ᠮᠠᠨ ᠤ ᠬᠤᠰᠢᠭᠤᠨ ᠤ 2023 ᠣᠨ ᠤ ᠰᠢᠨ᠎ᠡ ᠡᠨᠧᠷᠭᠢ ᠶᠢ ᠴᠠᠬᠢᠯᠭᠠᠨ ᠲᠣᠣᠷ ᠪᠣᠯᠭᠠᠨ ᠬᠤᠪᠢᠷᠠᠭᠤᠯᠬᠤ ᠢᠨᠵᠧᠨᠧᠷᠢᠩ ᠠᠵᠢᠯ ᠡᠬᠢᠯᠡᠭᠦᠯᠪᠡ
ᠨᠡᠶᠢᠲᠡᠯᠡᠭᠰᠡᠨ ᠴᠠᠭ᠄
2023/5/29
      5 ᠰᠠᠷ᠎ᠠ ᠶᠢᠨ 16 ᠤ ᠡᠳᠦᠷ᠂ ᠨᠢᠭᠡᠳᠦᠭᠡᠷ ᠰᠠᠭᠤᠷᠢ ᠴᠠᠬᠢᠯᠭᠠᠨ ᠪᠠᠭᠠᠨ᠎ᠠ ᠶᠢ ᠪᠣᠰᠬᠠᠬᠤ ᠶᠢ ᠳᠠᠭᠠᠯᠳᠤᠨ᠂ ᠮᠠᠨ ᠤ ᠬᠤᠰᠢᠭᠤᠨ ᠤ 2023 ᠣᠨ ᠤ ᠰᠢᠨ᠎ᠡ ᠡᠨᠧᠷᠭᠢ ᠶᠢ ᠴᠠᠬᠢᠯᠭᠠᠨ ᠲᠣᠣᠷ ᠪᠣᠯᠭᠠᠨ ᠬᠤᠪᠢᠷᠠᠭᠤᠯᠬᠤ ᠢᠨᠵᠧᠨᠧᠷᠢᠩ ᠤᠯᠢᠶᠠᠰᠤᠲᠠᠢ ᠪᠠᠯᠭᠠᠰᠤᠨ ᠤ ᠠᠮᠤᠭᠤᠯᠠᠩᠪᠤᠯᠠᠭ ᠭᠠᠴᠠᠭᠠᠨ ᠳᠤ ᠵᠢᠩᠬᠢᠨᠢ ᠪᠠᠷ ᠠᠵᠢᠯ ᠢᠶᠠᠨ ᠡᠬᠢᠯᠡᠭᠦᠯᠪᠡ᠃      ︽ᠰᠢᠨ᠎ᠡ ᠡᠨᠧᠷᠭᠢ ᠶᠢ ᠴᠠᠬᠢᠯᠭᠠᠨ ᠲᠣᠣᠷ ᠪᠣᠯᠭᠠᠨ ᠬᠤᠪᠢᠷᠠᠭᠤᠯᠬᠤ ᠲᠦᠷᠦᠯ ᠵᠦᠢᠯ ᠨᠢ ᠮᠠᠯᠵᠢᠬᠤ ᠣᠷᠣᠨ  ᠳᠤ ᠠᠰᠢᠭ ᠬᠦᠷᠲᠡᠭᠡᠵᠦ᠂ ᠮᠠᠯᠵᠢᠬᠤ ᠣᠷᠣᠨ ᠤ ᠴᠠᠬᠢᠯᠭᠠᠨ ᠬᠦᠴᠦᠨ ᠤ ᠰᠠᠭᠤᠷᠢ ᠲᠥᠬᠦᠭᠡᠷᠦᠮᠵᠢ ᠶᠢᠨ ᠳᠤᠲᠠᠭᠤᠳᠠᠯ ᠢ ᠨᠥᠬᠦᠪᠥᠷᠢᠯᠡᠵᠦ᠂ ᠰᠢᠨ᠎ᠡ ᠪᠠᠷ ᠨᠡᠮᠡᠭᠳᠡᠭᠰᠡᠨ ᠴᠠᠬᠢᠯᠭᠠᠨ ᠬᠠᠩᠭᠠᠬᠤ ᠱᠠᠭᠠᠷᠳᠠᠯᠭ᠎ᠠ ᠪᠣᠯᠤᠨ ᠮᠠᠯᠴᠢᠳ ‍ᠤᠨ‌ᠦᠢᠯᠡᠳᠪᠦᠷᠢᠯᠡᠯ ᠠᠮᠢᠳᠤᠷᠠᠯ ᠳᠤ ᠬᠡᠷᠡᠭᠯᠡᠬᠦ ᠴᠠᠬᠢᠯᠭᠠᠨ ᠤ ᠬᠡᠷᠡᠭᠴᠡᠭᠡ ᠶᠢ ᠬᠠᠩᠭᠠᠬᠤ ᠪᠠᠷ ᠪᠠᠷᠠᠬᠤ ᠦᠭᠡᠢ ᠪᠠᠰᠠ ᠮᠠᠯᠴᠢᠳ ᠤᠨ ᠠᠮᠢᠳᠤᠷᠠᠯ ᠤᠨ ᠶᠠᠰᠤ ᠴᠢᠨᠠᠷ ᠪᠣᠯᠤᠨ ᠵᠣᠯ ᠵᠢᠷᠭᠠᠯ ᠤᠨ ᠬᠡᠮᠵᠢᠶ᠎ᠡ ᠶᠢ ᠳᠡᠭᠡᠭᠰᠢᠯᠡᠭᠦᠯᠵᠡᠢ᠃︾ ᠭᠡᠵᠦ ᠠᠮᠤᠭᠤᠯᠠᠩᠪᠤᠯᠠᠭ ᠭᠠᠴᠠᠭᠠᠨ ᠤ ᠨᠠᠮ ᠤᠨ ᠡᠭᠦᠷ ᠤᠨ ᠱᠦᠵᠢ ᠪᠦᠷᠢᠨᠲᠡᠭᠦᠰ ᠶᠠᠷᠢᠵᠤ ᠪᠠᠶᠢᠯ᠎ᠠ᠃      ᠣᠶᠢᠯᠠᠭᠠᠭᠰᠠᠨ ᠢᠶᠠᠷ᠂ ᠲᠣᠰ ᠤᠳᠠᠭᠠᠨ ᠤ ᠰᠢᠨ᠎ᠡ ᠡᠨᠧᠷᠭᠢ ᠶᠢ ᠴᠠᠬᠢᠯᠭᠠᠨ ᠲᠣᠤᠷ ᠪᠣᠯᠭᠠᠨ ᠬᠤᠪᠢᠷᠠᠭᠤᠯᠬᠤ ᠢᠨᠵᠧᠨᠧᠷᠢᠩ ᠨᠢ 10 ᠺᠢᠯᠣᠸᠣᠯᠲ ᠤᠨ ᠠᠭᠠᠷ ᠲᠠᠬᠢ ᠴᠠᠬᠢᠯᠭᠠᠨ ᠱᠤᠭᠤᠮ ᠢ 144.387 ᠺᠢᠯᠣᠮᠧᠲᠷ᠂ 0.4 ᠺᠢᠯᠣᠸᠣᠯᠲ ᠤᠨ ᠠᠭᠠᠷ ᠲᠠᠬᠢ ᠴᠠᠬᠢᠯᠭᠠᠨ ᠱᠤᠭᠤᠮ ᠢ 9.487 ᠺᠢᠯᠣᠮᠧᠲᠷ ᠰᠢᠨ᠎ᠡ ᠪᠠᠷ ᠪᠠᠶᠢᠭᠤᠯᠵᠤ᠂ ᠪᠠᠭᠠᠨ᠎ᠠ ᠳᠡᠭᠡᠷᠡᠬᠢ ᠬᠦᠴᠦᠳᠡᠯ ᠥᠭᠡᠷᠡᠴᠢᠯᠡᠭᠴᠢ ᠶᠢ 141 ᠰᠠᠭᠤᠷᠢ ᠰᠢᠨ᠎ᠡ ᠪᠠᠷ ᠪᠠᠶᠢᠭᠤᠯᠵᠤ᠂ ᠶᠡᠷᠦᠩᠬᠡᠶ ᠪᠠᠭᠲᠠᠭᠠᠮᠵᠢ ᠨᠢ 4290 ᠺᠢᠯᠣᠸᠣᠯᠲ ᠠᠮᠫᠧᠷ᠂ ᠢᠨᠵᠧᠨᠧᠷᠢᠩ ᠤᠨ ᠪᠡᠯᠡ ᠤᠷᠤᠭᠤᠯᠤᠯᠲᠠ 2308 ᠲᠦᠮᠡᠨ ᠲᠥᠭᠦᠷᠢᠭ ᠪᠣᠯᠣᠨ᠎ᠠ᠃ ᠢᠨᠵᠧᠨᠧᠷᠢᠩ ᠢ ᠠᠮᠵᠢᠯᠲᠠ ᠲᠠᠢ ᠬᠡᠷᠡᠭᠵᠢᠭᠦᠯᠦᠭᠰᠡᠨ ᠤ ᠳᠠᠷᠠᠭ᠎ᠠ ᠡᠷᠬᠢᠨ ᠲᠣᠭᠤᠷᠢᠨ ᠤ 175 ᠮᠠᠯᠵᠢᠬᠤ ᠡᠷᠦᠬᠡ  ᠳᠤ ᠴᠠᠬᠢᠯᠭᠠᠨ ᠨᠡᠪᠲᠡᠷᠡᠭᠦᠯᠵᠦ᠂ ᠮᠠᠨ ᠤ ᠬᠤᠰᠢᠭᠤᠨ ᠤ ᠮᠠᠯᠵᠢᠬᠤ ᠣᠷᠣᠨ ᠤ ᠴᠠᠬᠢᠯᠭᠠᠨ ᠬᠠᠩᠭᠠᠬᠤ ᠴᠢᠳᠠᠪᠤᠷᠢ ᠪᠠ ᠴᠠᠬᠢᠯᠭᠠᠨ ᠬᠠᠩᠭᠠᠬᠤ ᠨᠠᠶᠢᠳᠠᠪᠤᠷᠢᠲᠤ ᠴᠢᠨᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠮᠠᠯᠴᠢᠳ ᠤᠨ ᠦᠶᠯᠡᠳᠪᠦᠷᠢᠯᠡᠯ ᠠᠮᠢᠳᠤᠷᠠᠯ ᠳᠤ ᠬᠡᠷᠡᠭᠯᠡᠬᠦ ᠴᠠᠬᠢᠯᠭᠠᠨ ᠤ ᠬᠡᠷᠡᠭᠴᠡᠭᠡ ᠶᠢ ᠨᠠᠩ ᠰᠠᠶᠢᠨ ᠬᠠᠩᠭᠠᠵᠤ᠂ ᠣᠷᠣᠨ ᠨᠤᠲᠤᠭ  ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠳᠤ ᠴᠠᠬᠢᠯᠭᠠᠨ ᠬᠡᠷᠡᠭᠯᠡᠬᠦ ᠪᠠᠲᠤ ᠪᠠᠬᠢ ᠪᠠᠲᠤᠯᠠᠭ᠎ᠠ ᠬᠠᠩᠭᠠᠬᠤ ᠪᠤᠯᠤᠨ᠎ᠠ᠃      ᠬᠤᠶᠢᠰᠢᠳᠠ ᠬᠤᠰᠢᠭᠤ ᠴᠠᠬᠢᠯᠭᠠᠨ ᠬᠠᠩᠭᠠᠬᠤ ᠺᠣᠮᠫᠠᠨᠢ ᠨᠢ ᠴᠠᠬᠢᠯᠭᠠᠨ ᠬᠡᠷᠡᠭᠯᠡᠬᠦ  ᠬᠤᠳᠠᠯᠳᠤᠭ᠎ᠠ ᠡᠷᠬᠢᠯᠡᠬᠦ ᠣᠷᠴᠢᠨ ᠢᠶᠠᠨ ᠦᠷᠭᠦᠯᠵᠢᠯᠡᠨ ᠰᠢᠯᠢᠳᠡᠭᠵᠢᠭᠦᠯᠵᠦ᠂ ᠬᠢᠯᠢ ᠬᠢᠵᠠᠭᠠᠷ ᠣᠷᠣᠨ ᠤ ᠮᠠᠯᠵᠢᠬᠤ ᠣᠷᠣᠨ ᠤ ᠴᠠᠬᠢᠯᠭᠠᠨ ᠲᠣᠣᠷ ᠤᠨ ᠪᠦᠲᠦᠭᠡᠨ ᠪᠠᠶᠢᠭᠤᠯᠤᠯᠲᠠ ᠶᠢ ᠡᠮᠬᠢ ᠵᠢᠷᠤᠮ ᠲᠠᠢ ᠠᠬᠢᠭᠤᠯᠵᠤ᠂ ᠴᠠᠬᠢᠯᠭᠠᠨ ᠬᠦᠴᠦ ᠶᠢ ᠦᠷᠭᠡᠳᠬᠡᠨ᠂ ᠮᠠᠯᠴᠢᠳ ᠲᠤ ᠴᠠᠬᠢᠯᠭᠠᠨ ᠬᠡᠷᠡᠭᠯᠡᠭᠦᠯᠬᠦ ᠪᠠᠷ ᠪᠠᠷᠠᠬᠤ ᠦᠭᠡᠢ᠂ ᠴᠠᠬᠢᠯᠭᠠᠨ ᠢ ᠰᠠᠶᠢᠲᠤᠷ ᠠᠰᠢᠭᠯᠠᠭᠤᠯᠬᠤ ᠪᠤᠯᠤᠨ᠎ᠠ᠃    
 
ᠢᠷᠡᠯᠲᠡ᠄ ᠵᠡᠬᠦᠨ ᠦᠵᠦᠮᠦᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号