ᠬᠤᠸᠠ ᠶᠧᠦ ᠪᠤᠯᠠᠭ ᠠᠵᠢᠯᠯᠠᠬᠤ ᠲᠣᠭᠤᠷᠢᠭ ᠨᠢ ᠷᠠᠰᠢᠶᠠᠨ ᠴᠢᠯᠠᠭᠤᠨ ᠲᠣᠰᠣᠨ ᠤ ᠠᠭᠤᠷᠬᠠᠢ ᠠᠴᠠ | ᠬᠤᠶᠢᠰᠢ 65 ᠺᠢᠯᠣᠮᠧᠲᠷ ᠵᠠᠶᠢᠲᠠᠢ᠂ ᠡᠮᠦᠨᠡᠰᠢ ᠤᠮᠠᠷᠠᠰᠢ ᠪᠠᠷᠤᠭ 120 ᠺᠢᠯᠣᠮᠧᠲᠷ ᠵᠠᠶᠢᠲᠠᠢ᠂ ᠵᠡᠭᠦᠨᠰᠢ | ᠪᠠᠷᠠᠭᠤᠨᠰᠢ ᠪᠠᠷᠤᠭ 35 ᠺᠢᠯᠣᠮᠧᠲᠷ ᠵᠠᠶᠢᠲᠠᠢ᠂ ᠦᠢᠯᠡᠳᠪᠦᠷᠢᠯᠡᠯ ᠤᠨ ᠣᠷᠣᠨ ᠪᠦᠰᠡ ᠨᠢ 2 ᠰᠤᠮᠤ᠂ 4 | ᠭᠠᠴᠠᠭ᠎ᠠ ᠳᠤ ᠬᠤᠯᠪᠣᠭᠳᠠᠵᠤ ᠪᠤᠢ᠃ ᠠᠵᠢᠯᠯᠠᠬᠤ ᠲᠣᠭᠤᠷᠢᠭ ᠲᠤ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ | ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠢ | ᠭᠦᠨᠵᠡᠭᠡᠶᠢᠷᠡᠭᠦᠯᠦᠨ᠂ ᠡᠬᠡ ᠤᠯᠤᠰ ᠤᠨ ᠨᠢᠭᠡᠳᠦᠯ᠂ ᠦᠨᠳᠦᠰᠦᠲᠡᠨ ᠤ ᠪᠦᠯᠬᠦᠮᠳᠡᠯ ᠪᠠ ᠬᠢᠯᠢ ᠬᠢᠵᠠᠭᠠᠷ ᠤᠨ | ᠲᠣᠭᠲᠠᠭᠤᠨ ᠪᠠᠶᠢᠳᠠᠯ ᠢ ᠢᠮᠠᠭᠲᠠ ᠡᠷᠡᠰ ᠬᠠᠮᠠᠭᠠᠯᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠴᠣᠭᠴᠠ ᠶᠢ | ᠪᠣᠢ ᠪᠣᠯᠭᠠᠬᠤ ᠤᠬᠠᠮᠰᠠᠷ ᠢ ᠴᠢᠩᠭᠠᠷᠠᠭᠤᠯᠤᠨ᠂ ᠨᠠᠮ ᠤᠨ ᠦᠨᠳᠦᠰᠦᠲᠡᠨ ᠤ ᠲᠥᠷᠥ ᠶᠢᠨ ᠪᠣᠳᠣᠯᠭ᠎ᠠ ᠶᠢ ᠬᠢᠨᠠᠮᠠᠭᠠᠢ | ᠲᠤᠭᠤᠰᠢᠯᠠᠭᠤᠯᠤᠨ ᠬᠡᠷᠡᠭᠵᠢᠭᠦᠯᠵᠦ᠂ ᠴᠥᠭᠡᠨ ᠲᠣᠭᠠᠲᠤ ᠦᠨᠳᠦᠰᠦᠲᠡᠨ ᠤ ᠵᠠᠩ ᠳᠠᠳᠬᠠᠯ ᠢ ᠬᠦᠨᠳᠦᠳᠬᠡᠵᠦ᠂ | ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠠᠵᠢᠯᠯᠠᠭ᠎ᠠ ᠢ ᠢᠳᠡᠪᠬᠢᠲᠡᠢ ᠥᠷᠨᠢᠭᠦᠯᠪᠡ᠃ | ᠨᠢᠭᠡ᠂ ᠲᠠᠨᠢᠯᠲᠠ ᠪᠠᠨ ᠳᠡᠭᠡᠭᠰᠢᠯᠡᠭᠦᠯᠵᠦ᠂ ᠳᠡᠭᠡᠳᠦ ᠳᠠᠪᠬᠤᠷᠭ᠎ᠠ ᠶᠢᠨ ᠲᠥᠯᠥᠪᠯᠡᠭᠡ ᠪᠠᠨ ᠴᠢᠩᠭᠠᠳᠬᠠᠪᠠ | ᠪᠤᠯᠠᠭ ᠤᠨ ᠠᠵᠢᠯᠯᠠᠬᠤ ᠲᠣᠭᠤᠷᠢᠭ ᠳᠡᠭᠡᠳᠦ ᠳᠣᠣᠷᠠᠳᠤ ᠱᠠᠲᠤᠨ ᠤ ᠬᠢᠨ ᠤᠯᠤᠰ ᠲᠦᠷᠦ ᠶᠢᠨ | ᠵᠣᠭᠰᠣᠴᠠ ᠪᠠᠨ ᠳᠡᠭᠡᠭᠰᠢᠯᠡᠭᠦᠯᠵᠦ᠂ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢ ᠡᠭᠦᠳᠦᠨ ᠪᠠᠶᠢᠭᠤᠯᠬᠤ ᠠᠵᠢᠯ ᠢ | ᠰᠠᠶᠢᠲᠤᠷ ᠠᠳᠬᠤᠬᠤ ᠨᠢ ᠬᠢᠯᠢ ᠬᠢᠵᠠᠭᠠᠷ ᠤᠨ ᠬᠥᠭᠵᠢᠯ ᠴᠡᠴᠡᠭᠯᠡᠯ ᠲᠣᠭᠲᠠᠭᠤᠨ ᠢ ᠬᠠᠮᠠᠭᠠᠯᠠᠬᠤ ᠳᠤ ᠦᠵᠡᠭᠦᠯᠬᠦ | ᠴᠢᠬᠤᠯᠠ ᠴᠢᠨᠠᠷ ᠢ ᠭᠦᠨᠵᠡᠭᠡᠢ ᠲᠠᠨᠢᠵᠤ᠂ ︽ᠲᠤᠰᠤᠨ ᠤ ᠭᠠᠵᠠᠷ ᠨᠢᠭᠡ ᠭᠡᠷ ᠤᠨ ᠬᠥᠮᠥᠨ ᠮᠡᠲᠦ ᠨᠢᠭᠲᠠᠷᠠᠨ | ᠪᠦᠯᠬᠦᠮᠳᠡᠵᠦ ᠬᠥᠭᠵᠢᠯᠲᠡ ᠶᠢ ᠠᠬᠢᠭᠤᠯᠬᠤ︾ ᠭᠤᠣᠯ ᠰᠡᠳᠦᠪ ᠲᠠᠢ ᠨᠢᠭᠲᠠ ᠤᠶᠠᠯᠳᠤᠭᠤᠯᠵᠤ᠂ ᠦᠨᠳᠦᠰᠦᠲᠡᠨ ᠤ | ᠪᠦᠯᠬᠦᠮᠳᠡᠯ ᠢ ᠰᠠᠬᠢᠨ ᠬᠠᠮᠠᠭᠠᠯᠠᠬᠤ ᠤᠯᠤᠰ ᠲᠦᠷᠦ ᠶᠢᠨ ᠬᠠᠷᠢᠭᠤᠴᠠᠯᠭ᠎ᠠ ᠪᠠᠨ ᠨᠠᠷᠢᠨ ᠬᠢᠨᠠᠮᠠᠭᠠᠢ ᠭᠦᠢᠴᠡᠳᠭᠡᠵᠦ᠂ | ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠠᠵᠢᠯ ᠤᠨ ᠤᠳᠤᠷᠢᠳᠬᠤ ᠪᠠᠶᠢᠭᠤᠯᠤᠮᠵᠢ ᠶᠢ | ᠪᠠᠶᠢᠭᠤᠯᠵᠤ᠂ ᠨᠠᠮ ᠵᠠᠰᠠᠭ ᠴᠤᠭᠭᠠᠷ ᠠᠳᠬᠤᠨ ᠬᠠᠮᠲᠤ ᠪᠠᠷ ᠬᠠᠮᠢᠶᠠᠷᠬᠤ᠂ ᠡᠭᠦᠷᠭᠡ ᠬᠠᠷᠢᠭᠤᠴᠠᠯᠭ᠎ᠠ ᠨᠢ ᠲᠣᠳᠤᠷᠬᠠᠢ | ᠂ ᠳᠡᠭᠡᠳᠦ ᠳᠣᠣᠷᠠᠳᠤ ᠱᠠᠲᠤ ᠪᠠᠷ ᠢᠶᠠᠨ ᠵᠣᠬᠢᠴᠠᠯᠳᠤᠨ ᠬᠥᠳᠡᠯᠦᠯᠴᠡᠬᠦ᠂ ᠥᠷᠭᠡᠨ ᠢᠶᠠᠷ ᠣᠷᠣᠯᠴᠠᠬᠤ ᠠᠵᠢᠯ ᠤᠨ | ᠪᠠᠶᠢᠷᠢᠰᠢᠯ ᠢ ᠪᠣᠶ ᠪᠣᠯᠭᠠᠵᠤ᠂ ᠡᠭᠦᠳᠦᠨ ᠪᠠᠶᠢᠭᠤᠯᠬᠤ ᠠᠵᠢᠯ ᠤᠨ ᠴᠢᠭᠯᠡᠯ ᠢ ᠲᠣᠳᠣᠷᠬᠠᠢ ᠪᠣᠯᠭᠠᠪᠠ᠃ | ᠬᠤᠶᠠᠷ᠂ ᠨᠠᠮ ᠤᠨ ᠪᠠᠶᠢᠭᠤᠯᠤᠯᠲᠠ ᠶᠢ ᠠᠭᠤᠰᠤᠯᠴᠠᠭᠤᠯᠵᠤ᠂ ᠬᠠᠮᠲᠤ ᠪᠠᠷ ᠪᠠᠶᠢᠭᠤᠯᠬᠤ ᠶᠢ ᠠᠬᠢᠭᠤᠯᠪᠠ | ᠪᠤᠯᠠᠭ ᠤᠨ ᠠᠵᠢᠯᠯᠠᠬᠤ ᠲᠣᠭᠤᠷᠢᠭ ᠨᠢ ᠨᠠᠮ ᠤᠨ ᠪᠠᠶᠢᠭᠤᠯᠤᠯᠲᠠ ᠶᠢᠨ ᠠᠵᠢᠯᠯᠠᠭ᠎ᠠ ᠪᠠᠷ ᠬᠤᠯᠪᠣᠭᠠᠰᠤ | ᠪᠣᠯᠭᠠᠨ᠂ ᠬᠠᠷᠢᠯᠴᠠᠬᠤ ᠠᠷᠭ᠎ᠠ ᠵᠠᠮ ᠢᠶᠠᠨ ᠥᠷᠭᠡᠳᠬᠡᠵᠦ᠂ ᠴᠢᠯᠠᠭᠤᠨ ᠲᠣᠰᠣ ᠪᠠ ᠭᠠᠵᠠᠷ ᠣᠷᠣᠨ ᠤ ᠬᠠᠶᠢᠷ᠎ᠠ | ᠰᠡᠳᠬᠢᠯᠭᠡ ᠪᠠᠨ ᠵᠤᠵᠠᠭᠠᠳᠬᠠᠵᠤ᠂ ᠠᠵᠤ ᠦᠢᠯᠡᠳᠪᠦᠷᠢ ᠮᠠᠯ ᠠᠵᠤ ᠠᠬᠤᠢ ᠶᠢ ᠬᠠᠮᠲᠤᠪᠠᠷ ᠪᠠᠶᠢᠭᠤᠯᠬᠤ ᠶᠢ | ᠠᠬᠢᠭᠤᠯᠤᠨ᠂ ᠨᠠᠮ ᠤᠨ ᠪᠠᠶᠢᠭᠤᠯᠤᠯᠲᠠ ᠶᠢᠨ ᠬᠠᠮᠲᠤᠷᠠᠭᠰᠠᠨ ᠠᠵᠢᠯᠯᠠᠭ᠎ᠠ ᠳᠤ 2 ᠤᠳᠠᠭ᠎ᠠ ᠢᠳᠡᠪᠬᠢᠲᠡᠢ | ᠣᠷᠣᠯᠴᠠᠵᠤ᠂ ︽ᠠᠨᠠᠷ ᠤᠨ ᠬᠢᠴᠢᠶᠡᠯ ᠤᠨ ᠲᠠᠩᠬᠢᠮ︾ ᠢ ᠠᠰᠢᠭᠯᠠᠨ ︽ᠳᠤᠮᠳᠠᠳᠤ ᠶᠢᠨ ᠦᠨᠳᠦᠰᠦᠲᠡᠨ ᠤ ᠬᠠᠮᠲᠤ | ᠴᠣᠭᠴᠠ ᠶᠢᠨ ᠤᠬᠠᠮᠰᠠᠷ ᠢ ᠪᠠᠲᠤᠳᠬᠠᠬᠤ︾ ᠪᠠᠷ ᠭᠤᠤᠯ ᠠᠭᠤᠯᠭ᠎ᠠ ᠪᠣᠯᠭᠠᠨ ᠂ ᠬᠠᠷᠢᠶᠠᠨ ᠣᠷᠤᠨ ᠤ ᠨᠠᠮ ᠤᠨ | ᠭᠡᠰᠢᠭᠦᠨ ᠪᠠ ᠮᠠᠯᠴᠢᠳ ᠲᠤ ᠴᠢᠯᠠᠭᠤᠨ ᠲᠣᠰᠣ ᠨᠡᠭᠡᠭᠡᠨ ᠮᠠᠯᠲᠠᠬᠤ ᠶᠢᠨ ᠤᠯᠤᠰ ᠤᠨ ᠠᠵᠤ ᠠᠬᠤᠢ ᠶᠢᠨ ᠪᠦᠲᠦᠭᠡᠨ | ᠪᠠᠶᠢᠭᠤᠯᠤᠯᠲᠠ ᠳᠤ ᠦᠵᠡᠭᠦᠯᠦᠭᠰᠡᠨ ᠲᠣᠪᠣᠶᠢᠮ᠎ᠠ ᠬᠤᠪᠢ ᠨᠡᠮᠡᠷᠢ ᠶᠢ ᠨᠠᠷᠢᠨ ᠲᠠᠶᠢᠯᠪᠤᠷᠢᠯᠠᠵᠤ ᠥᠭᠪᠡ᠃ ᠠᠵᠢᠯᠯᠠᠬᠤ | ᠲᠣᠭᠤᠷᠢᠭ ᠨᠢ LED ᠳᠡᠯᠭᠡᠴᠡ᠂ ᠮᠠᠲ᠋ᠧᠷᠢᠶᠠᠯ ᠲᠠᠷᠬᠠᠭᠠᠬᠤ᠂ ᠸᠢᠴᠠᠲ ᠤᠨ ᠳᠠᠮᠵᠢᠭᠤᠯᠭ᠎ᠠ ᠵᠡᠷᠭᠡ ᠬᠡᠯᠪᠡᠷᠢ ᠪᠠᠷ | ᠳᠡᠮᠵᠢᠨ᠂ ᠥᠷᠭᠡᠨ ᠣᠯᠠᠨ ᠺᠠᠳ᠋ᠷ ᠠᠵᠢᠯᠲᠠᠨ ᠳᠤ ᠬᠠᠨᠳᠤᠭᠤᠯᠤᠨ ᠳᠤᠮᠳᠠᠳᠤ ᠶᠢᠨ ᠦᠨᠳᠦᠰᠦᠲᠡᠨ ᠤ ᠬᠠᠮᠲᠤ | ᠴᠣᠭᠴᠠ ᠶᠢᠨ ᠴᠢᠬᠤᠯᠠ ᠠᠴᠢ ᠬᠤᠯᠪᠣᠭᠳᠠᠯ᠂ ᠡᠬᠡ ᠤᠯᠤᠰ ᠤᠨ ᠨᠢᠭᠡᠳᠦᠯ ᠪᠠ ᠦᠨᠳᠦᠰᠦᠲᠡᠨ ᠤ | ᠪᠦᠯᠬᠦᠮᠳᠡᠯ ᠲᠠᠪᠰᠢᠯᠲᠡ᠂ ᠨᠡᠶᠢᠭᠡᠮ ᠵᠢᠷᠤᠮ ᠤᠨ ᠬᠠᠤᠯᠢ ᠪᠠᠷ ᠵᠠᠰᠠᠬᠤ ᠬᠥᠮᠦᠵᠢᠯ ᠢ ᠥᠷᠨᠢᠭᠦᠯᠵᠦ᠂ ᠦᠨᠳᠦᠰᠦᠲᠡᠨ ᠤ | ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠠᠵᠢᠯ ᠢ ᠣᠶᠢᠯᠠᠭᠠᠬᠤ ᠨᠣᠷᠮ᠎ᠠ ᠪᠠ ᠣᠷᠣᠯᠴᠠᠬᠤ ᠬᠡᠮᠵᠢᠶ᠎ᠡ ᠶᠢ | ᠳᠡᠭᠡᠭᠰᠢᠯᠡᠭᠦᠯᠪᠠ᠃ ᠠᠵᠢᠯᠯᠠᠬᠤ ᠲᠣᠭᠤᠷᠢᠭ ᠤᠨ ᠠᠵᠢᠯᠲᠠᠳ ᠮᠠᠯᠴᠢᠳ ᠤᠨ ᠠᠮᠢᠳᠤᠷᠠᠯ ᠤᠨ ᠵᠠᠩ ᠳᠠᠳᠬᠠᠯ ᠢ | ᠭᠦᠢᠴᠡᠳ ᠬᠦᠨᠳᠦᠳᠬᠡᠵᠦ᠂ ᠮᠠᠯᠴᠢᠳ ᠲᠠᠢ ᠰᠠᠶᠢᠨ ᠰᠠᠶᠢᠬᠠᠨ ᠬᠠᠷᠢᠴᠠᠭ᠎ᠠ ᠪᠠᠶᠢᠭᠤᠯᠵᠤ᠂ ᠮᠠᠯᠴᠢᠳ ᠤᠨ ᠰᠠᠨᠠᠯ | ᠰᠠᠨᠠᠭᠤᠯᠭ᠎ᠠ ᠶᠢ ᠴᠢᠬᠤᠯᠠᠴᠢᠯᠠᠨ᠂ ᠨᠤᠲᠤᠭ ᠪᠡᠯᠴᠢᠭᠡᠷ ᠤᠨ ᠣᠷᠴᠢᠨ ᠲᠣᠭᠤᠷᠢᠨ ᠢ ᠬᠠᠮᠠᠭᠠᠯᠠᠵᠦ᠂ ᠦᠨᠳᠦᠰᠦᠲᠡᠨ ᠤ | ᠪᠦᠯᠬᠦᠮᠳᠡᠯ ᠤᠨ ᠪᠠᠶᠢᠭᠤᠯᠤᠯᠲᠠ ᠶᠢ ᠠᠬᠢᠭᠤᠯᠪᠠ᠃ | ᠭᠤᠷᠪᠠ᠂ ᠬᠠᠷᠢᠯᠴᠠᠨ ᠬᠠᠪᠰᠤᠷᠤᠯᠴᠠᠨ ᠳᠡᠮᠵᠢᠵᠦ᠂ ᠦᠨᠳᠦᠰᠦᠲᠡᠨ ᠤ ᠬᠠᠶᠢᠷ᠎ᠠ ᠰᠡᠳᠬᠢᠯᠭᠡ ᠪᠠᠨ | ᠵᠤᠵᠠᠭᠠᠳᠬᠠᠪᠠ | ᠠᠵᠢᠯᠯᠠᠬᠤ ᠲᠣᠭᠤᠷᠢᠭ ᠨᠢ ᠦᠷᠭᠦᠯᠵᠢ ᠮᠠᠯᠴᠢᠨ ᠡᠷᠤᠭᠡ ᠲᠤ ᠭᠦᠨᠵᠡᠭᠡᠶᠢᠷᠡᠨ᠂ ᠮᠠᠯᠵᠢᠬᠤ ᠡᠷᠤᠭᠡ ᠶᠢᠨ | ᠬᠦᠴᠢᠷᠳᠡᠯ ᠪᠠ ᠬᠡᠷᠡᠭᠴᠡᠭᠡ ᠱᠠᠭᠠᠷᠳᠠᠯᠭ᠎ᠠ ᠶᠢ ᠣᠶᠢᠯᠠᠭᠠᠵᠤ᠂ ᠪᠣᠳᠠᠲᠠᠢ ᠠᠰᠠᠭᠤᠳᠡᠯ ᠢ ᠬᠠᠪᠰᠤᠷᠤᠨ ᠰᠢᠢᠳᠪᠦᠷᠢᠯᠡᠵᠦ | ᠂ ᠮᠠᠯᠴᠢᠨ ᠡᠷᠤᠭᠡ ᠶᠢ ᠬᠠᠪᠰᠤᠷᠤᠨ ᠭᠡᠷ ᠤᠨ ᠴᠠᠬᠢᠯᠭᠠᠨ ᠬᠡᠷᠡᠭᠰᠡᠯ ᠤᠨ ᠱᠤᠭᠤᠮ ᠢ 35 ᠤᠳᠠᠭ᠎ᠠ ᠪᠠᠶᠢᠴᠠᠭᠠᠨ | ᠵᠠᠰᠠᠵᠤ᠂ ᠮᠠᠯ ᠤᠨ ᠬᠠᠰᠢᠶ᠎ᠠ ᠰᠠᠷᠠᠪᠴᠢ ᠶᠢ 3 ᠪᠠᠶᠢᠭᠤᠯᠤᠨ᠂ 1850 ᠲᠡᠭᠰᠢ ᠳᠥᠷᠪᠡᠯᠵᠢᠨ ᠮᠧᠲᠷ ᠤᠨ | ᠲᠣᠣᠷ ᠤᠨ ᠬᠠᠰᠢᠶ᠎ᠠ ᠶᠢ ᠰᠡᠯᠪᠢᠨ ᠵᠠᠰᠠᠵᠤ᠂ ᠰᠠᠭᠤᠭ᠎ᠠ ᠭᠠᠵᠠᠷ ᠤᠨ ᠡᠮᠴᠢ ᠶᠢ ᠮᠠᠯᠵᠢᠬᠤ ᠣᠷᠣᠨ ᠳᠤ 8 ᠤᠳᠠᠭ᠎ᠠ | ᠲᠣᠭᠤᠷᠢᠨ ᠡᠮᠨᠡᠭᠦᠯᠬᠦ ᠪᠠᠷ ᠲᠣᠬᠢᠷᠠᠭᠤᠯᠵᠤ᠂ ᠴᠠᠭᠠᠨ ᠰᠠᠷ᠎ᠠ ᠠᠴᠠ ᠡᠮᠦᠨ᠎ᠡ ᠡᠷᠬᠢᠨ ᠲᠣᠭᠤᠷᠢᠨ ᠤ ᠮᠠᠯᠴᠢᠨ | ᠡᠷᠤᠭᠡ ᠶᠢ ᠲᠣᠬᠤᠨᠢᠭᠤᠯᠤᠨ ᠴᠠᠭᠠᠨ ᠰᠠᠷ᠎ᠠ ᠶᠢᠨ ᠪᠡᠯᠡᠭ ᠬᠦᠷᠭᠡᠪᠠ᠃ ᠪᠠᠰᠠ 563 ᠮᠦ ᠨᠤᠲᠤᠭ ᠪᠡᠯᠴᠢᠭᠡᠷ ᠤᠨ | ᠲᠠᠯᠠᠪᠠᠶ ᠶᠢ ᠰᠡᠷᠭᠦᠭᠡᠨ ᠦᠭᠴᠦ᠂ ᠡᠪᠦᠯ ᠤᠨ ᠤᠯᠠᠷᠢᠯ ᠳᠤ ᠡᠷᠬᠢᠨ ᠲᠣᠭᠤᠷᠢᠨ ᠤ ᠮᠠᠯᠴᠢᠳ ᠲᠤ ᠴᠠᠰᠤ ᠲᠦᠯᠬᠢᠨ | ᠵᠠᠮ ᠭᠠᠷᠭᠠᠨ ᠥᠭᠴᠦ᠂ 10 ᠭᠠᠷᠤᠢ ᠤᠳᠠᠭ᠎ᠠ ᠬᠦᠴᠢᠷᠳᠡᠯ ᠳᠤ ᠲᠤᠯᠭᠠᠷᠠᠭᠰᠠᠨ ᠮᠠᠰᠢᠨ ᠲᠡᠷᠭᠡ ᠶᠢ ᠠᠪᠤᠷᠠᠨ | ᠲᠤᠰᠠᠯᠠᠵᠦ᠂ ᠭᠡᠷ ᠪᠦᠯᠢ ᠶᠢᠨ ᠭᠡᠨᠡᠳᠲᠡ ᠶᠢᠨ ᠭᠠᠯ ᠢ 2 ᠤᠳᠠᠭ᠎ᠠ᠂ ᠮᠠᠰᠢᠨ ᠲᠡᠷᠭᠡᠨ ᠤ ᠭᠠᠯ ᠢ 6 ᠤᠳᠠᠭ᠎ᠠ | ᠤᠨᠲᠠᠷᠠᠭᠠᠨ᠂ 4 ᠤᠳᠠᠭ᠎ᠠ ᠬᠤᠭ ᠨᠣᠪᠰᠢ ᠶᠢ ᠴᠡᠪᠡᠷᠯᠡᠪᠠ᠃ ᠡᠭᠦᠨ ᠤ ᠬᠠᠮᠲᠤ᠂ ᠮᠠᠯᠴᠢᠳ ᠮᠠᠯ ᠮᠠᠯᠵᠢᠬᠤ ᠳᠠᠭᠠᠨ | ᠠᠵᠢᠯᠯᠠᠬᠤ ᠲᠣᠭᠤᠷᠢᠭ ᠢ ᠬᠠᠪᠰᠤᠷᠤᠨ ᠲᠠᠩ ᠬᠤᠳᠳᠤᠭ ᠪᠠ ᠬᠤᠭᠤᠯᠠᠢ ᠶᠢ ᠲᠣᠭᠤᠷᠢᠨ ᠪᠠᠶᠢᠴᠠᠭᠠᠵᠤ᠂ ᠣᠯᠵᠤ | ᠮᠡᠳᠡᠭᠰᠡᠨ ᠠᠰᠠᠭᠤᠳᠠᠯ ᠢᠶᠠᠨ ᠴᠠᠭ ᠲᠤᠬᠠᠢ ᠳᠤ ᠨᠢ ᠠᠵᠢᠯᠯᠠᠬᠤ ᠲᠣᠭᠤᠷᠢᠭ ᠲᠤ ᠮᠡᠳᠡᠭᠦᠯᠦᠨ᠂ ᠠᠵᠢᠯᠯᠠᠬᠤ | ᠲᠣᠭᠤᠷᠢᠭ ᠤᠨ ᠲᠣᠭᠤᠷᠢᠨ ᠪᠠᠶᠢᠴᠠᠭᠠᠬᠤ ᠳᠠᠷᠤᠯᠲᠠ ᠶᠢ ᠵᠣᠬᠢᠬᠤ ᠬᠡᠮᠵᠢᠶ᠎ᠡ ᠪᠠᠷ ᠬᠦᠩᠭᠡᠷᠡᠭᠦᠯᠪᠠ᠃ ᠴᠠᠭᠳᠠᠭ᠎ᠠ | ᠪᠣᠯᠣᠨ ᠠᠵᠤ ᠠᠬᠤᠶᠢᠯᠠᠯ ᠬᠠᠮᠲᠤᠪᠠᠷ ᠪᠠᠶᠢᠭᠤᠯᠬᠤ ᠶᠢ ᠴᠢᠬᠤᠯᠠᠴᠢᠯᠠᠵᠤ᠂ ︽8·1︾ ᠠᠴᠠ ᠡᠮᠦᠨ᠎ᠠ ᠠᠵᠢᠯᠯᠠᠬᠤ | ᠲᠣᠭᠤᠷᠢᠭ ᠠᠴᠠ ᠬᠢᠯᠢ ᠶᠢᠨ ᠬᠠᠮᠠᠭᠠᠯᠠᠯᠲᠠ ᠶᠢᠨ ᠲᠣᠮᠢᠯᠠᠭᠰᠠᠨ ᠰᠠᠯᠪᠤᠷᠢ ᠶᠢ ᠲᠣᠬᠤᠨᠢᠭᠤᠯᠵᠤ᠂ ᠨᠥᠬᠦᠷᠯᠡᠯ ᠢᠶᠠᠨ | ᠵᠤᠵᠠᠭᠠᠳᠬᠠᠪᠠ᠃ ᠬᠢᠵᠢᠭ ᠤᠨ ᠪᠠᠶᠢᠳᠠᠯ ᠤᠨ ᠬᠤᠭᠤᠴᠠᠭᠠᠨ ᠳᠤ᠂ ᠲᠣᠮᠢᠯᠠᠭᠰᠠᠨ ᠰᠠᠯᠪᠤᠷᠢ ᠶᠢᠨ ᠬᠢᠵᠢᠭ ᠤᠨ | ᠪᠠᠶᠢᠳᠠᠯ ᠢ ᠪᠠᠶᠢᠴᠠᠭᠠᠬᠤ ᠴᠡᠭ ᠲᠤ ᠠᠵᠢᠯᠯᠠᠬᠤ ᠲᠣᠭᠤᠷᠢᠭ ᠤᠨ ᠬᠢᠨ ᠰᠠᠨᠠᠭᠠᠴᠢᠯᠠᠭ᠎ᠠ ᠠᠴᠠ ᠪᠠᠨ ᠠᠮᠢᠳᠤᠷᠠᠯ ᠤᠨ | ᠴᠢᠬᠤᠯᠠ ᠬᠡᠷᠡᠭᠯᠡᠭᠡᠨ ᠤ ᠪᠣᠳᠡᠰ ᠢ ᠬᠦᠷᠭᠡᠬᠦ ᠶᠢᠨ ᠬᠠᠮᠲᠤ ᠵᠣᠬᠢᠬᠤ ᠬᠠᠪᠰᠤᠷᠤᠯᠭ᠎ᠠ ᠬᠠᠩᠭᠠᠵᠤ᠂ ᠬᠢᠵᠢᠭ ᠢ ᠰᠡᠷᠭᠡᠶᠢᠯᠡᠬᠦ | ᠠᠵᠢᠯ ᠢ ᠰᠠᠶᠢᠲᠤᠷ ᠬᠢᠬᠦ ᠳᠤ ᠬᠦᠴᠦᠨ ᠨᠡᠮᠡᠷᠢᠭᠦᠯᠪᠠ᠃ | ᠳᠥᠷᠪᠡ᠂ ᠬᠠᠷᠢᠯᠴᠠᠨ ᠢᠲᠡᠭᠡᠯᠴᠡᠨ ᠬᠠᠷᠢᠯᠴᠠᠨ ᠴᠢᠬᠤᠯᠠᠴᠢᠯᠠᠵᠤ᠂ ᠠᠵᠤ ᠦᠢᠯᠡᠳᠪᠦᠷᠢ ᠮᠠᠯ ᠠᠵᠤ | ᠠᠬᠤᠢ ᠵᠣᠬᠢᠴᠠᠩᠭᠤᠢ ᠪᠠᠷ ᠬᠦᠭᠵᠢᠬᠦ ᠶᠢ ᠠᠬᠢᠭᠤᠯᠪᠠ | ᠪᠤᠯᠠᠭ ᠠᠵᠢᠯᠯᠠᠬᠤ ᠲᠣᠭᠤᠷᠢᠭ ᠨᠢ ᠪᠥᠬᠦ ᠵᠢᠯ ᠤᠨ ᠠᠵᠤ ᠦᠢᠯᠡᠳᠪᠦᠷᠢ ᠮᠠᠯ ᠠᠵᠤ ᠠᠬᠤᠢ ᠶᠢ | ᠵᠣᠬᠢᠴᠠᠭᠤᠯᠬᠤ ᠭᠤᠣᠯ ᠰᠡᠳᠦᠪᠲᠦ ᠰᠡᠳᠬᠢᠮᠵᠢ ᠶᠢ ᠤᠷᠢᠳᠴᠢᠯᠠᠨ ᠲᠣᠭᠲᠠᠭᠠᠵᠤ᠂ ᠭᠤᠷᠪᠠᠨ ᠱᠠᠲᠤᠨ ᠤ | ᠵᠣᠬᠢᠴᠠᠯᠳᠤᠨ ᠬᠥᠳᠡᠯᠦᠯᠴᠡᠬᠦ ᠪᠠᠷ ᠳᠠᠮᠵᠢᠭᠤᠯᠤᠨ ᠠᠵᠤ ᠦᠢᠯᠡᠳᠪᠦᠷᠢ ᠮᠠᠯ ᠠᠵᠤ ᠠᠬᠤᠢ ᠶᠢ ᠵᠣᠬᠢᠴᠠᠭᠤᠯᠬᠤ ᠦᠷ᠎ᠡ | ᠪᠦᠲᠦᠮᠵᠢ ᠶᠢ ᠠᠬᠢᠭᠤᠯᠪᠠ᠃ ᠵᠣᠬᠢᠴᠠᠭᠤᠯᠬᠤ ᠠᠵᠢᠯ ᠳᠤ ᠤᠷᠢᠳᠴᠢᠯᠠᠨ ᠣᠷᠣᠯᠴᠠᠵᠤ᠂ ᠮᠠᠯᠵᠢᠬᠤ ᠡᠷᠥᠭᠡ ᠶᠢᠨ | ᠪᠡᠯᠴᠢᠭᠡᠷ ᠤᠨ ᠨᠥᠯᠥᠭᠡᠯᠡᠬᠦ ᠲᠠᠯᠠᠪᠠᠢ ᠶᠢ ᠤᠷᠢᠳᠴᠢᠯᠠᠨ ᠵᠢᠱᠢᠵᠦ᠂ ᠨᠤᠲᠤᠭ ᠪᠡᠯᠴᠢᠭᠡᠷ ᠪᠣᠯᠣᠨ ᠮᠠᠯᠵᠢᠬᠤ | ᠡᠷᠥᠭᠡ ᠶᠢᠨ ᠠᠰᠢᠭ ᠲᠤᠰᠠ ᠶᠢ ᠬᠠᠮᠠᠭᠠᠯᠠᠨ᠂ ᠮᠠᠯᠵᠢᠬᠤ ᠡᠷᠥᠭᠡ ᠶᠢᠨ ᠰᠠᠨᠠᠯ ᠢ ᠰᠣᠨᠣᠰᠴᠤ᠂ ᠬᠠᠤᠯᠢ | ᠲᠣᠭᠲᠠᠭᠠᠯ ᠲᠤ ᠨᠡᠶᠢᠴᠡᠭᠦᠯᠦᠨ ᠠᠰᠠᠭᠤᠳᠠᠯ ᠢ ᠰᠢᠢᠳᠪᠦᠷᠢᠯᠡᠵᠦ᠂ ᠮᠠᠯᠵᠢᠬᠤ ᠡᠷᠥᠭᠡ ᠶᠢᠨ ᠵᠥᠪᠰᠢᠶᠡᠷᠡᠯ ᠢ ᠣᠯᠵᠦ | ᠂ ᠰᠢᠨ᠎ᠡ ᠬᠤᠳᠳᠤᠭ ᠤᠨ ᠤᠷᠤᠭᠰᠢᠲᠠᠢ ᠶᠠᠪᠤᠭᠳᠠᠬᠤ ᠶᠢ ᠦᠨᠡᠨᠬᠦ ᠪᠠᠲᠤᠯᠠᠵᠤ᠂ ᠠᠵᠤ ᠦᠢᠯᠡᠳᠪᠦᠷᠢ ᠮᠠᠯ ᠠᠵᠤ | ᠠᠬᠤᠢ ᠶᠢ ᠵᠣᠬᠢᠴᠠᠩᠭᠤᠢ ᠲᠣᠭᠲᠠᠭᠤᠨ ᠢᠶᠠᠷ ᠬᠥᠭᠵᠢᠭᠦᠯᠬᠦ ᠶᠢ ᠲᠦᠯᠬᠢᠨ ᠠᠬᠢᠭᠤᠯᠪᠠ᠃ | ᠳᠠᠷᠠᠭᠠᠴᠢ ᠶᠢᠨ ᠠᠯᠬᠤᠮ ᠳᠤ᠂ ᠪᠤᠯᠠᠭ ᠠᠵᠢᠯᠯᠠᠬᠤ ᠲᠣᠭᠤᠷᠢᠭ ᠨᠢ ᠳᠡᠭᠡᠳᠦ ᠬᠡᠮᠵᠢᠶᠡᠨ ᠤ ᠬᠠᠷᠢᠭᠤᠴᠠᠯᠭᠠᠲᠤ | ᠰᠡᠳᠬᠢᠯᠭᠡ ᠪᠠᠷ ᠦᠨᠡᠨ ᠢ ᠪᠠᠷᠢᠮᠲᠠᠯᠠᠨ ᠪᠣᠳᠠᠲᠤ ᠠᠵᠢᠯᠯᠠᠭ᠎ᠠ ᠶᠢ ᠡᠷᠬᠢᠮᠯᠡᠵᠦ᠂ ᠦᠨᠳᠦᠰᠦᠲᠡᠨ ᠤ ᠪᠦᠯᠬᠦᠮᠳᠡᠯ | ᠳᠠᠪᠰᠢᠯᠲᠠ ᠶᠢ ᠡᠭᠦᠳᠦᠨ ᠪᠠᠶᠢᠭᠤᠯᠬᠤ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠳᠤᠮᠳᠠᠳᠤ ᠶᠢᠨ | ᠦᠨᠳᠦᠰᠦᠲᠡᠨ ᠤ ᠬᠠᠮᠲᠤ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠬᠤ ᠶᠢ ᠴᠢᠩᠭᠠᠳᠬᠠᠨ᠂ ᠴᠥᠭᠡᠨ | ᠲᠣᠭᠠᠲᠤ ᠦᠨᠳᠦᠰᠦᠲᠡᠨ ᠤ ᠵᠠᠩ ᠳᠠᠳᠬᠠᠯ ᠢ ᠬᠦᠨᠳᠦᠳᠬᠡᠵᠦ᠂ ᠴᠥᠭᠡᠨ ᠲᠣᠭᠠᠲᠤ ᠦᠨᠳᠦᠰᠦᠲᠡᠨ ᠤ ᠣᠯᠠᠨ | ᠲᠦᠮᠡᠨ ᠢ ᠢᠳᠡᠪᠬᠢᠲᠡᠢ ᠪᠠᠷ ᠬᠠᠪᠰᠤᠷᠤᠨ ᠠᠮᠢᠳᠤᠷᠠᠯ ᠤᠨ ᠨᠥᠬᠦᠴᠡᠯ ᠢ ᠨᠢ ᠰᠠᠶᠢᠵᠢᠷᠠᠭᠤᠯᠤᠨ᠂ ᠴᠠᠭᠳᠠᠭ᠎ᠠ ᠠᠵᠤ | ᠠᠬᠤᠶᠢᠯᠠᠯ᠂ ᠠᠵᠤ ᠦᠢᠯᠡᠳᠪᠦᠷᠢ ᠮᠠᠯ ᠠᠵᠤ ᠠᠬᠤᠢ ᠶᠢ ᠬᠠᠮᠲᠤ ᠪᠠᠷ ᠪᠠᠶᠢᠭᠤᠯᠬᠤ ᠶᠢ ᠲᠠᠰᠤᠷᠠᠯᠲᠠ ᠦᠭᠡᠢ | ᠪᠠᠬᠢᠵᠢᠭᠦᠯᠦᠨ ᠴᠢᠩᠭᠠᠳᠬᠠᠵᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠦᠢᠯᠡᠰ ᠲᠤ ᠬᠦᠴᠦᠨ | ᠴᠢᠳᠠᠯ ᠢᠶᠠᠨ ᠡᠷᠭᠦᠨ᠎ᠡ᠃ | | |