ᠮᠠᠨ ᠤ ᠬᠤᠰᠢᠭᠤ ᠰᠠᠭᠤᠷᠢ ᠰᠤᠷᠭᠠᠨ ᠬᠥᠮᠦᠵᠢᠯ ᠢ ᠦᠨᠳᠦᠷ ᠬᠢᠷᠢ ᠲᠦᠪᠰᠢᠨ ᠢᠶᠠᠷ ᠬᠦᠭᠵᠢᠭᠦᠯᠬᠦ ᠵᠢᠴᠢ ᠪᠠᠭᠰᠢᠨᠠᠷ ᠢ ᠱᠠᠩᠨᠠᠨ ᠬᠦᠬᠢᠭᠦᠯᠬᠦ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/5/30
      5 ᠰᠠᠷ᠎ᠠ ᠶᠢᠨ 18 ᠤ ᠡᠳᠦᠷ᠂ ᠮᠠᠨ ᠤ ᠬᠤᠰᠢᠭᠤ ᠰᠠᠭᠤᠷᠢ ᠰᠤᠷᠭᠠᠨ ᠬᠥᠮᠦᠵᠢᠯ ᠢ ᠦᠨᠳᠦᠷ ᠬᠢᠷᠢ ᠲᠦᠪᠰᠢᠨ ᠢᠶᠠᠷ ᠬᠦᠭᠵᠢᠭᠦᠯᠬᠦ ᠵᠢᠴᠢ ᠪᠠᠭᠰᠢᠨᠠᠷ ᠢ ᠱᠠᠩᠨᠠᠨ ᠬᠦᠬᠢᠭᠦᠯᠬᠦ ᠬᠤᠷᠠᠯ ᠬᠤᠷᠠᠯᠳᠤᠭᠤᠯᠵᠤ᠂ ᠬᠤᠰᠢᠭᠤ ᠨᠠᠮ  ᠤᠨ ᠬᠤᠷᠢᠶᠠᠨ ᠤ ᠳᠡᠳ᠋ ᠱᠦᠵᠢ᠂ ᠬᠤᠰᠢᠭᠤ ᠳᠠᠷᠤᠭ᠎ᠠ ᠵᠧᠦ ᠢᠦᠢ ᠯᠦᠩ ᠬᠤᠷᠠᠯ ᠳᠤ ᠣᠷᠣᠯᠴᠠᠨ ᠶᠠᠷᠢᠶ᠎ᠠ ᠲᠠᠯᠪᠢᠵᠤ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ ᠠᠯᠮᠠᠰ ᠬᠤᠷᠠᠯ ᠢ ᠡᠷᠭᠢᠯᠡᠪᠡ᠃        ᠬᠤᠰᠢᠭᠤ ᠨᠠᠮ ᠤᠨ ᠬᠤᠷᠢᠶ᠎ᠠ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠵᠠᠰᠠᠭ ᠤᠨ ᠣᠷᠳᠣᠨ᠂ ᠤᠯᠤᠰ ᠲᠥᠷᠥ ᠶᠢᠨ ᠵᠥᠪᠯᠡᠯᠭᠡᠨ ᠤ ᠬᠤᠯᠪᠣᠭᠳᠠᠯ ᠪᠥᠬᠦᠶ ᠬᠠᠷᠢᠭᠤᠴᠠᠯᠭᠠᠲᠠᠨ᠂ ᠬᠤᠰᠢᠭᠤ ᠰᠤᠷᠭᠠᠨ ᠬᠥᠮᠦᠵᠢᠯ ᠤᠨ ᠲᠣᠪᠴᠢᠶ᠎ᠠ ᠶᠢᠨ ᠤᠳᠤᠷᠢᠳᠬᠤ ᠪᠠᠭ ᠵᠢᠴᠢ ᠪᠥᠬᠦ ᠠᠵᠢᠯᠲᠠᠨ᠂ ᠡᠯ᠎ᠡ ᠳᠤᠮᠳᠠᠳᠤ ᠪᠠᠭ᠎ᠠ ᠰᠤᠷᠭᠠᠭᠤᠯᠢ᠂ ᠬᠡᠦᠬᠡᠳ ᠤᠨ ᠴᠡᠴᠡᠷᠯᠢᠭ ᠤᠨ ᠱᠦᠵᠢ᠂ ᠰᠤᠷᠭᠠᠭᠤᠯᠢ ᠶᠢᠨ ᠵᠠᠬᠢᠷᠤᠯ ᠵᠢᠴᠢ ᠬᠠᠮᠢᠶ᠎ᠠ ᠪᠦᠬᠦᠢ ᠤᠳᠤᠷᠢᠳᠬᠤ ᠺᠠᠳ᠋ᠷ ᠪᠣᠯᠤᠨ 2022 ᠣᠨ ᠤ ᠪᠥᠬᠦ ᠬᠥᠬᠢᠭᠦᠯᠦᠯ ᠭᠥᠷᠳᠡᠭᠰᠡᠨ ᠪᠠᠭᠰᠢ ᠨᠡᠶᠢᠲᠡ ᠵᠠᠭᠤ ᠭᠠᠷᠤᠶ ᠬᠥᠮᠦᠨ ᠬᠤᠷᠠᠯ ᠳᠤ ᠣᠷᠣᠯᠴᠠᠵᠠᠶ᠃      ᠬᠤᠷᠠᠯ ᠨᠢ ᠰᠦᠷ ᠵᠢᠪᠬᠤᠯᠠᠩᠲᠤ ᠤᠯᠤᠰ ᠤᠨ ᠰᠦᠯᠳᠡ ᠳᠠᠭᠤᠤ ᠶᠢᠨ ᠠᠶᠠᠰ ᠳᠤᠮᠳᠠ ᠬᠥᠰᠢᠭᠡ ᠪᠠᠨ ᠰᠡᠬᠦᠵᠦ᠂ ᠪᠦᠭᠦᠳᠡᠭᠡᠷ ᠢᠶᠠᠨ ᠪᠣᠰᠴᠤ ᠵᠣᠭᠰᠣᠨ ᠤᠯᠤᠰ ᠤᠨ ᠰᠦᠯᠳᠡ ᠳᠠᠭᠤᠤ ᠶᠢ ᠬᠠᠮᠲᠤ ᠪᠠᠷ ᠳᠠᠭᠤᠯᠠᠵᠠᠢ᠃      ᠬᠤᠷᠠᠯ ᠠᠴᠠ ᠴᠢᠬᠤᠯᠠᠴᠢᠯᠠᠬᠤ ᠳᠠᠭᠠᠨ᠂ ᠪᠦᠬᠦ ᠬᠤᠰᠢᠭᠤᠨ ᠤ ᠰᠤᠷᠭᠠᠨ ᠬᠥᠮᠦᠵᠢᠯ ᠤᠨ ᠰᠢᠰᠲ᠋ᠧᠮ ᠨᠢ ᠤᠯᠤᠰ ᠲᠥᠷᠥ ᠶᠢᠨ ᠵᠣᠭᠰᠣᠴᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠦᠵᠡᠯ ᠰᠠᠨᠠᠭ᠎ᠠ ᠲᠠᠨᠢᠯᠲᠠ ᠪᠠᠨ ᠴᠢᠩᠭᠠᠳᠬᠠᠨ᠂ ᠰᠤᠷᠭᠠᠨ ᠬᠥᠮᠦᠵᠢᠯ ᠤᠨ ᠠᠵᠢᠯ ᠤᠨ ᠰᠠᠨᠠᠭᠠᠴᠢᠯᠠᠭᠠᠲᠤ ᠴᠢᠨᠠᠷ ᠢ ᠰᠠᠶᠢᠲᠤᠷ ᠬᠢᠵᠦ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ᠂ ᠠᠶᠢᠮᠠᠭ ᠤᠨ ᠨᠠᠮ ᠤᠨ ᠬᠤᠷᠢᠶ᠎ᠠ᠂ ᠵᠠᠬᠢᠷᠭ᠎ᠠ ᠪᠠ ᠬᠤᠰᠢᠭᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠰᠠᠭᠤᠷᠢ ᠰᠤᠷᠭᠠᠨ ᠬᠥᠮᠦᠵᠢᠯ ᠢ ᠦᠨᠳᠦᠷ ᠬᠢᠷᠢ ᠲᠦᠪᠰᠢᠨ ᠢᠶᠠᠷ ᠬᠦᠭᠵᠢᠭᠦᠯᠬᠦ ᠬᠠᠮᠢᠶ᠎ᠠ ᠪᠥᠬᠦᠶ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠪᠠᠷ ᠵᠢᠯᠣᠭᠤᠳᠣᠯᠭ᠎ᠠ ᠪᠤᠯᠭᠠᠨ᠂ ᠬᠠᠷᠠᠯᠲᠠ ᠪᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠶᠣᠰᠣ ᠰᠤᠷᠲᠠᠬᠤᠨ ᠢᠶᠠᠷ ᠬᠥᠮᠦᠨ ᠢ ᠬᠥᠮᠦᠵᠢᠭᠦᠯᠬᠦ ᠦᠨᠳᠦᠰᠦᠨ ᠡᠭᠦᠷᠭᠡ ᠶᠢ ᠨᠠᠶᠢᠳᠠᠪᠤᠷᠢᠵᠢᠭᠤᠯᠬᠤ ᠶᠢ ᠴᠢᠩᠭ᠎ᠠ ᠠᠩᠬᠠᠷᠤᠨ᠂ ᠰᠠᠭᠤᠷᠢ ᠰᠤᠷᠭᠠᠨ ᠬᠥᠮᠦᠵᠢᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠰᠤᠷᠭᠠᠭᠤᠯᠢ ᠶᠢᠨ ᠨᠠᠷᠢᠯᠢᠬᠵᠢᠭᠤᠯᠤᠭᠰᠠᠨ ᠬᠠᠮᠢᠶᠠᠷᠤᠯᠲᠠ  ᠶᠢ ᠰᠠᠶᠢᠲᠤᠷ ᠠᠳᠬᠤᠵᠤ᠂ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠬᠠᠮᠢᠶᠠᠷᠤᠯᠲᠠ᠂ ︽ᠬᠤᠯᠪᠣᠭᠠᠯᠠᠵᠤ ᠬᠠᠮᠲᠤ ᠪᠠᠷ ᠪᠠᠶᠢᠭᠤᠯᠬᠤ︾ ᠬᠠᠮᠲᠤ ᠶᠢᠨ ᠴᠣᠭᠴᠠ ᠶᠢᠨ ᠪᠠᠶᠢᠭᠤᠯᠤᠯᠲᠠ ᠪᠠ ᠪᠠᠭᠰᠢ᠂ ᠵᠢᠭᠠᠨ ᠰᠤᠳᠤᠯᠬᠤ ᠡᠩᠨᠡᠭᠡᠨ ᠤ ᠪᠠᠶᠢᠭᠤᠯᠤᠯᠲᠠ᠂ ᠪᠦᠬᠦ ᠬᠤᠰᠢᠭᠤᠨ ᠤ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠴᠢᠨᠠᠷ ᠰᠠᠶᠢᠲᠠᠶ ᠬᠥᠭᠵᠢᠯᠲᠡ ᠶᠢ ᠴᠢᠷᠮᠠᠶᠢᠨ ᠠᠬᠢᠭᠤᠯᠵᠤ᠂ ᠦᠵᠡᠰᠬᠦᠯᠡᠩᠲᠦ ᠰᠠᠶᠢᠬᠠᠨ ᠵᠡᠭᠦᠨ ᠦᠵᠦᠮᠦᠴᠢᠨ ᠬᠤᠰᠢᠭᠤ ᠶᠢ ᠪᠦᠬᠦ ᠲᠠᠯ᠎ᠠ ᠪᠠᠷ ᠪᠦᠲᠦᠭᠡᠨ ᠪᠠᠶᠢᠭᠤᠯᠵᠤ ᠪᠠᠲᠤ ᠪᠠᠬᠢ ᠴᠢᠳᠠᠪᠤᠷᠢᠲᠠᠨ ᠤ ᠲᠤᠯᠭᠠᠭᠤᠷᠢᠯᠠᠯ ᠬᠠᠩᠭᠠᠬᠤ ᠬᠡᠷᠡᠭᠲᠡᠢ ᠭᠡᠵᠡᠢ᠃      ᠬᠤᠷᠠᠯ ᠠᠴᠠ ᠪᠠᠰᠠ ︽ᠵᠡᠭᠦᠨ ᠦᠵᠦᠮᠦᠴᠢᠨ ᠬᠤᠰᠢᠭᠤᠨ ᠤ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠶᠠᠰᠤ ᠴᠢᠨᠠᠷ ᠢ ᠳᠣᠪᠣᠶᠢᠯᠭᠠᠨ ᠤᠷᠮᠠᠰᠢᠭᠤᠯᠬᠤ ᠠᠷᠭ᠎ᠠ ︵ᠲᠤᠷᠰᠢᠨ ᠬᠡᠷᠡᠭᠵᠢᠭᠦᠯᠬᠦ︶︾ ᠳᠤ ᠲᠠᠶᠢᠯᠤᠮᠵᠢ ᠬᠢᠵᠦ᠂ ︽2021 - 2022 ᠣᠨ ᠤ ᠪᠥᠬᠦ ᠬᠤᠰᠢᠭᠤᠨ ᠤ ᠰᠤᠷᠭᠠᠨ ᠬᠥᠮᠦᠵᠢᠯ ᠤᠨ ᠰᠢᠰᠲ᠋ᠧᠮ ᠤᠨ ᠲᠡᠷᠢᠭᠦᠨ ᠤ ᠬᠠᠮᠲᠤ ᠨᠡᠶᠢᠲᠡ ᠪᠠ ᠰᠢᠯᠢᠳᠡᠭ ᠬᠤᠪᠢ ᠬᠥᠮᠦᠨ ᠢ ᠬᠥᠬᠢᠭᠦᠯᠦᠨ ᠰᠠᠶᠢᠰᠢᠶᠠᠬᠤ ᠲᠤᠬᠠᠶ ᠲᠣᠭᠲᠠᠭᠠᠯ︾ ᠢ ᠤᠩᠰᠢᠨ ᠨᠡᠶᠢᠲᠡᠯᠡᠵᠦ᠂ ᠪᠥᠬᠦ ᠬᠤᠰᠢᠭᠤᠨ ᠤ ᠰᠤᠷᠭᠠᠨ ᠬᠥᠮᠦᠵᠢᠯ ᠤᠨ ᠰᠢᠰᠲ᠋ᠧᠮ ᠤᠨ ᠲᠡᠷᠢᠭᠦᠨ ᠤ ᠬᠠᠮᠲᠤ ᠨᠡᠶᠢᠲᠡ᠂ ᠪᠥᠬᠦ ᠬᠤᠰᠢᠭᠤᠨ ᠤ ᠰᠢᠯᠢᠳᠡᠭ ᠪᠠᠭᠰᠢ᠂ ᠪᠥᠬᠦ ᠬᠤᠰᠢᠭᠤᠨ ᠤ ᠰᠢᠯᠢᠳᠡᠭ ᠠᠩᠭᠢ ᠶᠢᠨ ᠡᠷᠬᠢᠯᠡᠭᠴᠢ᠂ ᠪᠥᠬᠦ ᠬᠤᠰᠢᠭᠤᠨ  ᠤ ᠰᠢᠯᠢᠳᠡᠭ ᠶᠣᠰᠣ ᠰᠤᠷᠲᠠᠬᠤᠨ ᠤ ᠬᠥᠮᠦᠵᠢᠯ ᠤᠨ ᠠᠵᠢᠯᠲᠠᠨ᠂ ᠪᠥᠬᠦ ᠬᠤᠰᠢᠭᠤᠨ ᠤ ᠰᠢᠯᠢᠳᠡᠭ ᠰᠤᠷᠭᠠᠨ ᠬᠥᠮᠦᠵᠢᠯ ᠤᠨ ᠠᠵᠢᠯᠲᠠᠨ ᠵᠢᠴᠢ ᠰᠢᠯᠢᠳᠡᠭ ᠬᠤᠪᠢ ᠨᠡᠮᠡᠷᠢ ᠦᠵᠡᠭᠦᠯᠦᠭᠰᠡᠨ ᠱᠠᠩᠨᠠᠯ ᠭᠥᠷᠳᠡᠭᠰᠡᠳ ᠲᠤ ᠱᠠᠩᠨᠠᠯ ᠤᠨ ᠮᠧᠳᠠᠯ ᠪᠠ ᠦᠨᠡᠮᠯᠡᠯ ᠣᠯᠭᠤᠵᠤ᠂ ᠬᠥᠬᠢᠭᠦᠯᠦᠭᠳᠡᠨ ᠰᠠᠶᠢᠰᠢᠶᠠᠭᠳᠠᠭᠰᠠᠨ ᠲᠡᠷᠢᠭᠦᠨ ᠤ ᠬᠠᠮᠲᠤ ᠨᠡᠶᠢᠲᠡ ᠶᠢᠨ ᠲᠥᠯᠥᠭᠡᠯᠡᠭᠴᠢ ᠪᠠ ᠰᠢᠯᠢᠳᠡᠭ ᠬᠤᠪᠢ ᠬᠥᠮᠦᠨ ᠤ ᠲᠥᠯᠥᠭᠡᠯᠡᠭᠴᠢ ᠠᠴᠠ ᠨᠡᠶᠢᠲᠡᠯᠢᠭ ᠶᠠᠷᠢᠶ᠎ᠠ ᠲᠠᠯᠪᠢᠪᠠ᠃
 
ᠢᠷᠡᠯᠲᠡ᠄ ᠵᠡᠬᠦᠨ ᠦᠵᠦᠮᠦᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号