ᠮᠠᠨ ᠤ ᠬᠤᠰᠢᠭᠤ ︽ᠳᠦᠷᠪᠡᠨ ᠴᠠᠭ ᠤᠨ ᠦᠵᠦᠮᠦᠴᠢᠨ︾ ᠬᠤᠨᠳᠠᠭᠠᠳᠤ ᠠᠯᠠᠭᠠᠳᠠᠬᠤ ᠪᠦᠮᠪᠦᠭᠡᠨ ᠤᠷᠤᠯᠳᠤᠭᠠᠨ ᠡᠷᠬᠢᠯᠡᠨ ᠶᠠᠪᠤᠭᠳᠠᠭᠤᠯᠪᠠ
ᠨᠡᠶᠢᠲᠡᠯᠡᠭᠰᠡᠨ ᠴᠠᠭ᠄
2023/5/31
      ᠪᠥᠬᠦ ᠬᠤᠰᠢᠭᠤᠨ ᠤ ᠰᠣᠶᠣᠯ ᠵᠢᠭᠤᠯᠴᠢᠯᠠᠯ ᠪᠡᠶ᠎ᠡ ᠲᠠᠮᠢᠷ ᠤᠨ ᠠᠵᠤ ᠦᠶᠯᠡᠰ ᠤᠨ ᠬᠥᠭᠵᠢᠯᠲᠡ ᠶᠢ ᠨᠠᠩ ᠰᠠᠶᠢᠲᠤᠷ ᠬᠥᠲᠥᠯᠦᠨ ᠵᠢᠯᠣᠭᠤᠳᠬᠤ ᠪᠠ ᠠᠬᠢᠭᠤᠯᠵᠤ᠂ ᠳᠥᠷᠪᠡᠨ ᠴᠠᠭ ᠤᠨ ᠦᠵᠦᠮᠦᠴᠢᠨ ᠰᠣᠶᠣᠯ ᠵᠢᠭᠤᠯᠴᠢᠯᠠᠯ  ᠤᠨ ᠨᠠᠷᠠᠲᠤ ᠲᠡᠮᠳᠡᠭ ᠤᠨ ᠨᠥᠯᠥᠭᠡᠯᠡᠬᠦ ᠬᠦᠴᠦᠨ ᠢ ᠬᠦᠴᠦᠯᠡᠨ ᠥᠷᠭᠡᠳᠬᠡᠬᠦ ᠶᠢᠨ ᠲᠥᠯᠥᠭᠡ᠂ 5 ᠰᠠᠷ᠎ᠠ ᠶᠢᠨ 20  ᠤ ᠡᠳᠦᠷ ᠠᠴᠠ 21 ᠤ ᠡᠳᠦᠷ ᠪᠣᠯᠲᠠᠯ᠎ᠠ᠂ ᠮᠠᠨ ᠤ ᠬᠤᠰᠢᠭᠤᠨ ᠤ ᠰᠣᠶᠣᠯ ᠲᠠᠮᠢᠷ ᠵᠢᠭᠤᠯᠴᠢᠯᠠᠯ ᠷᠠᠳᠢᠣ᠋ ᠲᠧᠯᠸᠢᠰ  ᠤᠨ ᠲᠣᠪᠴᠢᠶ᠎ᠠ ᠠᠴᠠ ᠭᠤᠤᠯᠯᠠᠨ ᠡᠷᠭᠢᠯᠡᠵᠦ᠂ ᠬᠤᠰᠢᠭᠤ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠶᠢ ᠠᠬᠢᠭᠤᠯᠬᠤ ᠲᠥᠪ ᠠᠴᠠ ᠳᠠᠭᠠᠭᠠᠴᠢᠯᠠᠨ ᠡᠷᠭᠢᠯᠡᠵᠦ᠂ ᠬᠤᠰᠢᠭᠤ ᠠᠯᠠᠭᠠᠳᠠᠬᠤ ᠪᠥᠮᠪᠦᠭᠡ ᠶᠢᠨ ᠨᠡᠶᠢᠭᠡᠮᠯᠢᠭ᠂ ᠱᠧᠩ ᠱᠢ ᠰᠣᠶᠣᠯ ᠵᠠᠭᠤᠴᠢᠯᠠᠭᠤᠷ ᠤᠨ ᠬᠢᠵᠠᠭᠠᠷᠲᠤ ᠺᠣᠮᠫᠠᠨᠢ ᠠᠴᠠ ᠬᠠᠮᠵᠢᠨ ᠡᠷᠭᠢᠯᠡᠭᠰᠡᠨ ︽ᠳᠥᠷᠪᠡᠨ ᠴᠠᠭ ᠤᠨ ᠦᠵᠦᠮᠦᠴᠢᠨ︾ ᠬᠤᠨᠳᠠᠭᠠᠲᠤ ᠠᠯᠠᠭᠠᠳᠠᠬᠤ ᠪᠥᠮᠪᠦᠭᠡ ᠶᠢᠨ ᠤᠷᠤᠯᠳᠤᠭᠠᠨ ᠨᠢ ᠬᠤᠰᠢᠭᠤ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠲᠥᠪ ᠲᠤ ᠲᠡᠭᠦᠰ ᠠᠮᠵᠢᠯᠲᠠ ᠲᠠᠢ ᠦᠨᠳᠦᠷᠯᠡᠵᠡᠢ᠃      ᠳᠡᠳ᠋ ᠬᠤᠰᠢᠭᠤ ᠳᠠᠷᠤᠭ᠎ᠠ ᠠᠯᠲᠠᠨᠪᠠᠭᠠᠨ᠎ᠠ ᠠᠵᠢᠯᠯᠠᠭ᠎ᠠ ᠳᠤ ᠣᠷᠣᠯᠴᠠᠵᠤ᠂ ᠬᠤᠰᠢᠭᠤ ᠰᠣᠶᠣᠯ ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ᠂ ᠤᠯᠢᠶᠠᠰᠤᠲᠠᠢ ᠪᠠᠯᠭᠠᠰᠤ᠂ ᠬᠠᠳᠠᠪᠴᠢ ᠪᠠᠯᠭᠠᠰᠤ ᠶᠢᠨ ᠬᠠᠮᠢᠶ᠎ᠠ ᠪᠥᠬᠦᠶ ᠬᠠᠷᠢᠭᠤᠴᠠᠯᠭᠠᠲᠠᠨ ᠵᠢᠴᠢ ᠪᠥᠬᠦ ᠬᠤᠰᠢᠭᠤᠨ ᠤ 34 ᠡᠷᠡᠭᠲᠡᠶ ᠡᠮᠡᠭᠲᠡᠶ ᠶᠢᠨ  ᠲᠦᠯᠦᠭᠡᠯᠡᠭᠴᠢ ᠠᠩᠭᠢ ᠠᠵᠢᠯᠯᠠᠭ᠎ᠠ ᠳᠤ ᠣᠷᠣᠯᠴᠠᠪᠠ᠃      ᠤᠷᠤᠯᠳᠤᠭᠠᠨ ᠤ ᠶᠠᠪᠤᠴᠠ ᠳᠤ᠂ ᠪᠥᠬᠦ ᠲᠠᠮᠢᠷᠴᠢᠳ ᠤᠷᠤᠯᠳᠤᠭᠠᠨ ᠤ ᠲᠦᠷᠢᠮ ᠢ ᠴᠢᠩᠭ᠎ᠠ ᠵᠢᠷᠤᠮᠯᠠᠨ᠂ ᠪᠥᠬᠦ ᠬᠦᠴᠦᠨ ᠢᠶᠠᠷ ᠢᠶᠠᠨ ᠤᠷᠤᠯᠳᠤᠭᠰᠠᠨ ᠤ ᠬᠠᠮᠲᠤ ᠪᠠᠰᠠ ᠥᠷᠭᠡᠨ ᠣᠯᠠᠨ ᠵᠠᠯᠠᠭᠤᠴᠤᠳ ᠤᠨ ᠪᠦᠯᠬᠦᠮᠳᠡᠨ ᠬᠠᠮᠵᠢᠯᠴᠠᠬᠤ᠂ ᠬᠠᠷᠢᠯᠴᠠᠨ ᠨᠥᠬᠦᠪᠥᠷᠢᠯᠡᠬᠦ᠂ ᠴᠤᠭ ᠪᠠᠳᠠᠷᠠᠩᠭᠤᠶ ᠬᠦᠴᠦᠯᠡᠨ ᠴᠢᠷᠮᠠᠶᠢᠬᠤ ᠣᠶᠤᠨ ᠰᠠᠨᠠᠭᠠᠨ ᠤ ᠳᠦᠷᠰᠦ ᠪᠠᠶᠢᠳᠠᠯ ᠢ ᠭᠦᠢᠴᠡᠳ ᠢᠯᠡᠷᠡᠭᠦᠯᠦᠭᠰᠡᠨ ᠪᠠᠶᠢᠨ᠎ᠠ᠃      ᠬᠤᠶᠠᠷ ᠡᠳᠦᠷ ᠬᠠᠭᠠᠰ ᠤᠨ ᠤᠷᠤᠯᠳᠤᠭᠠᠨ ᠳᠤ᠂ ᠪᠦᠬᠦ ᠬᠤᠰᠢᠭᠤᠨ ᠤ 34 ᠠᠯᠠᠭᠠᠳᠠᠬᠤ ᠪᠥᠮᠪᠦᠭᠡ ᠶᠢᠨ ᠲᠦᠯᠦᠭᠡᠯᠡᠭᠴᠢ ᠠᠩᠭᠢ ᠨᠢ ᠨᠡᠶᠢᠲᠡ 72 ᠲᠠᠯᠠᠪᠤᠷ ᠬᠤᠷᠴᠠ ᠰᠢᠷᠦᠭᠦᠨ ᠥᠷᠢᠰᠥᠯᠳᠦᠭᠡᠨ ᠢᠶᠠᠷ ᠳᠠᠮᠵᠢᠨ᠂ ᠠᠯᠠᠭᠠᠳᠠᠬᠤ ᠪᠥᠮᠪᠦᠭᠡ ᠶᠢᠨ ᠨᠡᠶᠢᠭᠡᠮᠯᠢᠭ ᠤᠨ ᠲᠦᠯᠦᠭᠡᠯᠡᠭᠴᠢ ᠠᠩᠭᠢ᠂ ᠰᠠᠶᠢᠨ᠎ᠠ ᠵᠢᠯᠣᠭᠤᠴᠢ ᠶᠢᠨ ᠰᠤᠷᠭᠠᠭᠤᠯᠢ  ᠶᠢᠨ ᠲᠦᠯᠦᠭᠡᠯᠡᠭᠴᠢ ᠠᠩᠭᠢ᠂ ᠬᠦᠷᠢᠶᠡᠲᠦᠨᠠᠭᠤᠷ ᠰᠤᠮᠤ ᠶᠢᠨ ᠲᠦᠯᠦᠭᠡᠯᠡᠭᠴᠢ ᠠᠩᠭᠢ ᠲᠤᠰ ᠲᠤᠰ ᠡᠷᠡᠭᠲᠡᠶ ᠶᠢᠨ ᠳᠤᠭᠤᠶᠢᠯᠠᠩ ᠤᠨ ᠠᠯᠠᠭᠠᠳᠠᠬᠤ ᠪᠥᠮᠪᠦᠭᠡ ᠶᠢᠨ ᠤᠷᠤᠯᠳᠤᠭᠠᠨ ᠤ ᠲᠦᠷᠦᠭᠦᠦ ᠭᠤᠷᠪᠠᠨ ᠨᠡᠷ᠎ᠡ ᠳᠤ ᠲᠤᠳᠤᠷᠠᠵᠠᠢ᠃ ᠠᠯᠠᠭᠠᠳᠠᠬᠤ ᠪᠥᠮᠪᠦᠭᠡ ᠶᠢᠨ ᠨᠡᠶᠢᠭᠡᠮᠯᠢᠭ ᠤᠨ ᠲᠦᠯᠦᠭᠡᠯᠡᠭᠴᠢ ᠠᠩᠭᠢ᠂ ᠬᠦᠷᠢᠶᠡᠲᠦᠨᠠᠭᠤᠷ ᠰᠤᠮᠤ ᠶᠢᠨ ᠲᠦᠯᠦᠭᠡᠯᠡᠭᠴᠢ ᠠᠩᠭᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠲᠦᠯᠦᠭᠡᠯᠡᠭᠴᠢ ᠠᠩᠭᠢ ᠲᠤᠰ ᠲᠤᠰ ᠡᠮᠡᠭᠲᠡᠶ ᠶᠢᠨ ᠳᠤᠭᠤᠶᠢᠯᠠᠩ ᠤᠨ ᠲᠦᠷᠦᠭᠦᠦ ᠭᠤᠷᠪᠠᠨ ᠨᠡᠷ᠎ᠡ ᠳᠤ ᠲᠣᠳᠣᠷᠠᠪᠠ᠃ ᠳᠠᠭᠤᠲᠤᠨᠠᠭᠤᠷ ᠪᠠᠯᠭᠠᠰᠤ ᠶᠢᠨ  ᠲᠦᠯᠦᠭᠡᠯᠡᠭᠴᠢ ᠠᠩᠭᠢ᠂ ᠭᠤᠷᠪᠠᠳᠤᠭᠠᠷ ᠬᠡᠦᠬᠡᠳ ᠤᠨ ᠴᠡᠴᠡᠷᠯᠢᠭ ᠤᠨ ᠲᠦᠯᠦᠭᠡᠯᠡᠭᠴᠢ ᠠᠩᠭᠢ ᠨᠢ ᠰᠢᠯᠢᠳᠡᠭ ᠵᠣᠬᠢᠶᠠᠨ ᠪᠠᠶᠢᠭᠤᠯᠤᠯᠲᠠ ᠶᠢᠨ ᠱᠠᠩᠨᠠᠯ ᠭᠥᠷᠳᠡᠵᠦ᠂ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠤᠨ ᠲᠦᠯᠦᠭᠡᠯᠡᠭᠴᠢ ᠠᠩᠭᠢ᠂ ᠡᠳ᠋ ᠤᠨ ᠵᠠᠰᠠᠭ ᠤᠨ ᠲᠣᠪᠴᠢᠶ᠎ᠠ ᠶᠢᠨ ᠲᠦᠯᠦᠭᠡᠯᠡᠭᠴᠢ ᠠᠩᠭᠢ ᠶᠣᠰᠣ ᠰᠤᠷᠲᠠᠬᠤᠨ ᠬᠡᠪ ᠰᠤᠷᠲᠠᠯ ᠤᠨ ᠱᠠᠩᠨᠠᠯ ᠬᠦᠷᠲᠡᠵᠡᠢ᠃ ᠲᠠᠮᠢᠷᠴᠢᠨ ᠨᠠᠰᠤᠨ᠂ ᠰᠠᠷᠠᠨ᠎ᠠ ᠰᠢᠯᠢᠳᠡᠭ ᠲᠠᠮᠢᠷᠴᠢᠨ ᠤ ᠱᠠᠩᠨᠠᠯ ᠣᠯᠪᠠ᠃      ᠲᠤᠰ ᠤᠳᠠᠭᠠᠨ ᠤ ᠠᠯᠠᠭᠠᠳᠠᠬᠤ ᠪᠥᠮᠪᠦᠭᠡ ᠶᠢᠨ ᠤᠷᠤᠯᠳᠤᠭᠠᠨ ᠨᠢ ᠪᠡᠶ᠎ᠡ ᠶᠢᠨ ᠲᠠᠮᠢᠷ ᠲᠤ ᠪᠠᠭ᠋ᠠᠲᠠᠶ ᠬᠥᠮᠦᠰ  ᠲᠤ ᠰᠠᠨᠠᠯ ᠢᠶᠠᠨ ᠰᠣᠯᠢᠯᠴᠠᠵᠤ᠂ ᠪᠣᠳᠠᠲᠤ ᠬᠦᠴᠦᠨ ᠢᠶᠠᠨ ᠢᠯᠡᠷᠡᠭᠦᠯᠬᠦ ᠲᠠᠪᠴᠠᠩ ᠢ ᠪᠠᠶᠢᠭᠤᠯᠤᠭᠰᠠᠨ ᠢᠶᠠᠷ ᠪᠠᠷᠠᠬᠤ ᠦᠭᠡᠢ᠂ ᠪᠠᠰᠠ ᠠᠵᠢᠯ ᠤᠨ ᠴᠢᠯᠥᠭᠡᠨ ᠤ ᠰᠣᠶᠣᠯ ᠪᠡᠶ᠎ᠡ ᠶᠢᠨ ᠲᠠᠮᠢᠷ ᠤᠨ ᠠᠮᠢᠳᠤᠷᠠᠯ ᠢ ᠪᠠᠶᠠᠯᠢᠭᠵᠢᠭᠤᠯᠵᠤ᠂ ᠥᠷᠭᠡᠨ ᠣᠯᠠᠨ ᠲᠦᠮᠡᠨ ᠤ ᠪᠡᠶ᠎ᠡ ᠴᠢᠭᠢᠷᠠᠭᠵᠢᠭᠤᠯᠬᠤ ᠬᠠᠯᠠᠭᠤᠨ ᠰᠡᠳᠬᠢᠯᠭᠡ ᠶᠢ ᠬᠥᠭᠵᠢᠭᠡᠵᠦ᠂ ᠪᠦᠬᠦ ᠠᠷᠠᠳ ᠤᠨ ᠪᠡᠶ᠎ᠡ ᠴᠢᠭᠢᠷᠠᠭᠵᠢᠭᠤᠯᠬᠤ ᠬᠠᠯᠠᠭᠤᠨ ᠥᠷᠨᠢᠯᠲᠡ ᠭᠠᠷᠭᠠᠵᠤ᠂ ᠪᠦᠬᠦ ᠠᠷᠠᠳ ᠤᠨ ᠪᠡᠶ᠎ᠡ ᠴᠢᠭᠢᠷᠠᠭᠵᠢᠭᠤᠯᠬᠤ᠂ ᠡᠷᠡᠭᠦᠯ ᠴᠢᠭᠢᠷᠠᠭ ᠥᠭᠡᠳᠡᠯᠡᠨ ᠳᠠᠪᠰᠢᠬᠤ ᠰᠠᠶᠢᠨ ᠰᠠᠶᠢᠬᠠᠨ ᠠᠭᠤᠷ ᠠᠮᠢᠰᠬᠤᠯ ᠢ ᠴᠢᠷᠮᠠᠶᠢᠨ ᠪᠤᠢ ᠪᠣᠯᠭᠠᠵᠠᠶ᠃
 
ᠢᠷᠡᠯᠲᠡ᠄ ᠵᠡᠬᠦᠨ ᠦᠵᠦᠮᠦᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号