ᠮᠠᠨ ᠤ ᠬᠤᠰᠢᠭᠤ ᠭᠤᠤᠯ ᠰᠡᠳᠦᠪᠲᠦ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠦᠷᠨᠢᠭᠦᠯᠪᠡ
ᠨᠡᠶᠢᠲᠡᠯᠡᠭᠰᠡᠨ ᠴᠠᠭ᠄
2023/5/31
      ᠰᠢ ᠶᠢᠨ ᠫᠢᠩ ᠤᠨ ᠠᠮᠢ ᠠᠬᠤᠶ ᠶᠢᠨ ᠪᠣᠯᠪᠠᠰᠤᠨ ᠤ ᠦᠵᠡᠯ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠣᠯᠠᠨ ᠨᠡᠶᠢᠲᠡ ᠶᠢᠨ ᠠᠮᠢᠳᠤ ᠪᠣᠳᠠᠰ ᠤᠨ ᠣᠯᠠᠨ ᠶᠠᠩᠵᠤᠲᠤ ᠴᠢᠨᠠᠷ ᠢ ᠬᠠᠮᠠᠭᠠᠯᠠᠬᠤ ᠤᠬᠠᠮᠰᠠᠷ ᠢ ᠴᠢᠩᠭᠠᠳᠬᠠᠬᠤ ᠶᠢᠨ ᠲᠥᠯᠥᠭᠡ᠂ ︽5·22 ᠣᠯᠠᠨ ᠤᠯᠤᠰ ᠤᠨ ᠠᠮᠢᠳᠤ ᠪᠣᠳᠠᠰ ᠤᠨ ᠣᠯᠠᠨ ᠶᠠᠩᠵᠤᠲᠤ ᠴᠢᠨᠠᠷ ᠤᠨ ᠡᠳᠦᠷ︾ ᠬᠦᠷᠴᠦ ᠢᠷᠡᠬᠦ ᠲᠠᠰᠢᠷᠠᠮ ᠳᠤ᠂ ᠬᠤᠰᠢᠭᠤ ᠣᠶᠤᠨ ᠤ ᠪᠣᠯᠪᠠᠰᠤᠨ ᠤ ᠪᠠᠶᠢᠭᠤᠯᠤᠯᠲᠠ ᠶᠢᠨ ᠠᠯᠪᠠᠨ ᠭᠡᠷ ᠨᠢ ᠬᠤᠰᠢᠭᠤ ᠰᠢᠨ᠎ᠡ ᠴᠠᠭ ᠦᠶ᠎ᠡ ᠶᠢᠨ ᠪᠣᠯᠪᠠᠰᠤᠨ ᠦᠶᠯᠡᠳᠦᠯᠭᠡ ᠶᠢᠨ ᠦᠶᠯᠡᠴᠢᠯᠡᠭᠡᠨ ᠤ ᠲᠥᠪ᠂ ᠰᠢᠯᠢ ᠶᠢᠨ ᠭᠤᠤᠯ ᠠᠶᠢᠮᠠᠭ ᠤᠨ ᠠᠮᠢ ᠠᠬᠤᠶ ᠣᠷᠴᠢᠨ ᠲᠣᠭᠤᠷᠢᠨ ᠤ ᠲᠣᠪᠴᠢᠶ᠎ᠠ ᠶᠢᠨ ᠵᠡᠭᠦᠨ ᠦᠵᠦᠮᠦᠴᠢᠨ ᠬᠤᠰᠢᠭᠤᠨ ᠤ ᠬᠤᠪᠢᠶᠠᠷᠢ ᠲᠣᠪᠴᠢᠶ᠎ᠠ ᠲᠠᠢ ᠬᠠᠮᠳᠤᠷᠠᠨ ᠭᠤᠤᠯ ᠰᠡᠳᠦᠪᠲᠦ ᠰᠠᠶᠢᠨ ᠳᠤᠷ᠎ᠠ  ᠶᠢᠨ ᠦᠶᠯᠡᠴᠢᠯᠡᠭᠡᠨ ᠤ ᠠᠵᠢᠯᠯᠠᠭ᠎ᠠ ᠥᠷᠨᠢᠭᠦᠯᠪᠡ᠃ ᠪᠦᠬᠦ ᠬᠤᠰᠢᠭᠤᠨ ᠤ ᠡᠯ᠎ᠡ ᠱᠠᠲᠤᠨ ᠤ ᠪᠣᠯᠪᠠᠰᠤᠨ ᠨᠢᠭᠡᠴᠡ ᠵᠢᠴᠢ ᠬᠤᠯᠪᠣᠭᠳᠠᠯ ᠪᠦᠬᠦᠢ ᠨᠡᠶᠢᠭᠡᠮ ᠤᠨ ᠨᠡᠶᠢᠲᠡ ᠶᠢᠨ ᠠᠰᠠᠷᠠᠮᠵᠢ ᠶᠢᠨ ᠵᠣᠬᠢᠶᠠᠨ ᠪᠠᠶᠢᠭᠤᠯᠤᠯᠲᠠ ᠶᠢᠨ ᠰᠠᠶᠢᠨ ᠳᠤᠷᠠᠴᠤᠳ ᠵᠡᠷᠭᠡ ᠵᠠᠭᠤᠭᠠᠳ ᠬᠥᠮᠦᠨ ᠠᠵᠢᠯᠯᠠᠭ᠎ᠠ ᠳᠤ  ᠤᠷᠤᠯᠴᠠᠵᠠᠢ᠃      ᠦᠳᠡ ᠶᠢᠨ ᠡᠮᠦᠨ᠎ᠡ ᠶᠢᠨ ᠶᠢᠰᠦᠨ ᠴᠠᠭ ᠲᠤ᠂ ᠰᠠᠶᠢᠨ ᠳᠤᠷᠠᠴᠤᠳ ᠤᠯᠢᠶᠠᠰᠤᠲᠠᠢ ᠪᠠᠯᠭᠠᠰᠤᠨ ᠠᠴᠠ ᠶᠠᠪᠠᠭᠠᠨ ᠢᠶᠠᠷ ᠳᠤᠯᠤᠳ ᠨᠠᠭᠤᠷ ᠲᠤ ᠬᠦᠷᠴᠦ᠂ ᠵᠠᠮ ᠵᠠᠭᠤᠷ᠎ᠠ ᠣᠯᠠᠨ ᠢᠶᠠᠷ ᠢᠶᠠᠨ ᠵᠠᠮ ᠳᠠᠭᠠᠤ ᠶᠢᠨ ᠬᠤᠭ ᠨᠣᠪᠰᠢ  ᠶᠢ ᠴᠡᠪᠡᠷᠯᠡᠵᠦ᠂ ᠪᠣᠳᠠᠲᠤ ᠠᠵᠢᠯᠯᠠᠭ᠎ᠠ ᠪᠠᠷ ᠢᠶᠠᠨ ᠪᠣᠯᠪᠠᠰᠤᠨ ᠡᠷᠡᠭᠦᠯ ᠴᠢᠭᠢᠷᠠᠭ᠂ ᠪᠣᠬᠢᠷᠲᠤᠯ ᠥᠬᠡᠶ ᠣᠷᠴᠢᠨ ᠲᠣᠭᠤᠷᠢᠨ ᠢ ᠬᠠᠮᠠᠭᠠᠯᠠᠬᠤ ᠣᠶᠢᠯᠠᠭᠠᠭᠳᠠᠬᠤᠨ ᠢ ᠦᠶᠯᠡᠳᠦᠯᠭᠡᠵᠢᠭᠦᠯᠦᠭᠰᠡᠨ ᠪᠠᠶᠢᠨ᠎ᠠ᠃ ᠬᠤᠰᠢᠭᠤ ᠰᠢᠪᠠᠭᠤᠨ ᠤ ᠲᠥᠷᠥᠯ ᠢ ᠬᠠᠮᠠᠭᠠᠯᠠᠬᠤ ᠨᠡᠶᠢᠭᠡᠮᠯᠢᠭ ᠤᠨ ᠰᠠᠶᠢᠨ ᠳᠤᠷᠠᠴᠤᠳ ᠵᠠᠩ ᠰᠢᠨ ᠬᠤᠸᠠ ᠲᠤᠬᠠᠶ ᠶᠢᠨ ᠲᠠᠯᠠᠪᠠᠶ ᠳᠤ ᠰᠢᠪᠠᠭᠤᠨ ᠤ ᠲᠥᠷᠥᠯ ᠤᠨ ᠬᠡᠷᠡᠯ ᠵᠢᠷᠤᠭ ᠢᠶᠠᠨ ᠳᠡᠯᠭᠡᠨ ᠦᠵᠡᠭᠦᠯᠵᠦ᠂ ᠰᠢᠪᠠᠭᠤᠨ ᠤ ᠲᠥᠷᠥᠯ ᠢ ᠬᠠᠮᠠᠭᠠᠯᠠᠬᠤ ᠬᠠᠮᠢᠶ᠎ᠠ ᠪᠥᠬᠦᠶ ᠮᠡᠳᠡᠯᠭᠡ ᠶᠢ ᠲᠠᠶᠢᠯᠪᠤᠷᠢᠯᠠᠵᠤ᠂ ᠣᠯᠠᠨ ᠢᠶᠠᠷ ᠢᠶᠠᠨ ᠰᠢᠪᠠᠭᠤᠨ ᠤ ᠲᠥᠷᠥᠯ ᠤᠨ ᠠᠮᠢᠳᠤᠷᠠᠯ ᠤᠨ ᠵᠢᠮ᠎ᠡ ᠶᠣᠰᠣ ᠶᠢ ᠬᠦᠨᠳᠦᠳᠬᠡᠵᠦ᠂ ᠪᠣᠯᠪᠠᠰᠤᠨ ᠢᠶᠠᠷ ᠰᠢᠪᠠᠭᠤ ᠶᠢ ᠰᠤᠨᠢᠷᠬᠠᠨ ᠬᠡᠷᠡᠯ ᠵᠢᠷᠤᠭ ᠠᠪᠬᠤ ᠶᠢ ᠰᠠᠨᠠᠭᠠᠴᠢᠯᠠᠪᠠ᠃ ᠠᠵᠢᠯᠯᠠᠭ᠎ᠠ ᠶᠢᠨ ᠲᠤᠬᠠᠶ ᠶᠢᠨ ᠲᠠᠯᠠᠪᠠᠶ ᠳᠤ᠂ ᠭᠤᠤᠯᠯᠠᠨ ᠡᠷᠭᠢᠯᠡᠭᠰᠡᠨ ᠨᠢᠭᠡᠴᠡ ᠶᠢᠨ ᠬᠠᠮᠢᠶ᠎ᠠ ᠪᠥᠬᠦᠶ ᠬᠠᠷᠢᠭᠤᠴᠠᠯᠭᠠᠲᠠᠨ ᠠᠴᠠ ᠠᠵᠢᠯᠯᠠᠭ᠎ᠠ ᠳᠤ ᠣᠷᠣᠯᠴᠠᠭᠰᠠᠨ ᠡᠯ᠎ᠡ ᠨᠢᠭᠡᠴᠡ ᠵᠢᠴᠢ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠰᠠᠶᠢᠨ ᠳᠤᠷᠠᠴᠤᠳ ᠲᠤ ︽ᠦᠵᠡᠰᠬᠦᠯᠡᠩᠲᠦ ᠰᠠᠶᠢᠬᠠᠨ ᠤᠮᠠᠷᠠᠲᠤ ᠬᠢᠯᠢ ᠪᠣᠯᠪᠠᠰᠤᠨ ᠡᠷᠡᠭᠦᠯ ᠡᠩᠬᠡ ᠲᠠᠯ᠎ᠠ ᠨᠤᠲᠤᠭ ᠤᠨ ᠠᠶᠠᠯᠠᠯ︾ ᠤᠨ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠵᠢᠯᠯᠠᠭ᠎ᠠ  ᠶᠢᠨ ᠰᠠᠨᠠᠭᠠᠴᠢᠯᠠᠭ᠎ᠠ ᠭᠠᠷᠭᠠᠵᠠᠢ᠃ ᠣᠯᠠᠨ ᠢᠶᠠᠷ ᠢᠶᠠᠨ ᠪᠠᠰᠠ ᠬᠠᠮᠢᠶ᠎ᠠ ᠪᠥᠬᠦᠶ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠬᠤ᠂ ᠰᠢᠪᠠᠭᠤᠨ ᠤ ᠲᠥᠷᠥᠯ ᠢ ᠬᠠᠮᠠᠭᠠᠯᠠᠬᠤ ᠰᠡᠷᠡᠮᠵᠢ ᠶᠢᠨ ᠫᠠᠶᠢᠰᠠ ᠲᠣᠬᠢᠷᠠᠭᠤᠯᠬᠤ ᠵᠡᠷᠭᠡ ᠠᠷᠭ᠎ᠠ ᠬᠡᠯᠪᠡᠷᠢ  ᠪᠠᠷ ᠳᠠᠮᠵᠢᠭᠤᠯᠤᠨ ᠠᠮᠢᠳᠤ ᠪᠣᠳᠠᠰ ᠤᠨ ᠣᠯᠠᠨ ᠶᠠᠩᠵᠤᠲᠤ ᠴᠢᠨᠠᠷ᠂ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠠᠤᠯᠢ ᠴᠠᠭᠠᠵᠠ ᠬᠠᠤᠯᠢ ᠲᠣᠭᠲᠠᠭᠠᠯ᠂ ᠨᠡᠭᠦᠳᠡᠯ ᠤᠨ ᠰᠢᠪᠠᠭᠤ ᠶᠢ ᠬᠠᠮᠠᠭᠠᠯᠠᠬᠤ ᠵᠡᠷᠭᠡ ᠬᠠᠮᠢᠶ᠎ᠠ ᠪᠥᠬᠦᠶ ᠮᠡᠳᠡᠯᠭᠡ ᠶᠢ ᠤᠬᠠᠭᠤᠯᠤᠨ ᠲᠦᠭᠡᠮᠡᠯᠵᠢᠭᠦᠯᠵᠦ᠂ ᠨᠡᠶᠢᠭᠡᠮ ᠨᠡᠶᠢᠲᠡ ᠶᠢᠨ ᠠᠮᠢᠳᠤ ᠪᠣᠳᠠᠰ ᠤᠨ ᠣᠯᠠᠨ ᠶᠠᠩᠵᠤᠲᠤ ᠴᠢᠨᠠᠷ ᠢ ᠬᠠᠮᠠᠭᠠᠯᠠᠬᠤ ᠲᠠᠯ᠎ᠠ ᠪᠠᠷ ᠬᠢ ᠠᠩᠬᠠᠷᠤᠯ ᠤᠨ ᠬᠡᠮᠵᠢᠶ᠎ᠡ ᠶᠢ ᠳᠡᠭᠡᠭᠰᠢᠯᠡᠭᠦᠯᠪᠡ᠃      ᠲᠣᠰ ᠤᠳᠠᠭᠠᠨ ᠤ ᠠᠵᠢᠯᠯᠠᠭ᠎ᠠ ᠨᠢ ᠰᠠᠭᠤᠭᠠᠯᠢ ᠠᠷᠠᠳ ᠤᠨ ᠠᠮᠢ ᠠᠬᠤᠶ ᠶᠢᠨ ᠪᠣᠯᠪᠠᠰᠤᠨ ᠤ ᠬᠡᠪ ᠪᠣᠯᠪᠠᠰᠤᠷᠠᠯ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠨᠠᠩ ᠣᠯᠠᠨ ᠬᠥᠮᠦᠨ ᠤ ᠣᠷᠴᠢᠨ ᠲᠣᠭᠤᠷᠢᠨ ᠤ ᠬᠠᠮᠠᠭᠠᠯᠠᠯᠲᠠ ᠶᠢᠨ ᠤᠬᠠᠭᠤᠯᠭ᠎ᠠ ᠪᠠ ᠣᠷᠴᠢᠨ ᠲᠣᠭᠤᠷᠢᠨ ᠤ ᠬᠠᠮᠠᠭᠠᠯᠠᠯᠲᠠ ᠶᠢᠨ ᠦᠶᠯᠡᠳᠦᠯᠭᠡ ᠳᠤ ᠣᠷᠣᠯᠴᠠᠬᠤ  ᠶᠢ ᠬᠥᠲᠥᠯᠦᠨ ᠵᠢᠯᠣᠭᠤᠳᠴᠤ᠂ ᠤᠬᠠᠮᠰᠠᠷ ᠠᠴᠠ ᠪᠠᠨ ᠠᠮᠢᠳᠤ ᠪᠣᠳᠠᠰ ᠤᠨ ᠣᠯᠠᠨ ᠶᠠᠩᠵᠤᠲᠤ ᠴᠢᠨᠠᠷ ᠢ ᠬᠠᠮᠠᠭᠠᠯᠠᠬᠤ᠂ ᠰᠠᠶᠢᠨ ᠰᠠᠶᠢᠬᠠᠨ ᠬᠡᠷ ᠣᠷᠣᠨ ᠢᠶᠠᠨ ᠪᠥᠲᠥᠭᠡᠨ ᠪᠠᠶᠢᠭᠤᠯᠬᠤ ᠳᠤ ᠥᠪᠡᠷ ᠤᠨ ᠴᠢᠷᠮᠠᠶᠢᠯᠭ᠎ᠠ ᠪᠠ ᠬᠤᠪᠢ ᠨᠡᠮᠡᠷᠢ ᠪᠠᠨ ᠦᠵᠡᠭᠦᠯᠵᠦ᠂ ᠮᠠᠨ ᠤ ᠬᠤᠰᠢᠭᠤᠨ ᠤ ᠠᠮᠢ ᠠᠬᠤᠶ ᠶᠢᠨ ᠪᠣᠯᠪᠠᠰᠤᠨ ᠤ ᠪᠥᠲᠥᠭᠡᠨ ᠪᠠᠶᠢᠭᠤᠯᠤᠯᠲᠠ ᠳᠤ ᠬᠦᠴᠦᠨ ᠨᠡᠮᠡᠷᠢᠯᠡᠵᠡᠢ᠃
 
ᠢᠷᠡᠯᠲᠡ᠄ ᠵᠡᠬᠦᠨ ᠦᠵᠦᠮᠦᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号