ᠠᠷᠪᠠᠨ ᠭᠤᠷᠪᠠᠳᠡᠬᠢ ︽5.19 ᠤ ᠳᠤᠮᠳᠠᠳᠤ ᠤᠯᠤᠰ ᠤᠨ ᠵᠢᠭᠤᠯᠴᠢᠯᠠᠯ ᠤᠨ ᠡᠳᠦᠷ︾ ᠢ ᠤᠭᠲᠤᠬᠤ ᠪᠦᠬᠦ ᠬᠤᠰᠢᠭᠤᠨ ᠤ ᠵᠢᠭᠤᠯᠴᠢᠯᠠᠯ ᠤᠨ ᠵᠢᠵᠢᠭ ᠲᠠᠸᠠᠷ ᠵᠢᠴᠢ ᠭᠠᠷ ᠤᠷᠠᠯᠠᠯ ᠤᠨ ᠪᠦᠲᠦᠭᠡᠭᠳᠡᠭᠦᠨ ᠢ ᠰᠢᠯᠭᠠᠷᠠᠭᠤᠯᠬᠤ ᠬᠦᠳᠡᠯᠭᠡᠭᠡᠨ ᠶᠠᠪᠤᠭᠳᠠᠪᠠ
ᠨᠡᠶᠢᠲᠡᠯᠡᠭᠰᠡᠨ ᠴᠠᠭ᠄
2023/5/29
      5 ᠰᠠᠷ᠎ᠠ ᠶᠢᠨ19 ᠤ ᠡᠳᠦᠷ᠂ ᠠᠷᠪᠠᠨ ᠭᠤᠷᠪᠠᠳᠡᠬᠢ ︿︿5 . 19 ᠤ ᠳᠤᠮᠳᠠᠳᠤ ᠤᠯᠤᠰ ᠤᠨ ᠵᠢᠭᠤᠯᠴᠢᠯᠠᠯ ᠤᠨ ᠡᠳᠦᠷ﹀﹀ ᠢ ᠤᠭᠲᠤᠬᠤ ᠪᠦᠬᠦ ᠬᠤᠰᠢᠭᠤᠨ ᠤ ᠵᠢᠭᠤᠯᠴᠢᠯᠠᠯ ᠤᠨ ᠵᠢᠵᠢᠭ ᠲᠠᠸᠠᠷ ᠵᠢᠴᠢ ᠭᠠᠷ ᠤᠷᠠᠯᠠᠯ ᠤᠨ ᠪᠦᠲᠦᠭᠡᠭᠳᠡᠭᠦᠨ ᠢ ᠰᠢᠯᠭᠠᠷᠠᠭᠤᠯᠬᠤ ᠬᠦᠳᠡᠯᠭᠡᠭᠡᠨ ᠤ ᠰᠢᠯᠭᠠᠷᠠᠭᠤᠯᠤᠯᠲᠠ ᠶᠢᠨ ᠦᠷ᠎ᠡ ᠳ᠋ᠦᠩ ᠢ ᠨᠡᠶᠢᠲᠡᠯᠡᠭᠰᠡᠨ ᠪᠠᠶᠢᠨ᠎ᠠ᠃ ᠲᠤᠰ ᠣᠳᠠᠭᠠᠨ ᠤ ᠬᠦᠳᠡᠯᠭᠡᠭᠡᠨ ᠳᠤ ᠪᠦᠲᠦᠭᠡᠯ ᠤᠨ ᠭᠤᠤᠯ ᠰᠡᠳᠦᠪ᠂ ᠰᠢᠨ᠎ᠡ ᠶᠢ ᠡᠭᠦᠳᠦᠭᠰᠡᠨ᠂ ᠭᠠᠷ ᠤᠷᠠᠯᠠᠯ ᠤᠨ ᠣᠨᠴᠠᠯᠢᠭ᠂ ᠵᠠᠬ᠎ᠠ ᠳᠡᠯᠭᠡᠭᠦᠷ ᠤᠨ ᠪᠠᠶᠢᠳᠠᠯ ᠵᠡᠷᠭᠡ ᠪᠠᠷ ᠪᠠᠷᠢᠮᠵᠢᠶ᠎ᠠ ᠪᠣᠯᠭᠠᠵᠤ᠂ ᠪᠥᠬᠦ ᠬᠤᠰᠢᠭᠤᠨ ᠤ ᠤᠷᠤᠯᠳᠤᠭᠠᠨ ᠳᠤ ᠣᠷᠣᠯᠴᠠᠭᠰᠠᠨ 200 ᠭᠠᠷᠤᠶ ᠪᠦᠲᠦᠭᠡᠯ ᠠᠴᠠ ᠨᠡᠶᠢᠲᠡ 30 ᠰᠢᠯᠢᠳᠡᠭ ᠪᠦᠲᠦᠭᠡᠯ ᠢ ᠰᠢᠯᠭᠠᠷᠠᠭᠤᠯᠪᠠ᠃
     ᠲᠣᠰ ᠤᠳᠠᠭᠠᠨ ᠤ ᠬᠦᠳᠡᠯᠭᠡᠭᠡᠨ ᠢ ᠬᠤᠰᠢᠭᠤ ᠰᠣᠶᠣᠯ ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ ᠠᠴᠠ ᠭᠤᠤᠯᠯᠠᠨ ᠡᠷᠭᠢᠯᠡᠵᠦ᠂ ᠰᠣᠶᠣᠯ ‍ᠤᠨ‌ᠣᠷᠳᠣᠨ ᠠᠴᠠ ᠳᠠᠭᠠᠭᠠᠴᠢᠯᠠᠨ ᠡᠷᠭᠢᠯᠡᠪᠡ᠃      5 ᠰᠠᠷ᠎ᠠ ᠶᠢᠨ 8 ᠤ ᠡᠳᠦᠷ ᠠᠴᠠ 16 ᠤ ᠡᠳᠦᠷ ᠪᠣᠯᠲᠠᠯ᠎ᠠ ᠪᠥᠬᠦ ᠬᠤᠰᠢᠭᠤᠨ ᠠᠴᠠ ᠵᠢᠭᠤᠯᠴᠢᠯᠠᠯ ᠤᠨ ᠵᠢᠵᠢᠭ ᠲᠠᠸᠠᠷ᠂ ᠭᠠᠷ ᠤᠷᠠᠯᠠᠯ ᠤᠨ ᠪᠦᠲᠦᠭᠡᠭᠳᠡᠭᠦᠨ ᠢ ᠴᠤᠭᠯᠠᠭᠤᠯᠤᠭᠰᠠᠨ ᠠᠴᠠ ᠨᠠᠰᠢ᠂ ᠡᠯ᠎ᠡ ᠲᠠᠯ᠎ᠠ ᠶᠢᠨ ᠬᠢᠨ ᠤ ᠠᠩᠬᠠᠷᠤᠯ ᠢ ᠲᠠᠲᠠᠵᠤ᠂ ᠨᠢᠭᠡ ᠪᠦᠯᠦᠭ ᠪᠦᠲᠦᠭᠡᠯᠴᠢ ᠴᠢᠨᠠᠷ ᠲᠠᠢ᠂ ᠬᠢᠷᠢ ᠲᠦᠪᠰᠢᠨ ᠦᠨᠳᠣᠷ᠂ ᠳᠡᠯᠭᠡᠷᠡᠭᠦᠯᠬᠦ ᠦᠨ᠎ᠡ ᠥᠷᠲᠡᠭ ᠲᠠᠢ ᠰᠣᠶᠣᠯ ᠤᠨ ᠡᠭᠦᠳᠦᠯᠲᠡ ᠶᠢᠨ ᠪᠦᠲᠦᠭᠡᠭᠳᠡᠬᠦᠨ ᠴᠣᠯᠭᠤᠷᠠᠨ ᠭᠠᠷᠪᠠ᠃ ᠲᠣᠰ ᠤᠳᠠᠭᠠᠨ ᠤ ᠤᠷᠤᠯᠳᠤᠭᠠᠨ ᠳᠤ ᠣᠷᠣᠯᠴᠠᠭᠰᠠᠨ ᠪᠦᠲᠦᠭᠡᠯ ᠨᠢ ᠴᠥᠮ ᠤᠯᠠᠮᠵᠢᠯᠠᠯᠲᠤ ᠭᠠᠷ ᠤᠷᠠᠯᠠᠯ ᠢ ᠬᠠᠳᠠᠭᠠᠯᠠᠭᠰᠠᠨ ᠰᠠᠭᠤᠷᠢᠨ ᠳᠡᠭᠡᠷ᠎ᠡ ᠰᠢᠨ᠎ᠡ ᠶᠢ ᠡᠭᠦᠳᠦᠭᠰᠡᠨ ᠪᠠᠶᠢᠵᠦ᠂ ᠪᠦᠲᠦᠭᠡᠯ ᠤᠨ ᠲᠥᠷᠥᠯ ᠵᠦᠶᠯ ᠳᠤ ᠢᠰᠡᠭᠡᠶ ᠤᠷᠠᠯᠠᠯ ᠤᠨ ᠪᠦᠲᠦᠭᠡᠯ᠂ ᠭᠠᠷ ᠤᠷᠠᠯᠠᠯ ᠤᠨ ᠪᠦᠲᠦᠭᠡᠯ᠂ ᠰᠡᠶᠢᠯᠦᠮᠡᠯ ᠪᠦᠲᠦᠭᠡᠯ᠂ ᠬᠠᠳᠬᠤᠮᠠᠯ ᠤᠨ ᠪᠦᠲᠦᠭᠡᠯ᠂ ᠠᠯᠲᠠ ᠮᠥᠩᠭᠦᠨ ᠪᠦᠲᠦᠭᠡᠭᠳᠡᠬᠦᠨ᠂ ᠳᠤᠷᠠᠰᠬᠠᠯ ᠤᠨ ᠵᠢᠵᠢᠭ ᠲᠠᠸᠠᠷ ᠵᠡᠷᠭᠡ ᠶᠢ ᠪᠠᠭᠲᠠᠭᠠᠭᠰᠠᠨ ᠪᠠᠶᠢᠨ᠎ᠠ᠃
     ᠲᠣᠰ ᠤᠳᠠᠭᠠᠨ ᠤ ᠰᠢᠯᠭᠠᠷᠠᠭᠤᠯᠬᠤ ᠬᠦᠳᠡᠯᠭᠡᠭᠡᠨ ᠨᠢ ᠪᠥᠬᠦ ᠬᠤᠰᠢᠭᠤᠨ ᠤ ᠵᠢᠭᠤᠯᠴᠢᠯᠠᠯ ᠤᠨ ᠵᠢᠵᠢᠭ ᠲᠠᠸᠠᠷ ᠵᠢᠴᠢ ᠭᠠᠷ ᠤᠷᠠᠯᠠᠯ ᠤᠨ ᠪᠦᠲᠦᠭᠡᠭᠳᠡᠭᠦᠨ ᠤ ᠰᠣᠶᠣᠯ ᠤᠨ ᠠᠭᠤᠯᠤᠭᠳᠠᠬᠤᠨ ᠪᠠ ᠲᠡᠭᠦᠨ ᠤ ᠵᠢᠭᠤᠯᠴᠢᠯᠠᠯ  ᠤᠨ ᠲᠠᠸᠠᠷ ᠪᠣᠯᠤᠭᠰᠠᠨ ᠤ ᠬᠤᠪᠢ ᠳᠠᠬᠢ ᠠᠵᠤ ᠠᠬᠤᠶ ᠶᠢᠨ ᠥᠷᠲᠡᠭ ᠢ ᠠᠭᠤᠳᠠᠯᠬᠤ ᠶᠢ ᠨᠠᠩ ᠴᠢᠬᠤᠯᠠᠴᠢᠯᠠᠵᠤ᠂ ᠰᠣᠶᠣᠯ ᠪᠠ ᠵᠢᠭᠤᠯᠴᠢᠯᠠᠯ ᠢ ᠣᠷᠭᠠᠨᠢᠭ ᠢᠶᠠᠷ ᠠᠭᠤᠰᠤᠯᠴᠠᠭᠤᠯᠪᠠ᠃ ᠲᠤᠰ ᠣᠳᠠᠭᠠᠨ ᠤ ᠬᠦᠳᠡᠯᠭᠡᠭᠡᠨ ᠨᠢ ᠬᠥᠭᠦᠷᠭᠡ ᠬᠤᠯᠪᠣᠭᠠᠰᠤ ᠶᠢᠨ ᠦᠶᠯᠡᠳᠦᠯ ᠢ ᠪᠠᠳᠠᠷᠠᠭᠤᠯᠵᠤ᠂ ᠰᠣᠶᠣᠯ ᠤᠨ ᠪᠦᠲᠦᠭᠡᠯᠴᠢ ᠰᠡᠳᠬᠢᠮᠵᠢ ᠶᠢᠨ ᠡᠬᠢ ᠪᠠᠶᠠᠯᠢᠭ ᠢ ᠬᠤᠷᠠᠮᠳᠤᠭᠤᠯᠤᠨ᠂ ᠰᠣᠶᠣᠯ ᠵᠢᠭᠤᠯᠴᠢᠯᠠᠯ ᠤᠨ ᠠᠭᠤᠰᠤᠯᠴᠠᠯ ᠤᠨ ᠲᠠᠪᠴᠠᠩ ᠢ ᠪᠠᠶᠢᠭᠤᠯᠵᠤ᠂ ᠵᠡᠭᠦᠨ ᠦᠵᠦᠮᠦᠴᠢᠨ ᠬᠤᠰᠢᠭᠤᠨ ᠤ ᠭᠠᠷ ᠤᠷᠠᠯᠠᠯ ᠤᠨ ᠪᠦᠲᠦᠭᠡᠭᠳᠡᠭᠦᠨ ᠤ ᠠᠵᠤ ᠦᠶᠯᠡᠰ ᠤᠨ ᠬᠥᠭᠵᠢᠯᠲᠡ ᠪᠠ ᠰᠣᠶᠣᠯ  ᠤᠨ ᠪᠦᠲᠦᠭᠡᠯᠴᠢ ᠰᠡᠳᠬᠢᠮᠵᠢ ᠶᠢᠨ ᠦᠷ᠎ᠡ ᠪᠦᠲᠦᠭᠡᠯ ᠤᠨ ᠬᠤᠪᠢᠷᠠᠭᠤᠯᠤᠯᠲᠠ ᠶᠢ ᠠᠬᠢᠭᠤᠯᠤᠨ᠂ ᠴᠢᠨᠠᠷ ᠰᠠᠶᠢᠲᠠᠶ ᠵᠢᠭᠤᠯᠴᠢᠯᠠᠯ ᠤᠨ ᠲᠠᠸᠠᠷ ᠪᠠ ᠭᠠᠷ ᠤᠷᠠᠯᠠᠯ ᠤᠨ ᠪᠦᠲᠦᠭᠡᠭᠳᠡᠭᠦᠨ ᠢ ᠲᠠᠰᠤᠷᠠᠯᠲᠠ ᠥᠬᠡᠶ ᠭᠠᠷᠭᠠᠵᠤ᠂ ᠵᠢᠭᠤᠯᠴᠢᠯᠠᠯ  ᠤᠨ ᠲᠠᠸᠠᠷ ᠪᠠ ᠭᠠᠷ ᠤᠷᠠᠯᠠᠯ ᠤᠨ ᠪᠦᠲᠦᠭᠡᠭᠳᠡᠭᠦᠨ ᠤ ᠠᠵᠤ ᠦᠶᠯᠡᠰ ᠤᠨ ᠴᠢᠨᠠᠷ ᠰᠠᠶᠢᠲᠠᠶ ᠬᠥᠭᠵᠢᠯᠲᠡ ᠳᠤ ᠬᠦᠴᠦᠨ ᠴᠢᠳᠠᠯ ᠣᠯᠭᠤᠵᠤ᠂ ᠴᠢᠨᠠᠷ ᠰᠠᠶᠢᠲᠠᠶ ᠰᠣᠶᠣᠯ ᠵᠢᠭᠤᠯᠴᠢᠯᠠᠯ ᠤᠨ ᠬᠡᠷᠡᠭᠯᠡᠭᠡ ᠶᠢ ᠬᠥᠲᠥᠯᠥᠨ ᠳᠠᠭᠠᠭᠤᠯᠵᠤ᠂ ᠠᠷᠠᠳ ᠲᠦᠮᠡᠨ ᠤ ᠰᠠᠶᠢᠨ ᠰᠠᠶᠢᠬᠠᠨ ᠠᠮᠢᠳᠤᠷᠠᠯ ᠤᠨ ᠬᠡᠷᠡᠭᠴᠡᠭᠡ ᠶᠢ ᠬᠠᠩᠭᠠᠬᠤ ᠢ ᠵᠤᠷᠢᠭᠰᠠᠨ ᠪᠠᠶᠢᠨ᠎ᠠ  ᠃
 
ᠢᠷᠡᠯᠲᠡ᠄ ᠵᠡᠬᠦᠨ ᠦᠵᠦᠮᠦᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号