ᠮᠠᠨᠳᠤᠬᠤᠪᠤᠯᠠᠭ ᠪᠠᠯᠭᠠᠰᠤᠨ ᠤ ᠪᠠᠶᠠᠨᠪᠦ᠋ᠷᠢᠳᠦ ᠭᠠᠴᠠᠭᠠᠨ ᠤ ᠡᠮᠡᠭᠲᠡᠶᠢᠴᠦᠳ ᠤᠨ ᠬᠤᠯᠪᠣᠭᠠᠲᠤ ᠬᠤᠷᠠᠯ ᠤᠨ  ᠬᠢᠨ ᠣᠷᠴᠢᠨ ᠲᠤᠭᠤᠷᠢᠨ ᠢ ᠴᠡᠭᠴᠡᠯᠡᠨ ᠵᠠᠰᠠᠬᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2023/5/29
      ᠮᠠᠯᠴᠢᠨ ᠲᠦᠮᠡᠨ ᠤ ᠣᠷᠣᠰᠢᠨ ᠰᠠᠭᠤᠵᠤ ᠪᠠᠶᠢᠬᠤ ᠣᠷᠴᠢᠨ ᠲᠣᠭᠤᠷᠢᠨ ᠪᠠᠨ ᠴᠡᠭᠴᠡᠯᠡᠨ ᠵᠠᠰᠠᠬᠤ ᠲᠤᠬᠠᠢ ᠲᠠᠨᠢᠯᠲᠠ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠢ ᠴᠡᠭᠴᠡᠯᠡᠨ ᠵᠠᠰᠠᠬᠤ ᠠᠵᠢᠯ ᠢ ᠦᠨᠡᠨᠬᠦ ᠰᠠᠶᠢᠲᠤᠷ ᠬᠢᠬᠦ ᠶᠢᠨ ᠲᠤᠰᠠᠳᠠ᠂ 5 ᠰᠠᠷ᠎ᠠ ᠶᠢᠨ 23 ᠤ ᠡᠳᠦᠷ᠂ ᠮᠠᠨᠳᠤᠬᠤᠪᠤᠯᠠᠭ ᠪᠠᠯᠭᠠᠰᠤᠨ ᠤ ᠪᠠᠶᠠᠨᠪᠦ᠋ᠷᠢᠳᠤ ᠭᠠᠴᠠᠭᠠᠨ ᠤ ᠡᠮᠡᠭᠲᠡᠶᠢᠴᠦᠳ ᠤᠨ ᠬᠤᠯᠪᠤᠭᠠᠳᠤ ᠬᠤᠷᠠᠯ ᠠᠴᠠ ᠭᠠᠴᠠᠭᠠᠨ ᠤ ᠪᠠᠨ ᠡᠮᠡᠭᠲᠡᠶᠢᠴᠦᠳ ᠢ ᠵᠣᠬᠢᠶᠠᠨ ᠪᠠᠶᠢᠭᠤᠯᠵᠤ᠂ ᠣᠷᠴᠢᠨ ᠲᠣᠭᠤᠷᠢᠨ ᠢ ᠠᠷᠢᠭᠤᠨ ᠴᠡᠪᠡᠷ ᠢ ᠴᠡᠭᠴᠡᠯᠡᠨ ᠵᠠᠰᠠᠬᠤ ᠠᠵᠢᠯᠯᠠᠭ᠎ᠠ ᠶᠢ ᠥᠷᠨᠢᠭᠦᠯᠪᠡ᠃ ᠪᠠᠶᠠᠨᠪᠦ᠋ᠷᠢᠳᠤ ᠭᠠᠴᠠᠭᠠᠨ ᠤ ᠡᠮᠡᠭᠲᠡᠶᠢᠴᠦᠳ᠂ ᠡᠮᠡᠭᠲᠡᠶᠢᠴᠦᠳ ᠤᠨ ᠬᠤᠯᠪᠤᠭᠠᠳᠤ ᠬᠤᠷᠠᠯ ᠤᠨ ᠨᠢᠭᠡᠳᠦᠯᠲᠡᠢ ᠵᠣᠬᠢᠶᠠᠨ ᠪᠠᠶᠢᠭᠤᠯᠤᠯᠲᠠ ᠳᠣᠣᠷ᠎ᠠ᠂ ᠮᠠᠨᠳᠤᠬᠤᠪᠤᠯᠠᠭ ᠪᠠᠯᠭᠠᠰᠤᠨ ᠤ ᠳᠣᠲᠣᠷᠠᠬᠢ ᠠᠮᠢᠳᠤᠷᠠᠯ ᠤᠨ ᠬᠤᠭ ᠨᠤᠪᠰᠢ  ᠶᠢ ᠴᠡᠪᠡᠷᠯᠡᠨ ᠲᠡᠭᠦᠪᠡ᠃      ᠲᠤᠰ ᠤᠳᠠᠭᠠᠨ ᠤ ᠠᠵᠢᠯᠯᠠᠭ᠎ᠠ ᠶᠢ ᠥᠷᠨᠢᠭᠦᠯᠦᠭᠰᠡᠨ ᠨᠢ᠂ ᠮᠠᠯᠵᠢᠬᠤ ᠣᠷᠣᠨ ᠤ ᠤᠯᠠᠨ ᠲᠦᠮᠡᠨ ᠢ ᠰᠠᠶᠢᠨ ᠰᠠᠶᠢᠬᠠᠨ ᠪᠣᠯᠪᠠᠰᠤᠨ ᠡᠷᠡᠭᠦᠯ ᠬᠠᠮᠠᠭᠠᠯᠠᠯ ᠤᠨ ᠳᠠᠳᠬᠠᠯ ᠲᠠᠢ ᠪᠣᠯᠭᠠᠵᠤ᠂ ᠪᠣᠳᠠᠲᠤ ᠠᠵᠢᠯᠯᠠᠭ᠎ᠠ ᠪᠠᠷ ᠢᠶᠠᠨ ᠪᠦᠬᠦ ᠪᠠᠯᠭᠠᠰᠤᠨ ᠤ ᠡᠮᠡᠭᠲᠡᠶᠢᠴᠦᠳ ᠤᠨ ᠪᠣᠯᠪᠠᠰᠤᠨ ᠡᠷᠡᠭᠦᠯ ᠬᠠᠮᠠᠭᠠᠯᠠᠯ ᠤᠨ ᠤᠬᠠᠮᠰᠠᠷ ᠢ ᠳᠡᠭᠡᠭᠰᠢᠯᠡᠭᠦᠯᠬᠦ ᠶᠢ ᠰᠠᠨᠠᠭᠠᠴᠢᠯᠠᠵᠤ᠂ ᠥᠪᠡᠷ ᠤᠨ ᠭᠡᠷ ᠤᠨ ᠤᠷᠴᠢᠨ ᠲᠤᠭᠤᠷᠢᠨ ᠤ ᠪᠠᠨ ᠠᠷᠢᠭᠤᠨ ᠴᠡᠪᠡᠷ ᠢ ᠬᠠᠷᠢᠭᠤᠴᠠᠨ ᠴᠡᠪᠡᠷᠯᠡᠵᠦ᠂ ᠣᠷᠴᠢᠨ ᠲᠣᠭᠤᠷᠢᠨ ᠢ ᠴᠡᠭᠴᠡᠯᠡᠨ ᠵᠠᠰᠠᠬᠤ ᠬᠠᠷᠢᠭᠤᠴᠠᠯᠭᠠᠲᠤ ᠰᠡᠳᠬᠢᠯᠭᠡ ᠪᠣᠯᠣᠨ ᠤᠬᠠᠮᠰᠠᠷᠲᠤ ᠴᠢᠨᠠᠷ ᠢ ᠦᠨᠡᠨᠬᠦ ᠴᠢᠩᠭᠠᠳᠬᠠᠵᠤ᠂ ᠥᠪᠡᠷ ᠤᠨ ᠪᠡᠶ᠎ᠡ ᠠᠴᠠ ᠪᠠᠨ ᠡᠬᠢᠯᠡᠨ ᠬᠢᠵᠦ᠂ ᠳᠡᠷᠭᠡᠳᠡᠬᠢ ᠪᠠᠭ᠎ᠠ ᠶᠠᠪᠤᠳᠠᠯ ᠠᠴᠠ ᠡᠬᠢᠯᠡᠨ ᠬᠢᠵᠦ᠂ ᠭᠡᠷ ᠤᠨ ᠬᠥᠮᠥᠰ ᠢᠶᠠᠨ ᠲᠠᠶᠢᠴᠢᠯᠠᠨ ᠤᠬᠠᠮᠰᠠᠷ ᠠᠴᠠ ᠪᠠᠨ ᠣᠷᠴᠢᠨ ᠲᠤᠭᠤᠷᠢᠨ ᠤ ᠪᠠᠨ ᠠᠷᠢᠭᠤᠨ ᠴᠡᠪᠡᠷ ᠢ ᠰᠠᠶᠢᠲᠤᠷ ᠴᠡᠭᠴᠡᠯᠡᠨ ᠬᠠᠮᠠᠭᠠᠯᠠᠬᠤ ᠶᠢ ᠤᠷᠢᠶᠠᠯᠠᠬᠤ ᠶᠢᠨ ᠲᠥᠯᠥᠭᠡ ᠶᠤᠮ᠃
 
ᠢᠷᠡᠯᠲᠡ᠄ ᠮᠠᠨᠳᠣᠬᠤᠪᠣᠯᠠᠭ ᠪᠠᠯᠭᠠᠰᠤ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号