ᠪᠠᠷ ᠬᠦᠷᠲᠡᠬᠦ ᠶᠢ ᠪᠡᠶᠡᠯᠡᠭᠦᠯᠦᠨ᠎ᠡ᠃ 12345 ᠨᠢ ᠲᠣᠭᠲᠠᠮᠠᠯ ᠬᠤᠭᠤᠴᠠᠭ᠎ᠠ ᠲᠠᠢ ᠪᠠᠷ ᠠᠵᠤ ᠠᠬᠤᠶᠢᠯᠠᠯ ᠪᠠ ᠣᠯᠠᠨ ᠲᠦᠮᠡᠨ ᠤ ᠥᠨᠳᠥᠷ ᠳᠠᠪᠲᠠᠮᠵᠢᠲᠤ ᠠᠰᠠᠭᠤᠨ ᠯᠠᠪᠯᠠᠭ᠎ᠠ ᠶᠢᠨ ᠲᠥᠷᠥᠯ ᠤᠨ ᠠᠰᠠᠭᠤᠳᠠᠯ ᠢ ᠬᠤᠷᠢᠶᠠᠩᠭᠤᠶᠢᠯᠠᠵᠤ᠂ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠰᠠᠨᠠᠭᠠᠴᠢᠯᠠᠭ᠎ᠠ ᠠᠴᠠ ᠪᠠᠨ ᠮᠡᠳᠡᠭᠡ ᠵᠠᠩᠭᠢ ᠪᠠᠨ ᠨᠡᠶᠢᠲᠡᠯᠡᠬᠦ ᠶᠢ ᠱᠠᠭᠠᠷᠳᠠᠵᠤ᠂ 12345 ᠠᠵᠢᠯ ᠤᠨ ᠬᠠᠭᠤᠳᠠᠰᠤ ᠶᠢ ᠳᠠᠭᠠᠭᠠᠨ ᠭᠦᠢᠴᠡᠳᠬᠡᠬᠦ ᠨᠢᠭᠡᠴᠢ ᠶᠢᠨ ᠠᠵᠢᠯ ᠢᠶᠠᠨ ᠭᠦᠢᠴᠡᠳᠬᠡᠬᠦ ᠶᠢ ᠰᠢᠮᠳᠠᠭᠤᠯᠤᠨ ᠪᠠᠶᠢᠴᠠᠭᠠᠵᠤ ᠬᠢᠨᠠᠨ ᠰᠢᠯᠭᠠᠬᠤ ᠶᠢ ᠴᠢᠩᠭᠠᠳᠬᠠᠵᠤ᠂ ᠭᠦᠢᠴᠡᠳᠬᠡᠭᠰᠡᠨ ᠪᠠᠶᠢᠳᠠᠯ ᠢ ᠴᠠᠭ ᠲᠤᠬᠠᠢ ᠳᠤ ᠨᠢ ᠢᠯᠡ ᠪᠣᠯᠭᠠᠨ᠂ ᠴᠤᠤᠷᠢᠶᠠᠲᠤᠨ ᠳᠠᠭᠠᠬᠤ ᠨᠣᠷᠮ᠎ᠠ᠂ ᠰᠢᠢᠳᠪᠦᠷᠢᠯᠡᠬᠦ ᠨᠣᠷᠮ᠎ᠠ ᠪᠠ ᠬᠠᠨᠤᠮᠵᠢᠲᠠᠶ ᠪᠠᠶᠢᠬᠤ ᠨᠣᠷᠮ᠎ᠠ ᠶᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠠᠵᠤ ᠠᠬᠤᠶᠢᠯᠠᠯ ᠪᠠ ᠣᠯᠠᠨ ᠲᠦᠮᠡᠨ ᠤ ᠬᠦᠰᠡᠨ ᠱᠠᠭᠠᠷᠳᠠᠭᠰᠠᠨ ᠵᠦᠢᠯᠡᠰ ᠢ ᠠᠮᠵᠢᠯᠲᠠ ᠲᠠᠢ᠂ ᠲᠦᠷᠭᠡᠨ᠂ ᠰᠠᠶᠢᠨ ᠭᠦᠢᠴᠡᠳᠬᠡᠬᠦ ᠶᠢ ᠪᠠᠲᠤᠯᠠᠬᠤ ᠬᠡᠷᠡᠭᠲᠡᠢ᠃      ᠵᠢᠷᠭᠤᠭ᠎ᠠ᠂ 110 ᠨᠢ ᠴᠠᠭᠳᠠᠭᠠᠨ ᠤ ᠰᠢᠢᠳᠪᠦᠷᠢᠯᠡᠬᠦ ᠬᠡᠷᠡᠭ ᠶᠠᠪᠦᠳᠠᠯ ᠢ ᠭᠥᠯᠢᠶᠡᠨ ᠠᠪᠴᠤ ᠰᠢᠢᠳᠪᠦᠷᠢᠯᠡᠬᠦ ᠠᠵᠢᠯ ᠤᠨ ᠦᠷ᠎ᠡ ᠪᠦᠲᠦᠮᠵᠢ ᠶᠢ ᠬᠡᠷᠬᠢᠨ ᠳᠡᠭᠡᠭᠰᠢᠯᠡᠭᠦᠯᠬᠦ ᠪᠣᠶ︖      ᠡᠯ᠎ᠡ ᠭᠠᠵᠠᠷ ᠤᠨ ᠬᠢᠨ ᠲᠤᠰ ᠭᠠᠵᠠᠷ ᠣᠷᠣᠨ ᠤ ᠪᠠᠨ 110 ᠴᠠᠭᠳᠠᠭ᠎ᠠ ᠳᠤ ᠮᠡᠳᠡᠭᠦᠯᠬᠦ ᠬᠡᠷᠡᠭ ᠤᠨ ᠭᠥᠯᠢᠶᠡᠨ ᠠᠪᠬᠤ ᠬᠡᠮᠵᠢᠶ᠎ᠡ ᠶᠢ ᠦᠨᠳᠦᠰᠦᠯᠡᠨ᠂ ᠭᠥᠯᠢᠶᠡᠨ ᠠᠪᠬᠤ ᠰᠠᠭᠤᠳᠠᠯ ᠢ ᠰᠢᠨᠵᠢᠯᠡᠬᠦ ᠤᠬᠠᠭᠠᠨᠴᠢ ᠪᠠᠷ ᠵᠦᠢ ᠵᠣᠬᠢᠰᠲᠠᠢ ᠲᠣᠬᠢᠷᠠᠭᠤᠯᠵᠤ᠂ ᠭᠥᠯᠢᠶᠡᠨ ᠠᠪᠬᠤ ᠠᠵᠢᠯᠲᠠᠨ ᠪᠣᠯᠣᠨ ᠲᠣᠬᠢᠷᠠᠭᠤᠯᠤᠨ ᠵᠢᠯᠣᠭᠤᠳᠬᠤ ᠴᠠᠭᠳᠠᠭ᠎ᠠ ᠶᠢ ᠪᠦᠷᠢᠨ ᠭᠦᠢᠴᠡᠳ ᠪᠥᠭᠡᠳ ᠪᠦᠲᠦᠮᠵᠢᠲᠡᠢ ᠲᠣᠬᠢᠷᠠᠭᠤᠯᠵᠤ᠂ ᠲᠥᠬᠦᠭᠡᠷᠦᠮᠵᠢ ᠪᠣᠯᠣᠨ ᠰᠢᠰᠲ᠋ᠧᠮ ᠤᠨ ᠪᠠᠲᠤᠯᠠᠭ᠎ᠠ ᠶᠢ ᠴᠢᠩᠭᠠᠳᠬᠠᠨ᠂ 110 ᠤᠨ ︽ᠠᠮᠢ ᠨᠠᠰᠤᠨ ᠤ ᠤᠲᠠᠰᠤ︾ ᠶᠢᠨ ᠪᠦᠬᠦᠯᠢ ᠡᠳᠦᠷ ᠤᠨ ᠲᠤᠷᠰᠢ ᠰᠠᠭᠠᠳ ᠦᠭᠡᠢ ᠨᠡᠪᠲᠡᠷᠡᠬᠦ ᠶᠢ ᠪᠠᠲᠤᠯᠠᠬᠤ ᠶᠢᠨ ᠬᠠᠮᠲᠤ ᠢᠨᠲ᠋ᠧᠷ ᠰᠦᠯᠵᠢᠶ᠎ᠡ ᠪᠠᠷ ᠴᠠᠭᠳᠠᠭ᠎ᠠ ᠳᠤ ᠮᠡᠳᠡᠭᠦᠯᠬᠦ ᠠᠷᠭ᠎ᠠ ᠵᠠᠮ ᠢ ᠥᠷᠭᠡᠳᠬᠡᠵᠦ᠂ ᠠᠵᠤ ᠠᠬᠤᠶᠢᠯᠠᠯ ᠪᠣᠯᠣᠨ ᠣᠯᠠᠨ ᠲᠦᠮᠡᠨ ᠤ ᠬᠡᠷᠡᠭᠴᠡᠭᠡ ᠶᠢ ᠬᠠᠩᠭᠠᠨ᠎ᠠ᠃ ᠡᠯ᠎ᠡ ᠴᠠᠭᠳᠠᠭᠠᠨ ᠲᠥᠷᠥᠯ ᠪᠠ ᠵᠢᠩᠬᠢᠨᠢ ᠪᠠᠶᠢᠯᠳᠤᠭᠠᠨ ᠤ ᠨᠢᠭᠡᠴᠢ ᠶᠢ 110 ᠭᠥᠯᠢᠶᠡᠨ ᠠᠪᠴᠤ ᠰᠢᠢᠳᠪᠦᠷᠢᠯᠡᠬᠦ ᠠᠵᠢᠯ ᠲᠠᠢ ᠬᠠᠷᠢᠯᠴᠠᠨ ᠵᠣᠯᠭᠠᠭᠤᠯᠤᠨ ᠲᠦᠷᠭᠡᠨ ᠴᠤᠤᠷᠢᠶᠠᠲᠤᠨ ᠳᠠᠭᠠᠬᠤ ᠲᠣᠭᠲᠠᠴᠠ ᠶᠢ ᠪᠠᠶᠢᠭᠤᠯᠵᠤ᠂ ᠡᠮᠦᠨ᠎ᠠ ᠹᠷᠣᠨᠲ ᠤᠨ ᠴᠠᠭᠳᠠᠭᠠᠨ ᠤ ᠰᠢᠢᠳᠪᠦᠷᠢᠯᠡᠬᠦ ᠠᠵᠢᠯ ᠤᠨ ᠲᠤᠭ᠎ᠠ ᠪᠠᠷᠢᠮᠲᠠ ᠶᠢᠨ ᠴᠢᠳᠠᠪᠤᠷᠢ ᠣᠯᠭᠤᠬᠤ ᠪᠠ ᠠᠷᠤ ᠲᠠᠯ᠎ᠠ ᠶᠢᠨ ᠲᠤᠯᠭᠠᠭᠤᠷᠢᠯᠠᠯ ᠢ ᠴᠢᠩᠭᠠᠳᠬᠠᠨ᠂ ᠤᠷᠢᠳᠴᠢᠯᠠᠨ ᠰᠡᠷᠭᠡᠶᠢᠯᠡᠬᠦ ᠴᠠᠭᠳᠠᠭᠠᠨ ᠤ ᠶᠠᠪᠤᠳᠠᠯ ᠢ ᠢᠳᠡᠪᠬᠢᠲᠡᠢ ᠰᠦᠪᠡᠭᠴᠢᠯᠡᠨ ᠬᠡᠷᠡᠭᠵᠢᠭᠦᠯᠵᠦ᠂ ᠴᠠᠭᠳᠠᠭᠠᠨ ᠤ ᠰᠢᠢᠳᠪᠦᠷᠢᠯᠡᠬᠦ ᠬᠡᠷᠡᠭ ᠶᠠᠪᠦᠳᠠᠯ ᠢ ᠭᠥᠯᠢᠶᠡᠨ ᠠᠪᠴᠤ ᠰᠢᠢᠳᠪᠦᠷᠢᠯᠡᠬᠦ ᠠᠵᠢᠯ ᠤᠨ ᠦᠢᠯᠡᠳᠦᠯ ᠴᠢᠳᠠᠮᠵᠢ ᠶᠢ ᠪᠦᠲᠦᠮᠵᠢᠲᠡᠶ ᠳᠡᠭᠡᠭᠰᠢᠯᠡᠭᠦᠯᠦᠨ᠎ᠡ᠃ ᠡᠭᠦᠨ ᠠᠴᠠ ᠭᠠᠳᠠᠨ᠎ᠠ᠂ 12345 ᠪᠣᠯᠣᠨ 110 ᠨᠢ ᠬᠠᠮᠲᠤᠷᠠᠨ ᠡᠷᠬᠡ ᠰᠦᠷᠲᠦ ᠣᠨᠣᠪᠴᠢᠲᠠᠶ᠂ ᠪᠠᠷᠢᠮᠵᠢᠶ᠎ᠠ ᠨᠢ ᠨᠢᠭᠡᠳᠦᠯᠲᠡᠢ᠂ ᠴᠠᠭ ᠲᠤᠬᠠᠢ ᠳᠤ ᠨᠢ ᠰᠢᠨᠡᠳᠬᠡᠬᠦ᠂ ᠬᠠᠮᠲᠤ ᠪᠠᠷ ᠪᠠᠶᠢᠭᠤᠯᠵᠤ ᠬᠠᠮᠲᠤ ᠪᠠᠷ ᠬᠦᠷᠲᠡᠬᠦ ᠮᠡᠳᠡᠯᠭᠡ ᠶᠢᠨ ᠬᠥᠮᠥᠷᠭᠡ ᠶᠢ ᠪᠠᠶᠢᠭᠤᠯᠵᠤ᠂ ᠥᠨᠳᠥᠷ ᠳᠠᠪᠲᠠᠮᠵᠢᠲᠤ ᠠᠰᠠᠭᠤᠳᠠᠯ ᠪᠠ ᠥᠨᠳᠥᠷ ᠳᠠᠪᠲᠠᠮᠵᠢᠲᠤ ᠰᠢᠯᠵᠢᠭᠦᠯᠦᠨ ᠭᠦᠢᠴᠡᠳᠬᠡᠬᠦ ᠵᠦᠢᠯᠡᠰ ᠲᠤ ︽ᠨᠢᠭᠡ ᠠᠰᠠᠭᠤᠯᠲᠠ ᠳᠤ ᠨᠢᠭᠡ ᠬᠠᠷᠢᠭᠤᠯᠲᠠ ᠥᠭᠬᠦ︾ ᠪᠠᠷᠢᠮᠵᠢᠶ᠎ᠠ ᠶᠢ ᠲᠣᠭᠲᠠᠭᠠᠵᠤ᠂ ︽ᠠᠰᠠᠭᠤᠭᠰᠠᠨ ᠳᠠᠷᠤᠢ ᠳᠤ ᠨᠢ ᠬᠠᠷᠢᠭᠤᠯᠬᠤ︾ ᠶᠢ ᠢᠳᠡᠪᠬᠢᠲᠡᠢ ᠬᠡᠷᠡᠭᠵᠢᠭᠦᠯᠦᠨ᠎ᠡ᠃    
 
ᠢᠷᠡᠯᠲᠡ᠄ ᠰᠢᠯᠢ ᠶᠢᠨ ᠭᠤᠣᠯ ᠠᠶᠢᠮᠠᠭ ᠤᠨ ᠵᠠᠰᠠᠭ ᠤᠨ ᠶᠠᠪᠣᠳᠠᠯ ᠤᠨ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号