ᠤᠯᠢᠶᠠᠰᠤᠲᠠᠢ ᠪᠠᠯᠭᠠᠰᠤᠨ ᠤ ︽ᠨᠢᠭᠡᠳᠦᠮᠡᠯ ᠹᠷᠣᠨᠲ ᠤᠨ ᠦᠷᠦᠭᠡ︾ ᠨᠢᠭᠡᠳᠦᠮᠡᠯ ᠹᠷᠣᠨᠲ ᠤᠨ ᠠᠵᠢᠯᠲᠠᠳ ᠤᠨ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/5/30
      ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠦᠷᠭᠦᠯᠵᠢᠯᠡᠨ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠭᠤᠣᠯ ᠱᠤᠭᠤᠮ ᠤᠨ ᠲᠣᠭᠤᠷᠢᠨ ᠳᠤ ᠭᠠᠴᠠᠭ᠎ᠠ᠂ ᠨᠡᠶᠢᠭᠡᠮ ᠲᠣᠭᠤᠷᠢᠭ ᠤᠨ ᠨᠢᠭᠡᠳᠦᠮᠡᠯ ᠹᠷᠣᠨᠲ ᠤᠨ ᠠᠵᠢᠯᠲᠠᠳ ᠤᠨ ᠲᠥᠷᠥ ᠶᠢᠨ ᠪᠣᠳᠣᠯᠭ᠎ᠠ ᠣᠨᠣᠯ ᠤᠨ ᠦᠨᠳᠦᠰᠦᠨ ᠪᠣᠯᠪᠠᠰᠤᠷᠠᠯ ᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠶᠢᠨ ᠲᠦᠯᠦᠭᠡ᠂ 5 ᠰᠠᠷ᠎ᠠ ᠶᠢᠨ 23 ᠤ ᠡᠳᠦᠷ ᠤᠯᠢᠶᠠᠰᠤᠲᠠᠢ ᠪᠠᠯᠭᠠᠰᠤᠨ ᠤ ︽ᠨᠢᠭᠡᠳᠦᠮᠡᠯ ᠹᠷᠣᠨᠲ ᠤᠨ ᠦᠷᠦᠭᠡ︾  ᠨᠢ ᠨᠢᠭᠡᠳᠦᠮᠡᠯ ᠹᠷᠣᠨᠲ ᠤᠨ ᠠᠵᠢᠯᠲᠠᠳ ᠤᠨ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠢ ᠬᠤᠷᠠᠯᠳᠤᠭᠤᠯᠵᠤ᠂ ᠡᠯ᠎ᠡ ᠭᠠᠴᠠᠭ᠎ᠠ᠂ ᠨᠡᠶᠢᠭᠡᠮ ᠲᠣᠭᠤᠷᠢᠭ ᠤᠨ ᠨᠢᠭᠡᠳᠦᠮᠡᠯ ᠹᠷᠣᠨᠲ ᠤᠨ ᠠᠵᠢᠯᠲᠠᠳ ᠬᠤᠷᠠᠯ ᠳᠤ ᠣᠷᠣᠯᠴᠠᠪᠠ᠃      ᠬᠤᠷᠠᠯ ᠳᠤ᠂ ︽ᠲᠥᠪ ᠤᠨ ᠦᠨᠳᠦᠰᠦᠲᠡᠨ ᠤ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢᠨ ᠰᠤᠷᠤᠯᠴᠠᠯᠭ᠎ᠠ ᠶᠢᠨ ᠵᠢᠯᠤᠭᠤᠳᠤᠮᠵᠢ ᠶᠢᠨ ᠤᠩᠰᠢᠬᠤ ᠪᠢᠴᠢᠭ︾ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠨᠢᠭᠡᠳᠦᠮᠡᠯ ᠹᠷᠣᠨᠲ ᠤᠨ ᠠᠵᠢᠯ ᠤᠨ ᠳᠦᠷᠢᠮ︾ ᠢ ᠲᠦᠪᠯᠡᠷᠡᠭᠦᠯᠦᠨ ᠰᠤᠷᠤᠯᠴᠠᠵᠤ᠂  ᠬᠤᠷᠠᠯ ᠠᠴᠠ ᠱᠠᠭᠠᠷᠳᠠᠭᠰᠠᠨ  ᠨᠢ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠮᠥᠨ ᠴᠢᠨᠠᠷ ᠢ ᠵᠥᠪ ᠣᠨᠣᠪᠴᠢᠲᠠᠶ ᠲᠠᠨᠢᠵᠤ᠂ ᠨᠠᠮ ᠤᠨ ᠦᠨᠳᠦᠰᠦᠲᠡᠨ ᠤ ᠣᠨᠣᠯ ᠤᠨ ᠲᠥᠷᠥ ᠶᠢᠨ ᠪᠣᠳᠣᠯᠭ᠎ᠠ ᠶᠢ ᠭᠦᠨᠵᠡᠭᠡᠢ ᠣᠶᠢᠯᠠᠭᠠᠵᠤ᠂ ᠤᠳᠬ᠎ᠠ ᠰᠠᠨᠠᠭ᠎ᠠ ᠪᠠ ᠤᠴᠢᠷ ᠰᠢᠯᠲᠠᠭᠠᠨ ᠢ ᠨᠢ ᠮᠡᠳᠡᠵᠦ᠂ ᠨᠠᠮ ᠤᠨ ᠦᠨᠳᠦᠰᠦᠲᠡᠨ ᠤ ᠣᠨᠣᠯ ᠤᠨ ᠲᠥᠷᠥ ᠶᠢᠨ ᠪᠣᠳᠣᠯᠭ᠎ᠠ ᠶᠢ ᠨᠢᠭᠡᠳᠦᠮᠡᠯ ᠹᠷᠣᠨᠲ ᠤᠨ ᠠᠵᠢᠯ ᠤᠨ ᠪᠥᠬᠦ ᠶᠠᠪᠤᠴᠠ ᠳᠤ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠨᠠᠮ ᠤᠨ ᠦᠨᠳᠦᠰᠦᠲᠡᠨ ᠤ ᠲᠥᠷᠥ ᠶᠢᠨ ᠪᠣᠳᠣᠯᠭ᠎ᠠ ᠶᠢ ᠦᠨᠳᠦᠰᠦᠨ ᠱᠠᠲᠤᠨ ᠳᠤ ᠬᠦᠷᠲᠡᠯ᠎ᠡ ᠤᠶᠢᠯᠭᠠᠭᠤᠯᠵᠤ᠂ ᠦᠨᠳᠦᠰᠦᠲᠡᠨ ᠤ ᠠᠵᠢᠯ ᠢ ᠦᠨᠳᠦᠰᠦᠨ ᠱᠠᠲᠤᠨ ᠳᠤ ᠠᠳᠬᠤᠬᠤ ᠶᠢ ᠦᠨᠡᠨ ᠬᠦ ᠪᠠᠲᠤᠯᠠᠬᠤ ᠬᠡᠷᠡᠭᠲᠡᠢ᠃      ᠬᠤᠷᠠᠯ ᠠᠴᠠ ᠴᠢᠬᠤᠯᠠᠴᠢᠯᠠᠬᠰᠠᠨ ᠨᠢ᠂ ᠨᠢᠭᠡᠳᠦᠮᠡᠯ ᠹᠷᠣᠨᠲ ᠤᠨ ᠠᠵᠢᠯ ᠤᠨ ᠪᠦᠬᠦ  ᠠᠵᠢᠯᠲᠠᠳ ᠲᠤᠰ ᠤᠳᠠᠭᠠᠨ ᠤ ᠬᠠᠮᠲᠤ ᠶᠢᠨ ᠰᠤᠷᠤᠯᠴᠠᠯᠭ᠎ᠠ ᠪᠠᠷ ᠳᠠᠮᠵᠢᠨ᠂ ᠬᠠᠷᠢᠯᠴᠠᠨ ᠬᠠᠷᠭᠠᠭᠤᠯᠵᠤ᠂ ᠵᠥᠷᠢᠶ᠎ᠡ ᠪᠠᠨ ᠴᠠᠭ ᠲᠤᠬᠠᠢ  ᠳᠤᠨᠢ ᠵᠠᠯᠠᠷᠠᠭᠤᠯᠵᠤ᠂ ᠨᠠᠮᠴᠢ ᠴᠢᠨᠠᠷ ᠢᠶᠠᠨ ᠴᠢᠩᠭᠠᠳᠬᠠᠨ᠂ ᠴᠢᠳᠠᠪᠤᠷᠢ ᠪᠠᠨ ᠳᠡᠭᠡᠭᠰᠢᠯᠡᠭᠦᠯᠵᠦ᠂ ᠤᠨᠤᠯ ᠪᠠ ᠲᠦᠷᠦ ᠶᠢᠨ ᠪᠣᠳᠣᠯᠭ᠎ᠠ  ᠶᠢᠨ ᠰᠤᠷᠤᠯᠴᠠᠯᠭ᠎ᠠ ᠪᠠᠨ ᠦᠨᠡᠨᠬᠦ ᠴᠢᠩᠭᠠᠳᠬᠠᠵᠤ᠂ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠲᠤᠯᠭᠠᠮ᠎ᠠ ᠰᠡᠳᠬᠢᠯᠭᠡ ᠪᠠᠨ ᠳᠡᠭᠡᠭᠰᠢᠯᠡᠭᠦᠯᠵᠦ᠂ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠬᠤ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠬᠤ ᠬᠡᠷᠡᠭᠲᠡᠢ᠃ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠦᠢᠯᠡᠳᠦᠯ ᠢ ᠭᠦᠢᠴᠡᠳ ᠪᠠᠳᠠᠷᠠᠭᠤᠯᠤᠨ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠤᠯᠠᠮ ᠨᠢᠭᠡ ᠠᠯᠬᠤᠮ ᠪᠠᠲᠤᠳᠬᠠᠵᠤ᠂ ᠤᠯᠠᠨ ᠲᠦᠮᠡᠨ ᠢ ᠳᠠᠭᠠᠭᠤᠯᠤᠨ ᠴᠢᠨᠠᠭᠡᠯᠢᠭᠵᠢᠵᠦ ᠂ ᠨᠡᠶᠢᠭᠡᠮ ᠤᠨ ᠲᠣᠭᠲᠠᠭᠤᠨ ᠪᠠᠶᠢᠳᠠᠯ ᠢ ᠬᠠᠮᠠᠭᠠᠯᠠᠵᠤ᠂ ᠭᠠᠴᠠᠭ᠎ᠠ ᠨᠡᠶᠢᠭᠡᠮ ᠲᠤᠭᠤᠷᠢᠭ ᠤᠨ ᠦᠨᠳᠦᠰᠦᠲᠡᠨ ᠤ ᠠᠵᠢᠯ ᠤᠨ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ᠂ ᠦᠨᠳᠦᠰᠦᠨ ᠱᠠᠲᠤᠨ ᠤ ᠦᠨᠳᠦᠰᠦᠲᠡᠨ ᠤ ᠠᠵᠢᠯ ᠢ ᠦᠨᠡᠨᠬᠦ ᠴᠢᠩᠭᠠᠳᠬᠠᠬᠤ ᠬᠡᠷᠡᠭᠲᠡᠢ᠃ ︽ᠨᠢᠭᠡᠳᠦᠮᠡᠯ ᠹᠷᠣᠨᠲ ᠤᠨ ᠦᠷᠦᠭᠡ︾  ᠶᠢᠨ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠤᠯᠠᠮ ᠨᠢᠭᠡ ᠠᠯᠬᠤᠮ ᠴᠢᠩᠭᠠᠳᠬᠠᠵᠤ᠂  ᠲᠦᠯᠦᠪᠯᠡᠭᠡ ᠲᠠᠢ ᠰᠤᠳᠤᠯᠤᠨ᠂ ᠨᠢᠭᠡᠳᠦᠮᠡᠯ ᠹᠷᠣᠨᠲ ᠤᠨ ᠠᠵᠢᠯ ᠤᠨ ᠤᠬᠠᠭᠤᠯᠭ᠎ᠠ  ᠰᠤᠷᠳᠠᠯᠴᠢᠯᠠᠭ᠎ᠠ᠂ ᠨᠡᠷᠡᠳᠤ ᠲᠡᠮᠳᠡᠭ ᠢ ᠡᠭᠦᠳᠬᠦ᠂ ᠨᠥᠬᠦᠷᠯᠡᠨ ᠰᠣᠯᠢᠯᠴᠠᠬᠤ ᠶᠢ ᠨᠢᠭᠡ ᠴᠣᠭᠴᠠᠵᠢᠭᠤᠯᠤᠭᠰᠠᠨ ᠨᠢᠭᠡᠳᠦᠮᠡᠯ ᠹᠷᠣᠨᠲ ᠤᠨ ᠠᠵᠢᠯ ᠤᠨ ᠰᠢᠨ᠎ᠡ ᠶᠢ ᠡᠭᠦᠳᠬᠦ ᠲᠠᠪᠴᠠᠩ ᠢ ᠬᠦᠴᠦᠯᠡᠨ ᠪᠠᠶᠢᠭᠤᠯᠵᠤ᠂ ᠰᠤᠷᠤᠯᠴᠠᠯᠭ᠎ᠠ ᠬᠥᠮᠦᠵᠢᠯ᠂ ᠰᠠᠶᠢᠨ ᠳᠤᠷ᠎ᠠ ᠶᠢᠨ ᠦᠢᠯᠡᠴᠢᠯᠡᠭᠡ ᠶᠢ ᠪᠠᠶᠢᠩᠭᠤᠵᠢᠭᠤᠯᠬᠤ ᠪᠠᠷ ᠳᠠᠮᠵᠢᠭᠤᠯᠤᠨ᠂ ᠬᠥᠮᠥᠰ ᠤᠨ ᠰᠡᠳᠬᠢᠯ ᠢ ᠨᠢᠭᠡᠳᠭᠡᠨ᠂ ᠬᠦᠴᠦᠨ ᠢ ᠨᠢᠭᠲᠠᠷᠠᠭᠤᠯᠬᠤ ᠦᠢᠯᠡᠳᠦᠯ ᠢ ᠪᠠᠳᠠᠷᠠᠭᠤᠯᠵᠤ᠂ ︽ᠨᠢᠭᠡᠳᠦᠮᠡᠯ ᠹᠷᠣᠨᠲ ᠤᠨ ᠦᠷᠦᠭᠡ︾ ᠪᠠᠷ ︽ ᠬᠠᠮᠳᠤᠷᠠᠬᠰᠠᠨ ᠬᠦᠴᠦᠨ︾ ᠢ ᠨᠢᠭᠲᠠᠷᠠᠭᠤᠯᠵᠤ᠂ ᠨᠢᠭᠡᠳᠦᠮᠡᠯ ᠹᠷᠣᠨᠲ ᠤᠨ ᠠᠵᠢᠯ ᠤᠨ ᠪᠣᠳᠠᠲᠤ ᠦᠷ᠎ᠡ ᠪᠦᠲᠦᠮᠵᠢ ᠶᠢ ᠤᠯᠠᠮ ᠨᠢᠭᠡ ᠠᠯᠬᠤᠮ ᠲᠡᠭᠡᠭᠰᠢᠯᠡᠭᠦᠯᠬᠦ ᠬᠡᠷᠡᠭᠲᠡᠢ᠃
 
ᠢᠷᠡᠯᠲᠡ᠄ ᠤᠯᠢᠶᠠᠰᠣᠲᠠᠢ ᠪᠠᠯᠭᠠᠰᠤ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号