ᠪᠥᠬᠦ ᠬᠤᠰᠢᠭᠤᠨ ᠤ ᠭᠤᠷᠪᠠᠳᠤᠭᠠᠷ ᠤᠳᠠᠭᠠᠨ ᠤ ᠪᠥᠬᠦ ᠤᠯᠤᠰ ᠤᠨ ᠭᠠᠵᠠᠷ ᠰᠢᠷᠣᠶ ᠶᠢᠨ ᠨᠡᠶᠢᠳᠡᠮ ᠪᠠᠶᠢᠴᠠᠭᠠᠯᠲᠠ ᠶᠢᠨ ᠤᠳᠤᠷᠢᠳᠬᠤ ᠳᠤᠭᠤᠶᠢᠯᠠᠩ ᠵᠢᠴᠢ ᠭᠠᠵᠠᠷ ᠰᠢᠷᠣᠶ ᠶᠢᠨ ᠨᠡᠶᠢᠳᠡᠮ ᠪᠠᠶᠢᠴᠠᠭᠠᠯᠲᠠ ᠶᠢᠨ ᠳᠠᠶᠢᠴᠢᠯᠠᠯᠲᠠ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2023/5/30
      5 ᠰᠠᠷ᠎ᠠ ᠶᠢᠨ 19 ᠤ ᠡᠳᠦᠷ᠂ ᠮᠠᠨ ᠤ ᠬᠤᠰᠢᠭᠤ ᠪᠥᠬᠦ ᠬᠤᠰᠢᠭᠤᠨ ᠤ ᠭᠤᠷᠪᠠᠳᠤᠭᠠᠷ ᠤᠳᠠᠭᠠᠨ ᠤ ᠪᠥᠬᠦ ᠤᠯᠤᠰ ᠤᠨ ᠭᠠᠵᠠᠷ ᠰᠢᠷᠣᠶ ᠶᠢᠨ ᠨᠡᠶᠢᠳᠡᠮ ᠪᠠᠶᠢᠴᠠᠭᠠᠯᠲᠠ ᠶᠢᠨ ᠤᠳᠤᠷᠢᠳᠬᠤ ᠳᠤᠭᠤᠶᠢᠯᠠᠩ ᠵᠢᠴᠢ ᠭᠠᠵᠠᠷ ᠰᠢᠷᠣᠶ ᠶᠢᠨ ᠨᠡᠶᠢᠳᠡᠮ ᠪᠠᠶᠢᠴᠠᠭᠠᠯᠲᠠ ᠶᠢᠨ ᠳᠠᠶᠢᠴᠢᠯᠠᠯᠲᠠ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠵᠠᠢ᠃ ᠪᠦᠬᠦ ᠬᠤᠰᠢᠭᠤᠨ ᠤ ᠭᠤᠷᠪᠠᠳᠤᠭᠠᠷ ᠤᠳᠠᠭᠠᠨ ᠤ ᠪᠥᠬᠦ ᠤᠯᠤᠰ ᠤᠨ ᠭᠠᠵᠠᠷ ᠰᠢᠷᠣᠶ ᠶᠢᠨ ᠨᠡᠶᠢᠳᠡᠮ ᠪᠠᠶᠢᠴᠠᠭᠠᠯᠲᠠ ᠶᠢᠨ ᠤᠳᠤᠷᠢᠳᠬᠤ ᠳᠤᠭᠤᠶᠢᠯᠠᠩ ᠤᠨ ᠳᠠᠷᠤᠭ᠎ᠠ᠂ ᠳᠡᠳ᠋ ᠬᠤᠰᠢᠭᠤ ᠳᠠᠷᠤᠭ᠎ᠠ ᠰᠡᠴᠡᠨ ᠬᠤᠷᠠᠯ ᠢ ᠡᠷᠬᠢᠯᠡᠵᠦ᠂ ᠪᠥᠬᠦ ᠬᠤᠰᠢᠭᠤᠨ ᠤ ᠭᠠᠵᠠᠷ ᠰᠢᠷᠣᠶ ᠶᠢᠨ ᠨᠡᠶᠢᠳᠡᠮ ᠪᠠᠶᠢᠴᠠᠭᠠᠯᠲᠠ ᠶᠢᠨ ᠠᠵᠢᠯ ᠳᠤ ᠪᠣᠳᠠᠲᠠᠶ ᠲᠣᠬᠢᠷᠠᠭᠤᠯᠤᠯᠲᠠ ᠪᠠᠶᠢᠷᠢᠯᠠᠭᠤᠯᠤᠯᠲᠠ ᠬᠢᠵᠡᠢ᠃      ᠬᠤᠷᠠᠯ ᠳᠡᠭᠡᠷ᠎ᠡ᠂ ︽2023 ᠣᠨ ᠤ ᠵᠡᠭᠦᠨ ᠦᠵᠦᠮᠦᠴᠢᠨ ᠬᠤᠰᠢᠭᠤᠨ ᠤ ᠭᠤᠷᠪᠠᠳᠤᠭᠠᠷ ᠤᠳᠠᠭᠠᠨ ᠤ ᠪᠥᠬᠦ ᠤᠯᠤᠰ ᠤᠨ ᠭᠠᠵᠠᠷ ᠰᠢᠷᠣᠶ ᠶᠢᠨ ᠨᠡᠶᠢᠳᠡᠮ ᠪᠠᠶᠢᠴᠠᠭᠠᠯᠲᠠ ᠶᠢᠨ ᠠᠵᠢᠯ ᠤᠨ ᠲᠥᠰᠦᠯ︾ ᠳᠤ ᠲᠠᠶᠢᠯᠤᠮᠵᠢ  ᠬᠢᠪᠡ᠃      ᠬᠤᠷᠠᠯ ᠠᠴᠠ ᠵᠢᠭᠠᠬᠤ ᠳᠠᠭᠠᠨ᠂ ᠭᠤᠷᠪᠠᠳᠤᠭᠠᠷ ᠤᠳᠠᠭ᠎ᠠ ᠶᠢᠨ ᠪᠦᠬᠦ ᠤᠯᠤᠰ ᠤᠨ ᠭᠠᠵᠠᠷ ᠰᠢᠷᠣᠢ ᠶᠢᠨ ᠨᠡᠶᠢᠳᠡᠮ ᠪᠠᠶᠢᠴᠠᠭᠠᠯᠲᠠ ᠪᠣᠯ ᠤᠯᠤᠰ ᠤᠨ ᠪᠠᠶᠢᠳᠠᠯ ᠤᠯᠤᠰ ᠤᠨ ᠬᠦᠴᠦᠨ ᠤ ᠴᠢᠬᠤᠯᠠ ᠪᠠᠶᠢᠴᠠᠭᠠᠯᠲᠠ ᠪᠣᠯᠤᠨ᠎ᠠ᠂ ᠲᠠᠷᠢᠶᠠᠯᠠᠩ ᠤᠨ ᠶᠡᠷᠦᠩᠬᠡᠶᠢᠯᠡᠭᠰᠡᠨ ᠦᠢᠯᠡᠳᠪᠦᠷᠢᠯᠡᠯ ᠤᠨ ᠴᠢᠳᠠᠪᠤᠷᠢ ᠶᠢ ᠳᠡᠭᠡᠭᠰᠢᠯᠡᠭᠦᠯᠬᠦ᠂ ᠤᠯᠤᠰ ᠤᠨ ᠠᠮᠤ ᠪᠤᠳᠠᠭᠠᠨ ᠤ ᠠᠮᠤᠷ ᠲᠦᠪᠰᠢᠨ ᠢ ᠪᠠᠲᠤᠯᠠᠬᠤ ᠰᠠᠭᠤᠷᠢ ᠴᠢᠨᠠᠷᠲᠠᠢ ᠠᠵᠢᠯ ᠪᠣᠯᠤᠨ᠎ᠠ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠲᠣᠰ ᠠᠵᠢᠯ ᠢ ᠡᠳᠦᠷ ᠲᠤᠲᠤᠮ ᠤᠨ ᠴᠢᠬᠤᠯᠠ ᠵᠥᠪᠯᠡᠬᠦ ᠵᠦᠶᠯ ᠳᠡᠭᠡᠨ ᠣᠷᠣᠭᠤᠯᠵᠤ᠂ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ᠂ ᠬᠠᠷᠢᠯᠴᠠᠨ ᠳᠡᠮᠵᠢᠨ ᠬᠠᠮᠵᠢᠯᠴᠠᠵᠤ᠂ ᠠᠵᠢᠯ ᠤᠨ ᠬᠠᠮᠳᠤᠷᠠᠯ ᠬᠦᠴᠦᠨ ᠢ ᠪᠣᠶ ᠪᠣᠯᠭᠠᠬᠤ ᠬᠡᠷᠡᠭᠲᠡᠶ ᠭᠡᠵᠡᠢ  ᠃      ᠬᠤᠷᠠᠯ ᠠᠴᠠ ᠱᠠᠭᠠᠷᠳᠠᠬᠤ ᠳᠠᠭᠠᠨ᠂ ᠡᠯ᠎ᠡ ᠭᠠᠵᠠᠷ ᠤᠨ ᠬᠢᠨ ᠲᠠᠷᠢᠶᠠᠨ ᠭᠠᠵᠠᠷ᠂ ᠣᠶᠢᠲᠤ ᠭᠠᠵᠠᠷ᠂ ᠡᠪᠡᠰᠦᠲᠦ ᠭᠠᠵᠠᠷ ᠵᠡᠷᠭᠡ ᠭᠠᠵᠠᠷ ᠰᠢᠷᠣᠶ ᠶᠢᠨ ᠨᠡᠶᠢᠳᠡᠮ ᠪᠠᠶᠢᠴᠠᠭᠠᠯᠲᠠ ᠶᠢᠨ ᠠᠵᠢᠯ ᠳᠤ ᠰᠠᠶᠢᠲᠤᠷ ᠬᠠᠮᠵᠢᠯᠴᠠᠬᠤ ᠬᠡᠷᠡᠭᠲᠡᠶ᠃ ᠡᠯ᠎ᠡ ᠬᠠᠮᠢᠶ᠎ᠠ ᠪᠦᠬᠦᠢ ᠨᠢᠭᠡᠴᠡ ᠨᠦᠭᠦᠳ ᠠᠵᠢᠯ ᠤᠨ ᠬᠡᠷᠡᠭᠴᠡᠭᠡ ᠪᠠᠨ ᠦᠨᠳᠦᠰᠦᠯᠡᠨ᠂ ᠲᠤᠰᠬᠠᠶ ᠮᠡᠷᠭᠡᠵᠢᠯᠲᠡᠨ᠂ ᠮᠡᠷᠭᠡᠵᠢᠯ ᠤᠨ ᠠᠵᠢᠯᠲᠠᠨ ᠢ ᠰᠣᠩᠭᠤᠨ ᠲᠣᠮᠢᠯᠠᠵᠤ ᠨᠡᠶᠢᠳᠡᠮ ᠪᠠᠶᠢᠴᠠᠭᠠᠯᠲᠠ ᠵᠢᠴᠢ ᠬᠤᠯᠪᠣᠭᠳᠠᠯ ᠪᠦᠬᠦᠢ ᠮᠡᠷᠭᠡᠵᠢᠯ ᠤᠨ ᠵᠢᠯᠣᠭᠤᠳᠤᠯᠭ᠎ᠠ᠂ ᠨᠤᠲᠠᠯᠠᠯᠲᠠ ᠬᠢᠵᠦ ᠯᠠᠪᠯᠠᠯᠭ᠎ᠠ ᠥᠭᠬᠦ ᠵᠡᠷᠭᠡ ᠠᠵᠢᠯ ᠳᠤ ᠣᠷᠣᠯᠴᠠᠭᠤᠯᠵᠤ᠂ ᠭᠤᠷᠪᠠ ᠶᠢ ᠲᠦᠭᠡᠮᠡᠯᠵᠢᠭᠦᠯᠬᠦ ᠠᠵᠢᠯ ᠢ ᠪᠦᠬᠦ ᠲᠠᠯ᠎ᠠ ᠪᠠᠷ ᠡᠮᠬᠢ ᠵᠢᠷᠤᠮ ᠲᠠᠢ ᠪᠠᠷ ᠲᠦᠯᠬᠢᠨ ᠠᠬᠢᠭᠤᠯᠬᠤ ᠳᠤ ᠰᠠᠭᠤᠷᠢ ᠲᠠᠯᠪᠢᠬᠤ ᠬᠡᠷᠡᠭᠲᠡᠶ ᠭᠡᠪᠡ  ᠃
 
ᠢᠷᠡᠯᠲᠡ᠄ ᠵᠡᠬᠦᠨ ᠦᠵᠦᠮᠦᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号