ᠮᠠᠨᠳᠤᠬᠤᠪᠤᠯᠠᠭ ᠪᠠᠯᠭᠠᠰᠣᠨ ᠤ ᠲᠤᠰᠤᠨᠨᠠᠭᠤᠷ ᠭᠠᠴᠠᠭᠠᠨ ᠤ ᠡᠮᠡᠭᠲᠠᠶᠢᠴᠣᠳ ᠤᠨ ᠬᠤᠯᠪᠤᠭᠠᠳᠤ ᠬᠤᠷᠠᠯ ᠤᠨ ᠬᠢᠨᠢ ᠨᠠᠰᠤᠲᠠᠶᠢᠴᠤᠳ ᠢ ᠬᠠᠶᠢᠷᠠᠯᠠᠨ ᠬᠠᠯᠠᠮᠵᠢᠯᠠᠬᠤ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠦᠷᠨᠢᠭᠦᠯᠪᠡ
ᠨᠡᠶᠢᠲᠡᠯᠡᠭᠰᠡᠨ ᠴᠠᠭ᠄
2023/5/29
      ᠨᠠᠰᠤᠲᠠᠨ ᠪᠤᠭᠤᠷᠤᠯᠴᠤᠳ ᠢᠶᠠᠨ ᠬᠠᠶᠢᠷᠠᠯᠠᠨ ᠬᠠᠯᠠᠮᠵᠢᠯᠠᠬᠤ ᠪᠣᠯ ᠳᠤᠮᠳᠠᠳᠤ ᠶᠢᠨ ᠦᠨᠳᠦᠰᠦᠲᠡᠨ ᠤ ᠤᠯᠠᠮᠵᠢᠯᠠᠯᠲᠤ ᠰᠠᠶᠢᠬᠠᠨ ᠰᠤᠷᠲᠠᠯ ᠪᠣᠯᠤᠨ᠎ᠠ᠃ ᠳᠤᠮᠳᠠᠳᠤ ᠶᠢᠨ ᠦᠨᠳᠦᠰᠦᠲᠡᠨ ᠤ ᠡᠨᠡᠬᠦ ᠤᠯᠠᠮᠵᠢᠯᠠᠯᠲᠤ ᠰᠠᠶᠢᠬᠠᠨ ᠵᠠᠩ ᠰᠤᠷᠲᠠᠯ ᠢ ᠤᠯᠠᠮᠵᠢᠯᠠᠨ᠂ ᠨᠠᠰᠤᠲᠠᠨ ᠢᠶᠠᠨ ᠬᠦᠨᠳᠦᠯᠡᠬᠦ᠂ ᠨᠠᠰᠤᠲᠠᠨ ᠢᠶᠠᠨ ᠬᠠᠶᠢᠷᠠᠯᠠᠬᠤ ᠶᠣᠰᠣ ᠰᠤᠷᠲᠠᠬᠤᠨ ᠤ ᠬᠡᠪ ᠰᠤᠷᠲᠠᠯ ᠢ ᠪᠤᠢ ᠪᠣᠯᠭᠠᠬᠤ ᠶᠢ ᠤᠷᠢᠶᠠᠯᠠᠵᠤ᠂ ᠨᠠᠰᠤᠲᠠᠨ ᠢᠶᠠᠨ ᠬᠠᠶᠢᠷᠠᠯᠠᠨ ᠬᠠᠯᠠᠮᠵᠢᠯᠠᠬᠤ ᠶᠢ ᠦᠢᠯᠡᠳᠦᠯᠭᠡ ᠶᠢᠨ ᠳᠤᠮᠳᠠ ᠨᠠᠶᠢᠳᠠᠪᠤᠷᠢᠵᠢᠭᠤᠯᠬᠤ ᠶᠢᠨ ᠲᠦᠯᠦᠭᠡ᠂ ᠣᠶᠢᠷ᠎ᠠ ᠶᠢᠨ ᠡᠳᠦᠷ᠂ ᠮᠠᠨᠳᠤᠬᠤᠪᠤᠯᠠᠭ ᠪᠠᠯᠭᠠᠰᠣᠨ ᠤ ᠲᠤᠰᠤᠨᠨᠠᠭᠤᠷ ᠭᠠᠴᠠᠭᠠᠨ ᠤ ᠡᠮᠡᠭᠲᠡᠶᠢᠴᠦᠳ ᠤᠨ ᠬᠤᠯᠪᠤᠭᠠᠳᠤ ᠬᠤᠷᠠᠯ᠂ ᠡᠮᠡᠭᠲᠡᠢ ᠰᠠᠶᠢᠨ ᠳᠤᠷ᠎ᠠ ᠶᠢᠨ ᠦᠢᠯᠡᠴᠢᠯᠡᠭᠴᠢᠳ ᠤᠯᠢᠶᠠᠰᠤᠲᠠᠢ ᠪᠠᠯᠭᠠᠰᠤᠨ ᠤ ᠨᠠᠷᠠᠨᠭᠡᠷᠡᠯ ᠵᠡᠮᠳᠡᠭᠴᠤᠳ ᠢ ᠲᠡᠳᠬᠦᠬᠦ᠂ ᠨᠠᠰᠤᠳᠠᠶᠢᠴᠤᠳ ᠢ ᠠᠰᠠᠷᠠᠬᠤ ᠬᠦᠷᠢᠶᠡᠯᠡᠩ ᠳᠤ ᠬᠦᠷᠴᠦ ᠨᠠᠰᠤᠲᠠᠨ ᠢᠶᠠᠨ ᠬᠠᠶᠢᠷᠠᠯᠠᠨ ᠬᠠᠯᠠᠮᠵᠢᠯᠠᠬᠤ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠥᠷᠨᠢᠭᠦᠯᠵᠡᠢ᠃ ᠲᠤᠰᠤᠨᠨᠠᠭᠤᠷ ᠭᠠᠴᠠᠭᠠᠨ ᠤ ᠡᠮᠡᠭᠲᠡᠶᠢᠴᠦᠳ ᠤᠨ ᠬᠤᠯᠪᠣᠭᠠᠲᠤ ᠬᠤᠷᠠᠯ ᠠᠴᠠ ︽ᠨᠠᠰᠤᠲᠠᠨ ᠢᠶᠠᠨ ᠬᠦᠨᠳᠦᠯᠡᠵᠦ᠂ ᠨᠠᠰᠤᠲᠠᠨ ᠢᠶᠠᠨ ᠬᠠᠶᠢᠷᠠᠯᠠᠬᠤ︾ ᠵᠠᠷᠴᠢᠮ ᠢᠶᠠᠷ ᠭᠠᠴᠠᠭᠠᠨ ᠤ ᠨᠠᠰᠤᠳᠠᠶᠢᠴᠤᠳ ᠢᠶᠠᠨ ᠪᠤᠯᠭᠤᠨ‌‍ᠲ᠋ᠣᠬᠤᠨᠢᠭᠤᠯᠵᠤ᠂ ᠨᠠᠰᠤᠲᠠᠨ ᠪᠤᠭᠤᠷᠤᠯᠴᠤᠳ ᠲᠠᠢ ᠪᠠᠨ ᠳᠣᠲᠣᠨᠣ ᠪᠠᠷ ᠶᠠᠷᠢᠯᠴᠠᠨ ᠵᠤᠭᠤᠭᠳᠠᠵᠤ᠂ ᠪᠡᠶ᠎ᠡ ᠶᠢᠨ ᠪᠠᠶᠢᠳᠠᠯ ᠢ ᠨᠢᠭᠡᠳ ᠨᠢᠭᠡ ᠪᠠᠷ ᠠᠰᠠᠭᠤᠨ ᠯᠠᠪᠯᠠᠵᠤ᠂ ᠲᠡᠳᠡᠨ ᠤ ᠰᠡᠳᠬᠢᠯ ᠤᠨ ᠦᠭᠡ ᠶᠢ ᠰᠣᠨᠣᠰᠴᠤ᠂ ᠨᠠᠰᠤᠲᠠᠨ ᠳᠤ ᠠᠭᠤᠷ ᠠᠮᠢᠰᠬᠤᠯ ᠤᠨ ᠬᠤᠪᠢᠷᠠᠯᠲᠠ ᠶᠢ ᠠᠩᠬᠠᠷᠴᠤ᠂ ᠬᠤᠪᠴᠠᠰᠤ ᠬᠤᠨᠠᠷ ᠢᠶᠠᠨ ᠴᠠᠭ ᠲᠤᠬᠠᠢ ᠳᠤᠨᠢ ᠨᠡᠮᠡᠵᠦ ᠬᠠᠰᠤᠬᠤ ᠶᠢ ᠵᠠᠬᠢᠪᠠ᠃ ᠲᠡᠳᠡ ᠪᠠᠰᠠ ᠰᠡᠶ᠋ᠢᠩ ᠬᠠᠶᠠᠬᠤ ᠵᠡᠷᠭᠡ ᠪᠠᠶᠠᠷ ᠬᠥᠷ ᠲᠠᠢ ᠲᠣᠭᠯᠠᠭᠠᠮ ᠳᠤᠭᠯᠠᠵᠤ᠂ ᠨᠠᠰᠤᠳᠠᠶᠢᠴᠤᠳ ᠪᠠᠨ ᠪᠠᠶᠠᠷᠯᠠᠭᠤᠯᠵᠤ᠂ ᠠᠮᠢᠳᠤᠷᠠᠯ ᠳᠤᠨᠢ ᠬᠦᠷ ᠨᠠᠷᠭᠢᠶᠠᠨ ᠨᠡᠮᠡᠷᠢᠯᠡᠭᠰᠡᠨ ᠪᠠᠶᠢᠨ᠎ᠠ᠃      ᠬᠦᠳᠡᠯᠭᠡᠭᠡᠨ ᠤ ᠲᠤᠬᠠᠢ ᠶᠢᠨ ᠲᠠᠯᠠᠪᠠᠢ ᠳᠤ ᠬᠠᠯᠠᠭᠤᠨ ᠳᠤᠯᠠᠭᠠᠨ ᠠᠭᠤᠷ ᠠᠮᠢᠰᠬᠤᠯ ᠪᠢᠯᠬᠠᠵᠤ᠂ ᠲᠠᠪᠤᠨ ᠰᠠᠷ᠎ᠠ ᠶᠢᠨ ᠤᠷᠢᠬᠠᠨ ᠬᠠᠪᠤᠷ ᠤᠨ ᠤᠶᠠᠬᠠᠨ ᠰᠠᠯᠬᠢ ᠰᠢᠭ᠋ ᠨᠠᠰᠤᠲᠠᠨ ᠤ ᠰᠡᠳᠬᠢᠯ ᠢ ᠳᠤᠯᠠᠭᠠᠴᠠᠭᠤᠯᠵᠤ᠂ ᠨᠡᠶᠢᠭᠡᠮ ᠤᠨ ᠶᠡᠭᠡ ᠭᠡᠷ ᠪᠦᠯᠢ ᠶᠢᠨ ᠬᠠᠯᠠᠭᠤᠨ ᠳᠤᠯᠠᠭᠠᠨ ᠢ ᠦᠨᠡᠨᠬᠦ ᠮᠡᠳᠡᠷᠡᠭᠦᠯᠵᠦ᠂ ᠵᠠᠯᠠᠭᠤ ᠨᠢᠭᠡ ᠦᠶ᠎ᠡ ᠶᠢᠨ  ᠬᠢᠨ ᠢᠶᠠᠨ ᠨᠠᠰᠤᠳᠠᠨ ᠪᠤᠭᠤᠷᠤᠯᠴᠤᠳ ᠳᠠᠭᠠᠨ ᠠᠴᠢᠯᠠᠯ ᠡᠯᠪᠡᠷᠢᠯ ᠲᠠᠢ ᠪᠠᠶᠢᠬᠤ ᠶᠢ ᠤᠷᠢᠶᠠᠯᠠᠭᠰᠠᠨ ᠪᠠᠶᠢᠨ᠎ᠠ᠃ ᠬᠦᠳᠡᠯᠭᠡᠭᠡᠨ ᠤ ᠡᠴᠦᠰ ᠲᠤ᠂ ᠲᠤᠰᠤᠨᠨᠠᠭᠤᠷ ᠭᠠᠴᠠᠭᠠᠨ ᠤ ᠡᠮᠡᠭᠲᠡᠶᠢᠴᠦᠳ ᠤᠨ ᠬᠤᠯᠪᠣᠭᠠᠲᠤ ᠬᠤᠷᠠᠯ ᠂  ᠰᠠᠶᠢᠨ ᠳᠤᠷ᠎ᠠ ᠶᠢᠨ ᠦᠢᠯᠡᠴᠢᠯᠡᠭᠴᠢᠳ ᠨᠠᠰᠤᠲᠠᠶᠢᠴᠤᠳ ᠲᠠᠢ ᠬᠠᠮᠲᠤ ᠬᠡᠷᠡᠯ ᠵᠢᠷᠤᠭ ᠲᠠᠲᠠᠭᠤᠯᠤᠨ ᠳᠤᠷᠠᠰᠬᠠᠯ ᠦᠯᠡᠳᠡᠭᠡᠵᠦ᠂ ᠡᠨᠡ ᠬᠦ  ᠬᠠᠯᠠᠭᠤᠨ ᠳᠤᠯᠠᠭᠠᠨ ᠰᠠᠶᠢᠨ ᠰᠠᠶᠢᠬᠠᠨ ᠴᠠᠭ ᠮᠥᠴᠡ ᠶᠢ ᠲᠤᠷᠠᠰᠬᠠᠨ ᠲᠡᠮᠳᠡᠭᠯᠡᠯ᠎ᠡ᠃      ᠡᠴᠦᠰ ᠲᠤ᠂ ᠲᠤᠰᠤᠨᠨᠠᠭᠤᠷ ᠭᠠᠴᠠᠭᠠᠨ ᠤ ᠡᠮᠡᠭᠲᠡᠶᠢᠴᠦᠳ ᠤᠨ ᠬᠤᠯᠪᠣᠭᠠᠲᠤ ᠬᠤᠷᠠᠯ ᠠᠴᠠ ︽ᠬᠠᠷᠠᠮ ᠦᠭᠡᠢ ᠵᠢᠳᠬᠦᠬᠦ ᠡᠷᠬᠢᠮ ᠰᠤᠷᠲᠠᠯ ᠢ ᠤᠯᠠᠮᠵᠢᠯᠠᠨ᠂ ᠬᠠᠯᠠᠭᠤᠨ ᠰᠡᠳᠬᠢᠯ ᠢᠶᠠᠷ ᠨᠠᠰᠤᠲᠠᠶᠢᠴᠤᠳ ᠬᠠᠪᠰᠤᠷᠠᠬᠤ︾ ᠭᠡᠰᠡᠨ ᠬᠡᠮᠡᠷᠯᠢᠭ ᠲᠤᠭ ᠢ ᠨᠠᠷᠠᠨᠭᠡᠷᠡᠯ ᠵᠡᠮᠳᠡᠭᠴᠤᠳ ᠢ ᠲᠡᠳᠬᠦᠬᠦ᠂ ᠨᠠᠰᠤᠳᠠᠶᠢᠴᠤᠳ ᠢ ᠠᠰᠠᠷᠠᠬᠤ ᠬᠦᠷᠢᠶᠡᠯᠡᠩ ᠤᠨ ᠠᠵᠢᠯᠯᠠᠭᠰᠠᠳ ᠳᠤ ᠬᠦᠷᠭᠡᠵᠦ᠂ ᠲᠡᠳᠡᠨ ᠤ ᠬᠠᠯᠠᠭᠤᠨ ᠳᠣᠲᠣᠨᠣ ᠦᠢᠯᠡᠴᠢᠯᠡᠭᠡᠨ ᠳᠤ ᠭᠦᠨ ᠲᠠᠯᠠᠷᠬᠠᠵᠤ ᠪᠠᠶᠢᠬᠤ ᠪᠠᠨ ᠢᠯᠡᠳᠬᠡᠭᠰᠡᠨ ᠪᠠᠶᠢᠨ᠎ᠠ᠃      ᠲᠣᠰ ᠤᠳᠠᠭᠠᠨ ᠤ ᠠᠵᠢᠯᠯᠠᠭ᠎ᠠ ᠨᠢ ᠨᠠᠰᠤᠲᠠᠶᠢᠴᠤᠳ ᠲᠤ ᠬᠠᠯᠠᠭᠤᠨ ᠳᠤᠯᠠᠭᠠᠨ ᠪᠠᠶᠠᠷ ᠪᠠᠭ᠋ᠠᠳᠤᠯ ᠣᠯᠭᠤᠵᠤ᠂ ᠨᠠᠰᠤᠲᠠᠶᠢᠴᠤᠳ ᠤᠨ ᠰᠡᠳᠬᠢᠯ ᠢ ᠲᠠᠶᠢᠳᠬᠤᠷᠠᠭᠤᠯᠬᠤ ᠶᠢᠨ ᠬᠠᠮᠲᠤ ᠪᠠᠰᠠ ᠰᠠᠶᠢᠨ ᠳᠤᠷ᠎ᠠ ᠶᠢᠨ ᠠᠵᠢᠯᠯᠠᠭᠴᠢᠳ ᠤᠨ ᠨᠡᠶᠢᠭᠡᠮ ᠳᠤ ᠦᠢᠯᠡᠴᠢᠯᠡᠬᠦ᠂ ᠬᠠᠶᠢᠷ᠎ᠠ ᠬᠠᠯᠠᠮᠵᠢ ᠪᠠᠨ ᠡᠷᠭᠦᠬᠦ ᠬᠠᠷᠢᠭᠤᠴᠠᠯᠭ᠎ᠠ ᠪᠠ ᠡᠭᠦᠷᠭᠡᠯᠡᠯ ᠢ ᠳᠡᠯᠭᠡᠨ ᠦᠵᠡᠭᠦᠯᠵᠦ᠂ ︽ᠨᠠᠰᠤᠲᠠᠶᠢᠴᠤᠳ ᠢᠶᠠᠨ ᠬᠦᠨᠳᠦᠯᠡᠬᠦ᠂ ᠨᠠᠰᠤᠲᠠᠶᠢᠴᠤᠳ ᠢᠶᠠᠨ ᠬᠠᠶᠢᠷᠠᠯᠠᠬᠤ᠂ ᠨᠠᠰᠤᠲᠠᠶᠢᠴᠤᠳ ᠢᠶᠠᠨ ᠬᠠᠪᠰᠤᠷᠬᠤ︾ ᠳᠤᠮᠳᠠᠳᠤ ᠶᠢᠨ ᠦᠨᠳᠦᠰᠦᠲᠡᠨ ᠤ ᠤᠯᠠᠮᠵᠢᠯᠠᠯᠲᠤ ᠰᠠᠶᠢᠬᠠᠨ ᠰᠤᠷᠲᠠᠯ ᠢ ᠪᠠᠳᠠᠷᠠᠭᠤᠯᠵᠤ᠂ ︽ᠬᠤᠪᠢ ᠨᠡᠮᠡᠷᠢ ᠦᠵᠡᠭᠦᠯᠬᠦ᠂ ᠨᠥᠬᠦᠷᠰᠡᠭ ᠪᠠᠶᠢᠬᠤ᠂ ᠬᠠᠷᠢᠯᠴᠠᠨ ᠬᠠᠪᠰᠤᠷᠤᠯᠴᠠᠬᠤ᠂ ᠳᠠᠪᠰᠢᠬᠤ ︾ ᠰᠠᠶᠢᠨ ᠳᠤᠷ᠎ᠠ ᠶᠢᠨ ᠦᠢᠯᠡᠴᠢᠯᠡᠭᠡᠨ ᠤ ᠵᠣᠷᠢᠭ ᠰᠠᠨᠠᠭ᠎ᠠ ᠶᠢ ᠤᠯᠠᠮ ᠨᠢᠭᠡ ᠠᠯᠬᠤᠮ ᠤᠯᠠᠮᠵᠢᠯᠠᠭᠰᠠᠨ ᠪᠠᠶᠢᠨ᠎ᠠ᠃
 
ᠢᠷᠡᠯᠲᠡ᠄ ᠮᠠᠨᠳᠣᠬᠤᠪᠣᠯᠠᠭ ᠪᠠᠯᠭᠠᠰᠤ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号