ᠮᠠᠨ ᠤ ᠬᠤᠰᠢᠭᠤ ᠰᠤᠶᠤᠯ ᠵᠢᠭᠤᠯᠴᠢᠯᠠᠯ ᠤᠨ ᠲᠤᠬᠠᠶᠢᠯᠠᠭᠰᠠᠨ ᠠᠵᠢᠯ ᠤᠨ ᠪᠤᠯᠪᠠᠰᠤᠷᠠᠯ ᠡᠷᠬᠢᠯᠡᠪᠡ
ᠨᠡᠶᠢᠲᠡᠯᠡᠭᠰᠡᠨ ᠴᠠᠭ᠄
2023/5/30
      ᠠᠷᠪᠠᠨ ᠭᠤᠷᠪᠠᠳᠡᠬᠢ ︽5·19 ᠤ ᠳᠤᠮᠳᠠᠳᠤ ᠤᠯᠤᠰ ᠤᠨ ᠵᠢᠭᠤᠯᠴᠢᠯᠠᠯ ᠤᠨ ᠡᠳᠦᠷ︾ ᠬᠦᠷᠴᠦ ᠢᠷᠡᠬᠦ ᠲᠠᠰᠢᠷᠠᠮ ᠳᠤ᠂ ᠮᠠᠨ ᠤ ᠬᠤᠰᠢᠭᠤᠨ ᠤ ᠵᠢᠭᠤᠯᠴᠢᠯᠠᠯ ᠤᠨ ᠦᠶᠯᠡᠰ ᠤᠨ ᠡᠷᠡᠭᠦᠯ ᠢᠶᠠᠷ ᠬᠥᠭᠵᠢᠬᠦ ᠶᠢ ᠠᠬᠢᠭᠤᠯᠵᠤ᠂ ᠰᠣᠶᠣᠯ ᠵᠢᠭᠤᠯᠴᠢᠯᠠᠯ ᠤᠨ ᠦᠶᠯᠡᠰ ᠤᠨ ᠦᠶᠯᠡᠴᠢᠯᠡᠭᠡᠨ ᠤ ᠶᠠᠰᠤ ᠴᠢᠨᠠᠷ ᠪᠠ ᠭᠥᠯᠢᠶᠡᠨ ᠠᠪᠬᠤ ᠬᠢᠷᠢ ᠲᠦᠪᠰᠢᠨ ᠢ ᠲᠠᠰᠤᠷᠠᠯᠲᠠ ᠥᠬᠡᠶ ᠳᠡᠭᠡᠭᠰᠢᠯᠡᠭᠦᠯᠵᠦ᠂ ᠵᠢᠭᠤᠯᠴᠢᠯᠠᠯ ᠤᠨ ᠦᠶᠯᠡᠴᠢᠯᠡᠭᠡᠨ ᠤ ᠰᠠᠶᠢᠨ ᠰᠠᠶᠢᠬᠠᠨ ᠳᠦᠷᠢ ᠲᠥᠷᠬᠦ ᠶᠢ ᠤᠯᠠᠮ ᠨᠢᠭᠡ ᠠᠯᠬᠤᠮ ᠪᠣᠶ ᠪᠣᠯᠭᠠᠵᠤ᠂ ᠲᠤᠬᠠᠶᠢᠯᠠᠭᠰᠠᠨ ᠠᠵᠢᠯ ᠳᠠᠭᠠᠨ ᠴᠠᠭᠠᠷᠠᠭᠰᠠᠨ᠂ ᠬᠡᠪ ᠪᠣᠯᠪᠠᠰᠤᠷᠠᠯ ᠰᠠᠶᠢᠲᠠᠶ᠂ ᠦᠶᠯᠡᠴᠢᠯᠡᠭᠡ ᠰᠢᠯᠢᠳᠡᠭ ᠰᠣᠶᠣᠯ ᠵᠢᠭᠤᠯᠴᠢᠯᠠᠯ ᠤᠨ ᠦᠶᠯᠡᠰ ᠤᠨ ᠡᠩᠨᠡᠭᠡ ᠶᠢ ᠴᠢᠷᠮᠠᠶᠢᠨ ᠬᠥᠮᠦᠵᠢᠭᠦᠯᠬᠦ ᠶᠢᠨ ᠲᠥᠯᠥᠭᠡ᠂ 5 ᠰᠠᠷ᠎ᠠ ᠶᠢᠨ 18 ᠤ ᠡᠳᠦᠷ᠂ ᠮᠠᠨ ᠤ ᠬᠤᠰᠢᠭᠤ ᠰᠣᠶᠣᠯ ᠵᠢᠭᠤᠯᠴᠢᠯᠠᠯ ᠤᠨ ᠲᠤᠬᠠᠶᠢᠯᠠᠭᠰᠠᠨ ᠠᠵᠢᠯ ᠤᠨ ᠪᠣᠯᠪᠠᠰᠤᠷᠠᠯ ᠡᠷᠭᠢᠯᠡᠪᠡ᠃      ᠪᠤᠯᠪᠠᠰᠤᠷᠠᠯ ᠳᠤ ᠰᠢᠯᠢ ᠶᠢᠨ ᠭᠤᠤᠯ ᠠᠶᠢᠮᠠᠭ ᠤᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠪᠠᠭᠤᠳᠠᠯ ᠤᠨ ᠬᠠᠮᠢᠶᠠᠷᠤᠯᠲᠠ ᠶᠢᠨ ᠲᠤᠰᠬᠠᠶ ᠮᠡᠷᠭᠡᠵᠢᠯ ᠤᠨ ᠵᠢᠭᠠᠨ ᠰᠤᠳᠤᠯᠬᠤ ᠲᠠᠰᠤᠭ ᠤᠨ ᠡᠷᠬᠢᠯᠡᠭᠴᠢ᠂ ᠰᠢᠯᠢ  ᠶᠢᠨ ᠭᠤᠤᠯ ᠠᠶᠢᠮᠠᠭ ᠤᠨ ᠶᠣᠰᠤ ᠬᠦᠨᠳᠦᠳᠬᠡᠯ ᠤᠨ ᠨᠡᠶᠢᠭᠡᠮᠯᠢᠭ ᠤᠨ ᠳᠠᠷᠤᠭ᠎ᠠ ᠰᠢᠤᠸᠠᠢ ᠴᠢᠩ ᠹᠧᠩ ᠪᠣᠯᠤᠨ ᠰᠢᠯᠤᠭᠤᠨ ᠬᠥᠬᠡ ᠬᠤᠰᠢᠭᠤᠨ ᠤ ᠵᠠᠯᠠᠭᠤ ᠦᠶᠯᠡᠰ ᠴᠣᠭᠴᠠᠯᠠᠭᠴᠢ᠂ ᠪᠠᠶᠢᠭᠠᠯᠢ ᠠᠮᠢ ᠠᠬᠤᠶ ᠶᠢᠨ ᠮᠠᠯᠵᠢᠯ ᠤᠨ ᠲᠠᠯᠠᠪᠠᠶ ᠶᠢᠨ ᠬᠠᠷᠢᠭᠤᠴᠠᠯᠭᠠᠲᠠᠨ ᠭᠦᠬᠡᠲᠤᠭ ᠢ ᠤᠷᠢᠵᠤ ᠲᠣᠰ ᠲᠣᠰ ᠬᠢᠴᠢᠶᠡᠯ ᠤᠷᠤᠭᠤᠯᠵᠠᠢ᠃      ᠰᠢᠤᠸᠠᠢ ᠴᠢᠩ ᠹᠧᠩ ᠠᠴᠠ ᠵᠢᠭᠤᠯᠴᠢᠯᠠᠯ ᠤᠨ ᠦᠶᠯᠡᠴᠢᠯᠡᠭᠡᠨ ᠤ ᠶᠣᠰᠤ ᠬᠦᠨᠳᠦᠳᠬᠡᠯ᠂ ᠵᠢᠭᠤᠯᠴᠢᠯᠠᠯ ᠤᠨ ᠠᠵᠢᠯᠲᠠᠨ ᠤ ᠠᠵᠢᠯ ᠮᠡᠷᠭᠡᠵᠢᠯ ᠤᠨ ᠳᠦᠷᠢ ᠲᠥᠷᠬᠦ ᠶᠢ ᠱᠤᠭᠤᠬᠤ᠂ ᠶᠤᠰᠤ ᠬᠦᠨᠳᠦᠳᠬᠡᠯ ᠤᠨ ᠪᠠᠶᠢᠳᠠᠯ᠂ ᠬᠡᠯᠡᠨ ᠤ ᠵᠢᠷᠤᠮᠵᠢᠯ᠂ ᠴᠢᠨᠠᠷ ᠰᠠᠶᠢᠲᠠᠶ ᠦᠶᠯᠡᠴᠢᠯᠡᠭᠡᠨ ᠤ ᠳᠡᠭᠡᠭᠰᠢᠯᠡᠯᠲᠡ᠂ ᠦᠶᠯᠡᠴᠢᠯᠡᠭᠡᠨ ᠤ  ᠶᠣᠰᠤ ᠬᠦᠨᠳᠦᠳᠬᠡᠯ ᠳᠤᠮᠳᠠᠬᠢ ᠢᠨᠢᠶᠡᠮᠰᠦᠭᠯᠡᠯ᠂ ᠵᠣᠭᠰᠣᠬᠤ ᠪᠠᠶᠢᠳᠠᠯ᠂ ᠮᠡᠨᠳᠦᠴᠢᠯᠡᠯ᠂ ᠭᠠᠷ ᠤᠨ ᠬᠦᠳᠡᠯᠦᠯ ᠪᠠᠷᠢᠯ ᠵᠡᠷᠭᠡ ᠲᠠᠯ᠎ᠠ ᠪᠠᠷ ᠨᠠᠷᠢᠨ ᠰᠠᠶᠢᠬᠠᠨ ᠲᠠᠶᠢᠯᠤᠮᠵᠢ ᠬᠢᠪᠠ᠃      ᠬᠦᠬᠡᠲᠤᠭ ᠪᠠᠭᠰᠢ ᠥᠪᠡᠷ ᠤᠨ ᠦᠢᠯᠡᠰ ᠪᠤᠰᠬᠠᠬᠤ ᠶᠠᠪᠤᠴᠠ ᠪᠣᠯᠤᠨ ᠮᠠᠯᠵᠢᠯ ᠤᠨ ᠲᠠᠯᠠᠪᠠᠢ ᠶᠢᠨ ᠬᠥᠭᠵᠢᠯᠲᠡ ᠶᠢᠨ ᠣᠳᠣᠬᠢ ᠪᠠᠶᠢᠳᠠᠯ ᠢ ᠤᠯᠠᠨ ᠳᠤ ᠶᠠᠷᠢᠵᠤ ᠦᠭᠭᠦᠨ᠂ ᠲᠡᠭᠦᠨ ᠤ ᠵᠢᠭᠤᠯᠴᠢᠯᠠᠯ ᠤᠨ ᠬᠥᠭᠵᠢᠯᠲᠡ  ᠶᠢᠨ ᠰᠡᠳᠬᠢᠴᠡ ᠨᠢ ᠪᠣᠯᠪᠠᠰᠤᠷᠠᠯ ᠳᠤ ᠣᠷᠣᠯᠴᠠᠭᠰᠠᠳ ᠲᠤ ᠴᠣ ᠰᠢᠨ᠎ᠡ ᠰᠠᠭᠤᠭᠳᠠᠯ ᠥᠭᠴᠡᠢ᠃      ᠲᠣᠰ ᠤᠳᠠᠭᠠᠨ ᠤ ᠪᠣᠯᠪᠠᠰᠤᠷᠠᠯ ᠤᠨ ᠠᠭᠤᠯᠭ᠎ᠠ ᠨᠢ ᠪᠠᠶᠠᠯᠢᠭ᠂ ᠬᠠᠨᠳᠤᠯᠭᠠᠲᠤ ᠴᠢᠨᠠᠷ᠂ ᠵᠢᠯᠣᠭᠤᠳᠬᠤ ᠴᠢᠨᠠᠷ ᠪ᠊ ᠬᠡᠷᠡᠭᠯᠡᠭᠡᠨ ᠤ ᠴᠢᠨᠠᠷ ᠢᠶᠠᠷ ᠴᠢᠩᠭ᠎ᠠ ᠪᠠᠶᠢᠵᠤ᠂ ᠪᠣᠯᠪᠠᠰᠤᠷᠠᠯ ᠳᠤ ᠣᠷᠣᠯᠴᠠᠭᠰᠠᠳ ᠤᠨ ᠵᠢᠭᠤᠯᠴᠢᠯᠠᠯ ᠤᠨ ᠭᠥᠯᠢᠶᠡᠨ ᠠᠪᠬᠤ ᠲᠠᠯ᠎ᠠ ᠶᠢᠨ ᠦᠶᠯᠡᠴᠢᠯᠡᠭᠡᠨ ᠤ ᠵᠢᠷᠤᠮᠵᠢᠯ᠂ ᠠᠷᠭ᠎ᠠ ᠪᠠ ᠪᠠᠷᠢᠮᠵᠢᠶ᠎ᠠ ᠶᠢ ᠤᠯᠠᠮ ᠨᠢᠭᠡ ᠠᠯᠬᠤᠮ ᠲᠣᠳᠣᠷᠬᠠᠶᠢᠯᠠᠵᠤ᠂ ᠮᠠᠨ ᠤ ᠬᠤᠰᠢᠭᠤᠨ ᠤ ᠰᠣᠶᠣᠯ ᠵᠢᠭᠤᠯᠴᠢᠯᠠᠯ ᠤᠨ ᠠᠵᠢᠯᠲᠠᠨ ᠤ ᠪᠦᠬᠦᠯᠢ ᠴᠣᠭᠴᠠ ᠶᠢᠨ ᠬᠡᠪ ᠴᠢᠨᠠᠷ ᠪᠠ ᠦᠶᠯᠡᠴᠢᠯᠡᠭᠡᠨ ᠤ ᠶᠠᠰᠤ ᠴᠢᠨᠠᠷ ᠢ ᠪᠦᠲᠦᠮᠵᠢᠲᠡᠶ ᠳᠡᠭᠡᠭᠰᠢᠯᠡᠭᠦᠯᠵᠦ᠂ ᠵᠡᠭᠦᠨ ᠦᠵᠦᠮᠦᠴᠢᠨ ᠬᠤᠰᠢᠭᠤᠨ  ᠤ ᠵᠢᠭᠤᠯᠴᠢᠯᠠᠯ ᠤᠨ ᠦᠶᠯᠡᠰ ᠤᠨ ᠴᠢᠨᠠᠷ ᠰᠠᠶᠢᠲᠠᠶ ᠬᠥᠭᠵᠢᠯᠲᠡ ᠳᠤ ᠪᠠᠲᠤ ᠪᠠᠬᠢ ᠰᠣᠶᠣᠯ ᠤᠨ ᠰᠠᠭᠤᠷᠢ ᠶᠢ ᠲᠠᠯᠪᠢᠵᠤ ᠥᠭᠴᠡᠶ᠃      ᠪᠥᠬᠦ ᠬᠤᠰᠢᠭᠤᠨ ᠤ ᠮᠠᠯᠴᠢᠨ ᠠᠶᠢᠯ ᠵᠢᠭᠤᠯᠴᠢᠯᠠᠯ ᠤᠨ ᠭᠠᠵᠠᠷ᠂ ᠵᠢᠭᠤᠯᠴᠢᠯᠠᠯ ᠤᠨ ᠦᠵᠡᠮᠵᠢ ᠶᠢᠨ ᠣᠷᠣᠨ  ᠤ ᠬᠠᠷᠢᠭᠤᠴᠠᠯᠭᠠᠲᠠᠨ᠂ ᠵᠣᠴᠢᠳ ᠤᠨ ᠪᠠᠭᠤᠳᠠᠯ ᠤᠨ ᠦᠶᠯᠡᠴᠢᠯᠡᠭᠴᠢ᠂ ᠵᠢᠭᠤᠯᠴᠢᠯᠠᠯ ᠳᠤ ᠬᠤᠯᠪᠣᠭᠳᠠᠭᠰᠠᠨ ᠠᠵᠢᠯᠲᠠᠨ ᠨᠡᠶᠢᠲᠡ 60 ᠭᠠᠷᠤᠶ ᠬᠥᠮᠦᠨ ᠪᠣᠯᠪᠠᠰᠤᠷᠠᠯ ᠳᠤ ᠣᠷᠣᠯᠴᠠᠪᠠ᠃
 
ᠢᠷᠡᠯᠲᠡ᠄ ᠵᠡᠬᠦᠨ ᠦᠵᠦᠮᠦᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号