ᠪᠥᠬᠦ ᠬᠤᠰᠢᠭᠤᠨ ᠤ ᠬᠦᠨᠳᠦ ᠶᠡᠭᠡ ᠠᠳᠡᠯ ᠤᠨ ᠳᠠᠯᠳᠠ ᠬᠡᠮ ᠢ ᠲᠤᠰᠬᠠᠶ ᠪᠠᠶᠢᠴᠠᠭᠠᠨ ᠴᠡᠭᠴᠡᠯᠡᠬᠦ ᠠᠵᠢᠯᠯᠠᠭ᠎ᠠ ᠶᠢᠨ ᠪᠠᠶᠢᠷᠢᠯᠠᠭᠤᠯᠤᠯᠲᠠ ᠶᠢᠨ ᠬᠤᠷᠠᠯ ᠵᠢᠴᠢ ᠬᠤᠰᠢᠭᠤ ᠠᠶᠤᠯᠭᠦᠶ ᠦᠶᠯᠡᠳᠪᠦᠷᠢᠯᠡᠯ ᠤᠨ ᠵᠥᠪᠯᠡᠯ ᠤᠨ 2023 ᠣᠨ ᠤ ᠲᠠᠪᠤᠳᠤᠭᠠᠷ ᠤᠳᠠᠭᠠᠨ ᠤ ᠠᠶᠤᠯᠭᠦᠶ ᠦᠶᠯᠡᠳᠪᠦᠷᠢᠯᠡᠯ ᠤᠨ ᠠᠵᠢᠯ ᠤᠨ ᠡᠭᠡᠯᠵᠢᠳᠤ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2023/5/31
      5 ᠰᠠᠷ᠎ᠠ ᠶᠢᠨ 19 ᠤ ᠡᠳᠦᠷ᠂ ᠮᠠᠨ ᠤ ᠬᠤᠰᠢᠭᠤ ᠪᠥᠬᠦ ᠬᠤᠰᠢᠭᠤᠨ ᠤ ᠬᠦᠨᠳᠦ ᠶᠡᠭᠡ ᠠᠳᠡᠯ ᠤᠨ ᠳᠠᠯᠳᠠ ᠬᠡᠮ ᠢ ᠲᠤᠰᠬᠠᠶ ᠪᠠᠶᠢᠴᠠᠭᠠᠨ ᠴᠡᠭᠴᠡᠯᠡᠬᠦ ᠠᠵᠢᠯᠯᠠᠭ᠎ᠠ ᠶᠢᠨ ᠪᠠᠶᠢᠷᠢᠯᠠᠭᠤᠯᠤᠯᠲᠠ ᠶᠢᠨ ᠬᠤᠷᠠᠯ ᠵᠢᠴᠢ ᠬᠤᠰᠢᠭᠤ ᠠᠶᠤᠯᠭᠦᠶ ᠦᠶᠯᠡᠳᠪᠦᠷᠢᠯᠡᠯ ᠤᠨ ᠵᠥᠪᠯᠡᠯ ᠤᠨ 2023 ᠣᠨ ᠤ  ᠲᠠᠪᠤᠳᠤᠭᠠᠷ ᠤᠳᠠᠭᠠᠨ ᠤ ᠠᠶᠤᠯᠭᠦᠶ ᠦᠶᠯᠡᠳᠪᠦᠷᠢᠯᠡᠯ ᠤᠨ ᠠᠵᠢᠯ ᠤᠨ ᠡᠭᠡᠯᠵᠢᠲᠦ ᠬᠤᠷᠠᠯ ᠬᠤᠷᠠᠯᠳᠤᠭᠤᠯᠵᠤ᠂ ᠤᠯᠤᠰ᠂ ᠥᠪᠡᠷᠲᠡᠭᠡᠨ ᠵᠠᠰᠠᠬᠤ ᠣᠷᠣᠨ ᠪᠠ ᠠᠶᠢᠮᠠᠭ ᠤᠨ ᠨᠠᠮ ᠤᠨ ᠬᠤᠷᠢᠶᠠᠨ ᠤ ᠵᠠᠬᠢᠷᠭ᠎ᠠ ᠶᠢᠨ ᠬᠤᠯᠪᠣᠭᠳᠠᠯ ᠪᠥᠬᠦᠶ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠵᠤ᠂ ᠪᠥᠬᠦ ᠬᠤᠰᠢᠭᠤᠨ ᠤ ᠣᠳᠣᠬᠠᠨ ᠤ ᠠᠶᠤᠯᠭᠦᠶ ᠦᠶᠯᠡᠳᠪᠦᠷᠢᠯᠡᠯ ᠤᠨ ᠠᠵᠢᠯ ᠢ ᠥᠷᠨᠢᠭᠦᠯᠦᠭᠰᠡᠨ ᠪᠠᠶᠢᠳᠠᠯ ᠢ ᠮᠡᠳᠡᠭᠳᠡᠵᠦ᠂ ᠪᠥᠬᠦ ᠬᠤᠰᠢᠭᠤᠨ ᠤ ᠠᠶᠤᠯᠭᠦᠶ ᠦᠶᠯᠡᠳᠪᠦᠷᠢᠯᠡᠯ ᠤᠨ ᠠᠵᠢᠯ ᠢ ᠲᠣᠬᠢᠷᠠᠭᠤᠯᠤᠨ ᠪᠠᠶᠢᠷᠢᠯᠠᠭᠤᠯᠵᠤ᠂ ᠬᠤᠯᠪᠣᠭᠳᠠᠯ ᠪᠥᠬᠦᠶ ᠬᠡᠷᠡᠭᠵᠢᠭᠦᠯᠬᠦ ᠲᠥᠰᠦᠯ ᠤᠨ ᠲᠠᠶᠢᠯᠤᠮᠵᠢ ᠬᠢᠪᠠ᠃ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤ ᠳᠠᠷᠤᠭ᠎ᠠ ᠵᠧᠦ ᠢᠦᠢ ᠯᠦᠩ ᠬᠤᠷᠠᠯ ᠢ ᠡᠷᠬᠢᠯᠡᠨ ᠶᠠᠷᠢᠶ᠎ᠠ ᠲᠠᠯᠪᠢᠵᠤ᠂ ᠳᠡᠳ᠋ ᠬᠤᠰᠢᠭᠤ ᠳᠠᠷᠤᠭ᠎ᠠ ᠶᠣᠣ ᠬᠠᠶ ᠰᠢᠶᠠ ᠬᠤᠷᠠᠯ ᠳᠤ  ᠤᠷᠤᠯᠴᠠᠵᠠᠢ᠃      ᠡᠯ᠎ᠡ ᠰᠤᠮᠤ ᠪᠠᠯᠭᠠᠰᠤᠨ ᠤ ᠵᠠᠰᠠᠭ ᠤᠨ ᠣᠷᠳᠣᠨ ᠤ ᠭᠤᠤᠯ ᠤᠳᠤᠷᠢᠳᠤᠯᠭ᠎ᠠ᠂ ᠬᠤᠰᠢᠭᠤ ᠠᠶᠤᠯᠭᠦᠶ ᠦᠶᠯᠡᠳᠪᠦᠷᠢᠯᠡᠯ ᠤᠨ ᠵᠥᠪᠯᠡᠯ ᠤᠨ ᠪᠦᠷᠢᠯᠳᠦᠬᠦᠨ ᠨᠢᠭᠡᠴᠡ ᠶᠢᠨ ᠭᠤᠤᠯ ᠬᠠᠷᠢᠭᠤᠴᠠᠯᠭᠠᠲᠠᠨ᠂ ᠡᠯ᠎ᠡ ᠭᠤᠤᠯᠳᠠᠯᠭ᠎ᠠ  ᠲᠠᠢ ᠠᠵᠤ ᠠᠬᠤᠶᠢᠯᠠᠯ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃      ᠬᠤᠷᠠᠯ ᠠᠴᠠ ᠴᠢᠬᠤᠯᠠᠴᠢᠯᠠᠬᠤ ᠳᠠᠭᠠᠨ᠂ ᠪᠥᠬᠦ ᠬᠤᠰᠢᠭᠤ ᠪᠠᠷ ᠢᠶᠠᠨ ᠤᠯᠤᠰ ᠲᠥᠷᠥ ᠶᠢᠨ ᠵᠣᠭᠰᠣᠴᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠣᠶᠢᠷ᠎ᠠ ᠶᠢᠨ ᠬᠤᠭᠤᠴᠠᠭᠠᠨ ᠳᠤ ᠤᠯᠤᠰ ᠤᠨ ᠳᠣᠲᠣᠭᠠᠳᠤ ᠭᠠᠳᠠᠭᠠᠳᠤ  ᠳᠤ ᠭᠠᠷᠤᠭᠰᠠᠨ ᠬᠦᠨᠳᠦ ᠶᠡᠭᠡ ᠠᠳᠡᠯ ᠠᠴᠠ ᠭᠦᠨᠵᠡᠭᠡᠶ ᠰᠤᠷᠭᠠᠮᠵᠢ ᠠᠪᠴᠤ᠂  ᠠᠶᠦᠯᠭᠦᠢ ᠦᠶᠯᠡᠳᠪᠦᠷᠢᠯᠡᠯ ᠤᠨ ᠤᠯᠤᠰ ᠲᠥᠷᠥ ᠶᠢᠨ ᠬᠠᠷᠢᠭᠤᠴᠠᠯᠭ᠎ᠠ ᠶᠢ ᠡᠷᠡᠰ ᠡᠭᠦᠷᠭᠡᠯᠡᠵᠦ᠂ ᠠᠶᠦᠯᠭᠦᠢ ᠦᠶᠯᠡᠳᠪᠦᠷᠢᠯᠡᠯ ᠤᠨ ᠡᠨᠡ ᠬᠦ ᠬᠥᠪᠴᠢ  ᠶᠢ ᠴᠠᠭ ᠢᠮᠠᠭᠲᠠ ᠴᠢᠩᠭᠠᠯᠠᠵᠤ᠂ ᠰᠤᠯᠠᠷᠠᠨ ᠲᠠᠶᠢᠪᠤᠰᠢᠷᠠᠬᠤ ᠪᠠ ᠭᠤᠷᠢᠳᠠᠬᠤ ᠰᠡᠳᠬᠢᠴᠡ ᠶᠢ ᠲᠡᠪᠴᠢᠵᠦ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ᠂ ᠬᠠᠷᠠᠯᠲᠠ ᠪᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠬᠤᠷᠢᠭ᠎ᠠ ᠱᠤᠭᠤᠮ ᠤᠨ ᠰᠡᠳᠬᠢᠬᠦᠶ ᠶᠢ ᠪᠠᠬᠢᠵᠢᠭᠦᠯᠵᠦ᠂ ᠠᠶᠤᠯ ᠲᠦᠭᠰᠢᠭᠦᠷᠢ ᠶᠢᠨ ᠤᠬᠠᠮᠰᠠᠷ ᠢ ᠴᠢᠩᠭᠠᠳᠬᠠᠵᠤ᠂ ᠬᠦᠨᠳᠦ ᠶᠡᠭᠡ ᠠᠳᠡᠯ ᠤᠨ ᠬᠡᠮ ᠰᠣᠭᠤᠭ ᠢ ᠲᠤᠰᠬᠠᠶ  ᠪᠠᠶᠢᠴᠠᠭᠠᠨ ᠴᠡᠭᠴᠡᠯᠡᠬᠦ 2023 ᠠᠵᠢᠯᠯᠠᠭ᠎ᠠ ᠶᠢ ᠯᠠᠪᠳᠠᠭᠤᠨ ᠪᠠᠲᠤᠲᠠᠶ ᠥᠷᠨᠢᠭᠦᠯᠵᠦ᠂ ᠠᠶᠦᠯᠭᠦᠢ ᠦᠶᠯᠡᠳᠪᠦᠷᠢᠯᠡᠯ ᠤᠨ ᠬᠤᠷᠢᠭ᠎ᠠ ᠱᠤᠭᠤᠮ ᠢ ᠪᠠᠲᠤ ᠰᠠᠬᠢᠵᠤ᠂ ᠴᠢᠨᠠᠷ ᠰᠠᠶᠢᠲᠠᠶ ᠠᠮᠤᠷ ᠲᠦᠪᠰᠢᠨ ᠢᠶᠠᠷ ᠴᠢᠨᠠᠷ ᠰᠠᠶᠢᠲᠠᠶ ᠬᠥᠭᠵᠢᠯᠲᠡ ᠶᠢ ᠬᠠᠮᠠᠭᠠᠯᠠᠬᠤ ᠬᠡᠷᠡᠭᠲᠡᠶ ᠭᠡᠵᠡᠢ᠃      ᠬᠤᠷᠠᠯ ᠠᠴᠠ ᠱᠠᠭᠠᠷᠳᠠᠬᠤ ᠳᠠᠭᠠᠨ᠂ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ︽ᠪᠥᠬᠦ ᠬᠤᠰᠢᠭᠤᠨ ᠤ ᠬᠦᠨᠳᠦ ᠶᠡᠭᠡ ᠠᠳᠡᠯ ᠤᠨ ᠬᠡᠮ ᠰᠣᠭᠤᠭ ᠢ ᠲᠤᠰᠬᠠᠶ ᠪᠠᠶᠢᠴᠠᠭᠠᠨ ᠴᠡᠭᠴᠡᠯᠡᠬᠦ 2023 ᠠᠵᠢᠯᠯᠠᠭ᠎ᠠ ᠶᠢᠨ ᠬᠡᠷᠡᠭᠵᠢᠭᠦᠯᠬᠦ ᠲᠥᠰᠦᠯ︾ ᠤᠨ ᠱᠠᠭᠠᠷᠳᠠᠯᠭ᠎ᠠ ᠶᠣᠰᠣᠭᠠᠷ᠂ ︽ᠭᠤᠷᠪᠠᠨ ᠳᠠᠪᠬᠤᠷᠭ᠎ᠠ︾  ︽ᠳᠥᠷᠪᠡᠨ ᠲᠣᠪᠣᠶᠢᠮ᠎ᠠ ︾ ᠠᠵᠢᠯ ᠤᠨ ᠭᠤᠤᠯᠳᠠᠯᠭ᠎ᠠ ᠪᠠ ᠭᠤᠤᠯ ᠰᠢᠵᠢᠮ ᠲᠠᠢ ᠨᠢᠭᠲᠠ ᠤᠶᠠᠯᠳᠤᠭᠤᠯᠤᠨ᠂ ᠪᠠᠶᠢᠴᠠᠭᠠᠨ ᠴᠡᠭᠴᠡᠯᠡᠬᠦ ᠠᠵᠢᠯ  ᠢ ᠦᠳᠲᠡᠷ ᠲᠦᠷᠭᠡᠨ ᠵᠣᠬᠢᠶᠠᠨ ᠪᠠᠶᠢᠭᠤᠯᠤᠨ ᠥᠷᠨᠢᠭᠦᠯᠵᠦ᠂  ︽ᠰᠡᠷᠭᠡᠶᠢᠯᠡᠬᠦ︾ ᠠᠵᠢᠯ ᠢ ᠦᠨᠡᠨᠬᠦ ᠤᠷᠢᠳᠠᠪᠠᠷ ᠬᠢᠵᠦ᠂ ᠲᠤᠭᠤᠰᠢᠲᠠᠶ ᠬᠢᠵᠦ᠂ ᠭᠦᠶᠴᠡᠳ ᠬᠢᠬᠦ ᠬᠡᠷᠡᠭᠲᠡᠶ᠃ ᠵᠢᠭᠰᠠᠭᠠᠨ ᠪᠠᠶᠢᠴᠠᠭᠠᠭᠠᠳ ᠭᠠᠷᠤᠭᠰᠠᠨ ᠳᠠᠯᠳᠠ ᠭᠡᠮ  ᠤᠨ ᠠᠰᠠᠭᠤᠳᠠᠯ ᠳᠤ ᠨᠠᠷᠢᠨ ᠳᠠᠩᠰᠠ ᠶᠢ ᠨᠢᠭᠡᠳ ᠨᠢᠭᠡ ᠪᠠᠷ ᠵᠢᠭᠰᠠᠭᠠᠨ ᠭᠠᠷᠭᠠᠵᠤ᠂ ᠡᠬᠡ ᠳᠠᠩᠰᠠ ᠪᠠᠶᠢᠭᠤᠯᠤᠨ᠂ ᠴᠡᠭᠴᠡᠯᠡᠨ ᠰᠠᠶᠢᠵᠢᠷᠠᠭᠤᠯᠬᠤ ᠲᠥᠰᠦᠯ ᠲᠣᠭᠲᠠᠭᠠᠵᠤ᠂ ᠲᠦᠯᠬᠢᠨ ᠠᠬᠢᠭᠤᠯᠬᠤ ᠴᠠᠭ ᠬᠤᠭᠤᠴᠠᠭ᠎ᠠ ᠶᠢ ᠲᠣᠳᠣᠷᠬᠠᠶᠢᠯᠠᠨ᠂  ᠪᠢᠲᠡᠭᠦᠮᠵᠢᠯᠡᠵᠦ ᠪᠠᠶᠢᠴᠠᠭᠠᠨ ᠴᠡᠭᠴᠡᠯᠡᠬᠦ᠂ ᠪᠢᠲᠡᠭᠦᠮᠵᠢᠯᠡᠵᠦ ᠴᠡᠭᠴᠡᠯᠡᠨ ᠰᠠᠶᠢᠵᠢᠷᠠᠭᠤᠯᠬᠤ᠂ ᠪᠢᠲᠡᠭᠦᠮᠵᠢᠯᠡᠵᠦ ᠨᠠᠶᠢᠳᠠᠪᠤᠷᠢᠵᠢᠭᠤᠯᠬᠤ ᠶᠢ ᠦᠨᠡᠨᠬᠦ ᠪᠠᠲᠤᠯᠠᠬᠤ ᠬᠡᠷᠡᠭᠲᠡᠶ᠃ ᠱᠠᠭᠠᠷᠳᠠᠨ ᠪᠠᠶᠢᠴᠠᠭᠠᠬᠤ ᠪᠠ ᠬᠠᠤᠯᠢ ᠬᠡᠷᠡᠭᠵᠢᠭᠦᠯᠬᠦ ᠡᠷᠴᠢᠮ ᠢᠶᠠᠨ ᠤᠯᠠᠮ ᠨᠢᠭᠡ ᠠᠯᠬᠤᠮ ᠴᠢᠩᠭᠠᠷᠠᠭᠤᠯᠵᠤ᠂ ᠬᠠᠷᠢᠭᠤᠴᠠᠯᠭ᠎ᠠ ᠨᠡᠬᠡᠮᠵᠢᠯᠡᠬᠦ ᠶᠢ ᠴᠢᠩᠭᠠᠷᠠᠭᠤᠯᠤᠨ᠂ ᠬᠦᠨᠳᠦ ᠶᠡᠭᠡ ᠠᠳᠡᠯ ᠤᠨ ᠳᠠᠯᠳᠠ ᠭᠡᠮ ᠢ ᠰᠢᠰᠲ᠋ᠧᠮ ᠲᠠᠢ ᠪᠠᠷ ᠵᠠᠰᠠᠬᠤ ᠶᠢ ᠦᠨᠡᠨᠬᠦ ᠪᠠᠲᠤᠯᠠᠵᠤ᠂ ᠬᠦᠨᠳᠦ ᠶᠡᠭᠡ ᠲᠦᠭᠰᠢᠭᠦᠷᠢ ᠶᠢ ᠬᠠᠮᠢᠶᠠᠷᠤᠨ ᠡᠵᠡᠮᠳᠡᠬᠦ ᠠᠵᠢᠯ ᠳᠤ ᠢᠯᠡᠷᠬᠡᠶ ᠦᠷ᠎ᠡ ᠪᠦᠲᠦᠮᠵᠢ ᠣᠯᠬᠤ ᠬᠡᠷᠡᠭᠲᠡᠶ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠴᠢᠩᠭᠠᠳᠬᠠᠵᠤ᠂ ᠠᠵᠤ ᠠᠬᠤᠶᠢᠯᠠᠯ ᠪᠦᠬᠦ ᠠᠵᠢᠯᠲᠠᠳ ᠤᠨ ᠠᠶᠤᠯᠭᠦᠢ ᠦᠢᠯᠡᠳᠪᠦᠷᠢᠯᠡᠯ ᠤᠨ ᠠᠵᠢᠯ ᠤᠨ ᠪᠠᠶᠢᠷᠢ  ᠶᠢᠨ ᠬᠠᠷᠢᠭᠤᠴᠠᠯᠭ᠎ᠠ ᠶᠢ ᠴᠢᠩᠭ᠎ᠠ ᠪᠣᠳᠠᠲᠠᠢ ᠨᠠᠶᠢᠳᠠᠪᠤᠷᠢᠵᠢᠭᠤᠯᠵᠤ᠂ ᠠᠶᠤᠯᠭᠦᠢ ᠦᠢᠯᠡᠳᠪᠦᠷᠢᠯᠡᠯ ᠤᠨ ᠡᠯ᠎ᠡ ᠵᠦᠢᠯ  ᠤᠨ ᠠᠷᠭ᠎ᠠ ᠬᠡᠮᠵᠢᠶ᠎ᠡ ᠶᠢ ᠴᠢᠩᠭ᠎ᠠ ᠨᠢᠮᠪᠠᠢ ᠨᠠᠶᠢᠳᠠᠪᠤᠷᠢᠵᠢᠭᠤᠯᠵᠤ᠂ ᠠᠵᠤ ᠠᠬᠤᠢ ᠶᠢᠨ ᠬᠥᠭᠵᠢᠯᠲᠡ ᠪᠣᠯᠤᠨ ᠠᠶᠤᠯᠭᠦᠢ ᠦᠢᠯᠡᠳᠪᠦᠷᠢᠯᠡᠯ ᠤᠨ ᠡᠯ᠎ᠡ ᠵᠦᠢᠯ ᠤᠨ ᠠᠵᠢᠯ ᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠠᠳᠬᠤᠵᠤ᠂ ᠪᠦᠬᠦ ᠬᠤᠰᠢᠭᠤᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠠᠮᠤᠷ ᠲᠦᠪᠰᠢᠨ ᠲᠣᠭᠲᠠᠭᠤᠨ ᠶᠡᠭᠡ ᠣᠷᠴᠢᠨ ᠲᠣᠭᠤᠷᠢᠨ ᠢ ᠬᠠᠩᠭᠠᠬᠤ ᠬᠡᠷᠡᠭᠲᠡᠢ ᠭᠡᠪᠡ᠃
 
ᠢᠷᠡᠯᠲᠡ᠄ ᠵᠡᠬᠦᠨ ᠦᠵᠦᠮᠦᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号