ᠮᠠᠨ ᠤ ᠬᠤᠰᠢᠭᠤ ︽ᠦᠨᠳᠦᠰᠦᠳᠡᠨ ᠤ ᠲᠦᠷᠦ ᠶᠢᠨ ᠪᠤᠳᠤᠯᠭ᠎ᠠ ᠶᠢ ᠭᠠᠴᠠᠭᠠᠨ ᠳᠤ ᠤᠬᠠᠭᠤᠯᠬᠤ︾ ᠤᠬᠠᠭᠤᠯᠭ᠎ᠠ ᠶᠢᠨ ᠠᠵᠢᠯᠯᠠᠭ᠎ᠠ ᠦᠷᠨᠢᠭᠦᠯᠪᠡ
ᠨᠡᠶᠢᠲᠡᠯᠡᠭᠰᠡᠨ ᠴᠠᠭ᠄
2023/5/29
      ᠶᠡᠷᠦᠩᠬᠡᠶ ᠱᠦᠵᠢ ᠰᠢ ᠶᠢᠨ ᠫᠢᠩ ᠤᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠶ ᠴᠢᠬᠤᠯᠠ ᠦᠵᠡᠯ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠤᠨ ᠨᠠᠶᠢᠲᠠᠪᠤᠷᠢᠵᠢᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠤᠰᠢᠶᠠᠭᠰᠠᠨ ︿︿ᠲᠠᠪᠤᠨ ᠶᠡᠭᠡ ᠡᠭᠦᠷᠭᠡ﹀﹀ ᠶᠢ ᠰᠠᠶᠢᠲᠤᠷ ᠪᠡᠶᠡᠯᠡᠭᠦᠯᠦᠨ᠂ ᠵᠢᠱᠢᠶᠡᠴᠢ ︽ᠥᠪᠡᠷᠲᠡᠭᠡᠨ ᠵᠠᠰᠠᠬᠤ ᠣᠷᠣᠨ︾ ᠢ ᠪᠥᠬᠦ ᠲᠠᠯ᠎ᠠ ᠪᠠᠷ ᠪᠥᠲᠥᠭᠡᠨ ᠪᠠᠶᠢᠭᠤᠯᠵᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠬᠥᠮᠦᠵᠢᠯ ᠢ ᠦᠷᠭᠦᠯᠵᠢᠯᠡᠨ ᠭᠦᠨᠵᠡᠭᠡᠶᠢᠷᠡᠭᠦᠯᠵᠦ᠂ ᠦᠨᠳᠦᠰᠦᠲᠡᠨ ᠨᠦᠭᠦᠳ ᠤᠨ ᠣᠯᠠᠨ ᠲᠦᠮᠡᠨ ᠢ ᠬᠥᠲᠥᠯᠥᠨ ᠵᠢᠯᠣᠭᠤᠳᠴᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠴᠤᠭᠴᠠᠯᠠᠨ᠂ ᠦᠨᠳᠦᠰᠦᠲᠡᠨ ᠤ ᠪᠦᠯᠬᠦᠮᠳᠡᠯ ᠤᠨ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠤᠯᠭᠠᠬᠤ ᠶᠢᠨ ᠲᠦᠯᠦᠭᠡ᠂ 5 ᠰᠠᠷ᠎ᠠ ᠶᠢᠨ 17 ᠤ ᠡᠳᠦᠷ᠂ ᠮᠠᠨ ᠤ ᠬᠤᠰᠢᠭᠤᠨ ᠤ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠨᠢ ᠡᠵᠢᠨᠠᠭᠤᠷ ᠪᠠᠯᠭᠠᠰᠤᠨ ᠤ ᠬᠠᠷᠠᠭᠤᠪᠢ ᠭᠠᠴᠠᠭ᠎ᠠ ᠪᠣᠯᠣᠨ ᠪᠦᠯᠬᠦᠮᠳᠡᠯ ᠭᠠᠴᠠᠭᠠᠨ ᠳᠤ ᠭᠦᠨᠵᠡᠭᠡᠶᠢᠷᠡᠵᠦ᠂ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠤᠭᠴᠠᠯᠠᠵᠤ᠂ ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠥᠬᠦ ᠲᠠᠯ᠎ᠠ ᠪᠠᠷ ᠪᠥᠲᠥᠭᠡᠨ ᠪᠠᠶᠢᠭᠤᠯᠬᠤ︾ ᠪᠠᠷ ᠭᠤᠤᠯ ᠰᠡᠳᠦᠪ ᠪᠣᠯᠭᠠᠭᠰᠠᠨ ᠦᠨᠳᠦᠰᠦᠲᠡᠨ ᠤ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠠᠵᠢᠯᠯᠠᠭ᠎ᠠ ᠦᠷᠨᠢᠭᠦᠯᠵᠡᠢ᠃ ᠡᠵᠢᠨᠠᠭᠤᠷ ᠪᠠᠯᠭᠠᠰᠤᠨ ᠤ ᠺᠠᠳ᠋ᠷ ᠠᠵᠢᠯᠲᠠᠨ᠂ ᠭᠠᠴᠠᠭᠠᠨ ᠤ ᠨᠠᠮ ᠤᠨ ᠭᠡᠰᠢᠭᠦᠨ ᠨᠡᠶᠢᠲᠡ 100 ᠭᠠᠷᠤᠶ ᠬᠥᠮᠦᠨ ᠠᠵᠢᠯᠯᠠᠭ᠎ᠠ ᠳᠤ ᠣᠷᠣᠯᠴᠠᠪᠠ᠃      ᠠᠵᠢᠯᠯᠠᠭᠠᠨ ᠤ ᠠᠬᠤᠶ ᠲᠠᠯᠠᠪᠠᠶ ᠳᠤ᠂ ᠬᠤᠰᠢᠭᠤ ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ ᠤᠨ ᠺᠠᠳ᠋ᠷ ᠠᠵᠢᠯᠲᠠᠳ ᠠᠴᠠ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠡᠨᠡ ᠬᠦ ᠭᠤᠤᠯ ᠱᠤᠭᠤᠮ ᠤᠨ ᠲᠣᠭᠤᠷᠢᠨ ᠳᠤ᠂ ᠬᠢᠯᠪᠠᠷ ᠣᠶᠢᠯᠠᠭᠠᠮᠵᠢᠲᠠᠶ ᠠᠷᠭ᠎ᠠ ᠬᠡᠯᠪᠡᠷᠢ ᠪᠠᠷ ᠭᠠᠴᠠᠭᠠᠨ ᠤ ᠮᠠᠯᠴᠢᠳ ᠲᠤ ᠦᠨᠳᠦᠰᠦᠲᠡᠨ ᠤ ᠣᠨᠣᠯ ᠲᠥᠷᠥ ᠶᠢᠨ ᠪᠣᠳᠣᠯᠭ᠎ᠠ ᠶᠢ ᠲᠠᠶᠢᠯᠪᠤᠷᠢᠯᠠᠬᠤ ᠶᠢᠨ ᠬᠠᠮᠲᠤ ᠭᠠᠴᠠᠭᠠᠨ ᠤ ᠬᠠᠷᠢᠭᠤᠴᠠᠯᠭᠠᠲᠠᠨ ᠲᠠᠢ ᠶᠠᠷᠢᠯᠴᠠᠵᠤ᠂ ᠭᠠᠴᠠᠭᠠᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠤᠭᠰᠠᠨ ᠪᠠᠶᠢᠳᠠᠯ ᠢ ᠤᠯᠠᠮ ᠨᠢᠭᠡ ᠠᠯᠬᠤᠮ ᠣᠶᠢᠯᠠᠭᠠᠵᠤ᠂ ᠦᠨᠳᠦᠰᠦᠲᠡᠨ ᠨᠦᠭᠦᠳ ᠤᠨ ᠣᠯᠠᠨ ᠲᠦᠮᠡᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠠᠵᠢᠯ ᠳᠤ ᠣᠷᠣᠯᠴᠠᠬᠤ ᠢᠳᠡᠪᠬᠢᠵᠢᠯ ᠪᠠ ᠰᠠᠨᠠᠭᠠᠴᠢᠯᠠᠭᠠᠲᠤ ᠴᠢᠨᠠᠷ ᠢ ᠬᠥᠭᠵᠢᠭᠡᠪᠡ᠃ ᠡᠭᠦᠨ ᠤ ᠬᠠᠮᠳᠤ᠂ ᠤᠬᠠᠭᠤᠯᠭ᠎ᠠ ᠶᠢᠨ ᠳᠡᠪᠲᠡᠷ ᠲᠠᠷᠬᠠᠭᠠᠬᠤ᠂ ᠤᠬᠠᠭᠤᠯᠭ᠎ᠠ ᠶᠢᠨ ᠤᠷᠢᠶ᠎ᠠ ᠯᠣᠽᠦ᠋ᠩ ᠡᠯᠭᠦᠬᠦ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠪᠦᠬᠦ ᠲᠠᠯ᠎ᠠ ᠶᠢᠨ ᠤᠬᠠᠭᠤᠯᠭ᠎ᠠ ᠬᠢᠵᠦ᠂ ᠦᠨᠳᠦᠰᠦᠲᠡᠨ ᠨᠦᠭᠦᠳ ᠤᠨ ᠤᠯᠠᠨ ᠲᠦᠮᠡᠨ ᠢ ᠬᠦᠲᠦᠯᠦᠨ ᠵᠢᠯᠣᠭᠤᠳᠴᠤ ᠬᠠᠮᠲᠤ ᠶᠢᠨ ᠴᠣᠭᠴᠠ ᠶᠢᠨ ᠣᠶᠢᠯᠠᠭᠠᠭᠳᠠᠬᠤᠨ ᠢ ᠪᠠᠲᠤ ᠪᠠᠬᠢ ᠪᠤᠢ ᠪᠣᠯᠭᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠦᠵᠡᠯ ᠰᠠᠨᠠᠭᠠᠨ ᠤ ᠰᠠᠭᠤᠷᠢ ᠶᠢ ᠲᠠᠰᠤᠷᠠᠯᠲᠠ ᠦᠭᠡᠢ  ᠪᠠᠬᠢᠵᠢᠭᠦᠯᠵᠡᠢ᠃ ᠠᠵᠢᠯᠯᠠᠭ᠎ᠠ ᠳᠤ᠂ ᠠᠵᠢᠯᠲᠠᠳ ᠠᠴᠠ ᠪᠠᠰᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠠᠬᠢᠭᠤᠯᠬᠤ ᠲᠦᠷᠢᠮ︾᠂  ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︿ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠥᠰᠥᠭ ᠪᠢᠴᠢᠭ ᠤᠨ ᠬᠠᠤᠯᠢ﹀ ᠶᠢ ᠬᠡᠷᠡᠭᠵᠢᠭᠦᠯᠬᠦ ᠠᠷᠭ᠎ᠠ︾᠂  ︽ᠳᠤᠮᠳᠠᠳᠤ ᠶᠢᠨ ᠦᠨᠳᠦᠰᠦᠲᠡᠨ︾ ᠵᠢᠷᠤᠭᠲᠤ ᠰᠡᠳᠬᠦᠯ ᠵᠡᠷᠭᠡ ᠤᠬᠠᠭᠤᠯᠬᠤ ᠮᠠᠲ᠋ᠧᠷᠢᠶᠠᠯ ᠢ ᠨᠡᠶᠢᠲᠡ 200 ᠭᠠᠷᠤᠶ ᠬᠤᠪᠢ ᠲᠠᠷᠬᠠᠭᠠᠪᠠ᠃      ᠲᠣᠰ ᠤᠳᠠᠭᠠᠨ ᠤ  ︽ᠦᠨᠳᠦᠰᠦᠲᠡᠨ ᠤ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ︾ ᠶᠢ ᠭᠠᠴᠠᠭᠠᠨ ᠳᠤ ᠣᠷᠣᠭᠤᠯᠬᠤ ᠤᠬᠠᠭᠤᠯᠭ᠎ᠠ ᠶᠢᠨ ᠠᠵᠢᠯᠯᠠᠭ᠎ᠠ ᠪᠠᠷ ᠳᠡᠮᠵᠢᠨ᠂ ᠦᠨᠳᠦᠰᠦᠲᠡᠨ ᠨᠦᠭᠦᠳ ᠤᠨ ᠣᠯᠠᠨ ᠲᠦᠮᠡᠨ ᠤ ︽ᠭᠤᠷᠪᠠᠨ ᠰᠠᠯᠵᠤ ᠴᠢᠳᠠᠬᠤ ᠥᠬᠡᠶ︾ ︽ᠲᠠᠪᠤᠨ ᠬᠠᠮᠲᠤ ᠶᠢᠨ ᠲᠠᠨᠢᠯᠲᠠ︾ ᠶᠢ ᠪᠠᠲᠤ ᠪᠠᠬᠢ ᠪᠣᠶ ᠪᠣᠯᠭᠠᠬᠤ ᠦᠵᠡᠯ ᠰᠠᠨᠠᠭ᠎ᠠ ᠲᠠᠨᠢᠯᠲᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠬᠠᠷᠢᠶ᠎ᠠ ᠣᠷᠣᠨ ᠤ ᠦᠨᠳᠦᠰᠦᠲᠡᠨ ᠨᠦᠭᠦᠳ ᠤᠨ ᠰᠠᠭᠤᠭᠠᠯᠢ ᠠᠷᠠᠳ ᠤᠨ ᠬᠠᠮᠲᠤ ᠪᠠᠷ ᠣᠷᠣᠰᠢᠨ ᠰᠠᠭᠤᠵᠤ ᠬᠠᠮᠲᠦᠪᠡᠷ ᠰᠤᠷᠤᠯᠴᠠᠬᠤ ᠦᠨᠳᠦᠰᠦᠲᠡᠨ ᠤ ᠪᠦᠯᠬᠦᠮᠳᠡᠯ  ᠤᠨ ᠭᠦᠨ ᠵᠤᠵᠠᠭᠠᠨ ᠠᠭᠤᠷ ᠠᠮᠢᠰᠬᠤᠯ ᠢ ᠢᠳᠡᠪᠬᠢᠲᠡᠶ ᠪᠣᠶ ᠪᠣᠯᠭᠠᠵᠤ᠂ ᠰᠢᠨ᠎ᠡ ᠴᠠᠭ ᠦᠶ᠎ᠡ ᠶᠢᠨ ᠦᠨᠳᠦᠰᠦᠲᠡᠨ  ᠨᠦᠭᠦᠳ ᠤᠨ ᠠᠷᠠᠳ ᠲᠦᠮᠡᠨ ᠤ ᠬᠠᠮᠲᠤ ᠪᠠᠷ ᠪᠦᠯᠬᠦᠮᠳᠡᠨ ᠲᠡᠮᠡᠴᠡᠬᠦ᠂ ᠬᠠᠮᠲᠤ ᠪᠠᠷ ᠴᠡᠴᠡᠭᠯᠡᠨ ᠬᠥᠭᠵᠢᠬᠦ ᠦᠵᠡᠯ ᠰᠠᠨᠠᠭᠠᠨ ᠤ ᠰᠠᠭᠤᠷᠢ ᠶᠢ ᠪᠠᠬᠢᠵᠢᠭᠦᠯᠵᠦ᠂ ᠬᠦᠮᠦᠰ ᠤᠨ ᠰᠡᠳᠬᠢᠯ ᠳᠤ ᠬᠠᠳᠠᠩᠰᠢᠭᠤᠯᠵᠠᠢ᠃
 
ᠢᠷᠡᠯᠲᠡ᠄ ᠵᠡᠬᠦᠨ ᠦᠵᠦᠮᠦᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号