ᠤᠯᠢᠶᠠᠰᠤᠲᠠᠢ ᠪᠠᠯᠭᠠᠰᠤᠨ ᠤ 2023 ᠣᠨ ᠤ ᠮᠠᠯᠴᠢᠨ ᠡᠷᠦᠬᠡ ᠶᠢᠨ ᠰᠢᠨ᠎ᠡ ᠡᠨᠧᠷᠬᠢ ᠶᠢ ᠴᠠᠬᠢᠯᠭᠠᠨ ᠰᠦᠯᠵᠢᠶᠡᠨ ᠳᠤ ᠰᠢᠯᠵᠢᠭᠦᠯᠬᠦ ᠢᠨᠵᠧᠨᠧᠷᠢᠩ ᠵᠢᠩᠬᠢᠨᠢ ᠪᠠᠷ ᠠᠵᠢᠯ ᠡᠬᠢᠯᠡᠪᠡ
ᠨᠡᠶᠢᠲᠡᠯᠡᠭᠰᠡᠨ ᠴᠠᠭ᠄
2023/5/30
      ᠮᠠᠯᠴᠢᠨ ᠡᠷᠦᠬᠡ ᠶᠢᠨ ᠴᠠᠬᠢᠯᠭᠠᠨ ᠬᠡᠷᠡᠭᠯᠡᠬᠦ ᠶᠠᠰᠤ ᠴᠢᠨᠠᠷ ᠢ ᠳᠡᠭᠡᠭᠰᠢᠯᠡᠭᠦᠯᠵᠦ᠂ ᠮᠠᠯᠴᠢᠳ ᠤᠨ ᠠᠮᠢᠳᠤᠷᠠᠯ ᠤᠨ ᠣᠳᠣᠬᠢᠴᠢᠯᠠᠯᠲᠠ ᠶᠢ ᠠᠬᠢᠭᠤᠯᠬᠤ ᠶᠢᠨ ᠲᠥᠯᠥᠭᠡ᠂ 5 ᠰᠠᠷ᠎ᠠ ᠶᠢᠨ 16 ᠤ ᠡᠳᠦᠷ᠂ ᠵᠡᠭᠦᠨ ᠦᠵᠦᠮᠦᠴᠢᠨ ᠬᠤᠰᠢᠭᠤᠨ ᠤ 2023 ᠣᠨ ᠤ  ᠮᠠᠯᠴᠢᠨ ᠡᠷᠦᠬᠡ ᠶᠢᠨ ᠰᠢᠨ᠎ᠡ ᠡᠨᠧᠷᠭᠢ ᠶᠢ  ᠴᠠᠬᠢᠯᠭᠠᠨ ᠰᠦᠯᠵᠢᠶᠡᠨ ᠳᠤ ᠰᠢᠯᠵᠢᠭᠦᠯᠬᠦ ᠢᠨᠵᠧᠨᠧᠷᠢᠩ ᠤᠯᠢᠶᠠᠰᠤᠲᠠᠢ ᠪᠠᠯᠭᠠᠰᠤᠨ ᠤ ᠠᠮᠤᠭᠤᠯᠠᠩᠪᠤᠯᠠᠭ ᠭᠠᠴᠠᠭ᠎ᠠ ᠳᠤ ᠵᠢᠩᠬᠢᠨᠢ ᠪᠠᠷ ᠠᠵᠢᠯ ᠡᠬᠢᠯᠡᠵᠦ᠂ ᠪᠠᠯᠭᠠᠰᠤᠨ ᠤ ᠵᠠᠰᠠᠭ ᠤᠨ ᠣᠷᠳᠣᠨ ᠵᠢᠴᠢ ᠴᠠᠬᠢᠯᠭᠠᠨ ᠬᠦᠴᠦᠨ ᠤ ᠺᠣᠮᠫᠠᠨᠢ ᠶᠢᠨ ᠭᠤᠣᠯ ᠬᠠᠷᠢᠭᠤᠴᠠᠯᠭᠠᠲᠠᠨ ᠠᠵᠢᠯ ᠡᠬᠢᠯᠡᠬᠦ ᠶᠣᠰᠣᠯᠠᠯ ᠳᠤ  ᠣᠷᠣᠯᠴᠠᠪᠠ᠃      ᠴᠠᠬᠢᠯᠭᠠᠨ ᠬᠦᠴᠦᠨ ᠪᠣᠯ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢᠨ ᠬᠠᠮᠤᠭ ᠤᠨ ᠴᠢᠬᠤᠯᠠ ᠰᠠᠭᠤᠷᠢ ᠪᠠᠲᠤᠯᠠᠭ᠎ᠠ ᠶᠢᠨ ᠨᠢᠭᠡ ᠪᠣᠯᠣᠨ᠎ᠠ᠂ ᠰᠢᠨ᠎ᠡ ᠡᠨᠧᠷᠭᠢ  ᠶᠢ ᠴᠠᠬᠢᠯᠭᠠᠨ ᠰᠦᠯᠵᠢᠶᠡᠨ ᠳᠤ ᠰᠢᠯᠵᠢᠭᠦᠯᠬᠦ ᠢᠨᠵᠧᠨᠧᠷᠢᠩ ᠢ ᠬᠡᠷᠡᠭᠵᠢᠭᠦᠯᠬᠦ ᠪᠣᠯ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠴᠢᠬᠤᠯᠠ ᠰᠠᠭᠤᠷᠢ ᠪᠣᠯᠣᠨ᠎ᠠ᠂ ᠮᠥᠨᠴᠦ ᠮᠠᠯᠴᠢᠳ ᠤᠨ ᠦᠢᠯᠡᠳᠪᠦᠷᠢᠯᠡᠯ ᠠᠮᠢᠳᠤᠷᠠᠯ ᠤᠨ ᠨᠥᠬᠦᠴᠡᠯ ᠢ ᠰᠠᠶᠢᠵᠢᠷᠠᠭᠤᠯᠬᠤ ᠴᠢᠬᠤᠯᠠ ᠶᠡᠭᠡ ᠠᠷᠠᠳ ᠤᠨ ᠠᠮᠢᠳᠤᠷᠠᠯ ᠤᠨ ᠢᠨᠵᠧᠨᠧᠷᠢᠩ ᠪᠣᠯᠣᠨ᠎ᠠ᠃ ᠰᠢᠨ᠎ᠡ ᠡᠨᠧᠷᠭᠢ ᠶᠢ ᠴᠠᠬᠢᠯᠭᠠᠨ ᠰᠦᠯᠵᠢᠶᠡᠨ ᠳᠤ ᠰᠢᠯᠵᠢᠭᠦᠯᠬᠦ ᠢᠨᠵᠧᠨᠧᠷᠢᠩ ᠢ ᠬᠡᠷᠡᠭᠵᠢᠭᠦᠯᠦᠭᠰᠡᠨ ᠨᠢ ᠤᠯᠢᠶᠠᠰᠤᠲᠠᠢ ᠪᠠᠯᠭᠠᠰᠤᠨ ᠤ ᠮᠠᠯᠴᠢᠨ ᠲᠦᠮᠡᠨ ᠤ ᠠᠮᠢᠳᠤᠷᠠᠯ᠂ ᠦᠢᠯᠡᠳᠪᠦᠷᠢᠯᠡᠯ ᠤᠨ ᠨᠥᠬᠦᠴᠡᠯ ᠢ ᠰᠠᠶᠢᠵᠢᠷᠠᠭᠤᠯᠬᠤ ᠳᠤ ᠪᠠᠲᠤᠯᠠᠭ᠎ᠠ ᠬᠠᠩᠭᠠᠵᠤ᠂ ᠮᠠᠯᠵᠢᠬᠤ ᠣᠷᠣᠨ ᠳᠤ ᠰᠢᠭᠤᠳ ᠠᠰᠢᠭ ᠬᠦᠷᠲᠡᠭᠡᠵᠦ᠂ ᠮᠠᠯᠴᠢᠳ ᠤᠨ ᠦᠢᠯᠡᠳᠪᠦᠷᠢᠯᠡᠯ᠂ ᠠᠮᠢᠳᠤᠷᠠᠯ ᠤᠨ ᠠᠷᠭ᠎ᠠ ᠮᠠᠶ᠋ᠢᠭ ᠢ ᠬᠤᠪᠢᠷᠠᠭᠤᠯᠬᠤ ᠶᠢᠨ ᠬᠠᠮᠲᠤ ᠬᠤᠲᠠ ᠪᠠᠯᠭᠠᠰᠤ ᠬᠢᠭᠡᠳ ᠮᠠᠯᠵᠢᠬᠤ ᠣᠷᠣᠨ ᠤ ᠬᠤᠭᠤᠷᠣᠨᠳᠣᠬᠢ ᠬᠥᠭᠵᠢᠯᠲᠡ ᠶᠢᠨ ᠵᠥᠷᠢᠶ᠎ᠡ ᠶᠢ ᠪᠠᠭᠠᠰᠬᠠᠪᠠ᠃      ᠲᠤᠰ ᠢᠨᠵᠧᠨᠧᠷᠢᠩ ᠤᠨ ᠠᠵᠢᠯ ᠡᠬᠢᠯᠡᠭᠰᠡᠨ ᠨᠢ ᠤᠯᠢᠶᠠᠰᠤᠲᠠᠢ ᠪᠠᠯᠭᠠᠰᠤ ᠶᠢᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠰᠢᠨ᠎ᠡ ᠬᠥᠳᠡᠯᠭᠡᠭᠦ ᠬᠦᠴᠦᠨ ᠢ ᠠᠪᠴᠢᠷᠠᠵᠤ᠂ 2023 ᠣᠨ ᠤ ᠤᠯᠢᠶᠠᠰᠤᠲᠠᠢ ᠪᠠᠯᠭᠠᠰᠤ ᠶᠢᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠦᠲᠦᠭᠡᠨ ᠪᠠᠶᠢᠭᠤᠯᠤᠯᠲᠠ ᠰᠢᠨ᠎ᠡ ᠱᠠᠲᠤᠨ ᠳᠤ ᠣᠷᠣᠭᠰᠠᠨ ᠢ ᠬᠠᠷᠠᠭᠤᠯᠵᠤ ᠪᠠᠶᠢᠨ᠎ᠠ᠃ ᠤᠯᠢᠶᠠᠰᠤᠲᠠᠢ ᠪᠠᠯᠭᠠᠰᠤ ᠨᠢ ᠴᠠᠬᠢᠯᠭᠠᠨ ᠰᠦᠯᠵᠢᠶᠡᠨ ᠳᠤ ᠰᠢᠯᠵᠢᠭᠦᠯᠬᠦ  ᠲᠦᠷᠦᠯ ᠵᠦᠢᠯ ᠤᠨ ᠪᠠᠷᠢᠯᠭ᠎ᠠ ᠶᠢᠨ ᠠᠵᠢᠯ  ᠢ ᠢᠳᠡᠪᠬᠢᠲᠡᠢ ᠬᠠᠮᠵᠢᠵᠤ᠂ ᠮᠠᠯᠴᠢᠳ ᠢ ᠤᠬᠠᠭᠤᠯᠵᠤ᠂ ᠢᠨᠵᠧᠨᠧᠷᠢᠩ ᠤᠨ ᠠᠵᠢᠯᠲᠠᠳ ᠲᠠᠢ ᠢᠳᠡᠪᠬᠢᠲᠡᠢ ᠬᠠᠮᠵᠢᠯᠴᠠᠵᠤ᠂ ᠢᠨᠵᠧᠨᠧᠷᠢᠩ ᠤᠨ ᠬᠤᠯᠪᠣᠭᠳᠠᠯ ᠪᠦᠬᠦᠢ ᠤᠴᠢᠷ ᠶᠠᠪᠤᠳᠠᠯ ᠢ ᠵᠣᠬᠢᠴᠠᠭᠤᠯᠤᠨ ᠰᠢᠢᠳᠪᠦᠷᠢᠯᠡᠵᠦ᠂ ᠮᠠᠯᠴᠢᠨ ᠡᠷᠦᠬᠡ ᠶᠢᠨ ᠰᠢᠨ᠎ᠡ ᠡᠨᠧᠷᠭᠢ  ᠶᠢ ᠴᠠᠬᠢᠯᠭᠠᠨ ᠰᠦᠯᠵᠢᠶᠡᠨ  ᠳᠤ ᠰᠢᠯᠵᠢᠭᠦᠯᠬᠦ ᠢᠨᠵᠧᠨᠧᠷᠢᠩ ᠤᠨ ᠤᠷᠤᠭᠰᠢᠲᠠᠢ ᠪᠡᠶᠡᠯᠡᠭᠳᠡᠬᠦ ᠶᠢ ᠪᠠᠲᠤᠯᠠᠨ᠎ᠠ᠃
 
ᠢᠷᠡᠯᠲᠡ᠄ ᠤᠯᠢᠶᠠᠰᠤᠲᠠᠢ ᠪᠠᠯᠭᠠᠰᠤ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号