ᠨᠡᠶᠢᠭᠡᠮ ᠤᠨ ᠪᠣᠯᠪᠠᠰᠤᠨ ᠰᠢᠨ᠎ᠡ ᠬᠡᠪ ᠰᠤᠷᠲᠠᠯ ᠢ ᠪᠠᠳᠠᠷᠠᠭᠤᠯᠵᠤ᠂ ᠵᠠᠩ ᠳᠠᠳᠬᠠᠯ ᠢ ᠥᠭᠡᠷᠡᠴᠢᠯᠡᠬᠦ | ᠠᠵᠢᠯ ᠢ ᠠᠬᠢᠭᠤᠯᠬᠤ ᠶᠢᠨ ᠲᠥᠯᠥᠭᠡ᠂ 5 ᠰᠠᠷ᠎ᠠ ᠶᠢᠨ 22 ᠤᠨ ᠡᠳᠦᠷ᠂ ᠮᠠᠨᠳᠤᠬᠤᠪᠤᠯᠠᠭ ᠪᠠᠯᠭᠠᠰᠤᠨ ᠤ | ᠪᠠᠶᠠᠨᠪᠦ᠋ᠷᠢᠳᠦ ᠭᠠᠴᠠᠭ᠎ᠠ ᠵᠠᠩ ᠳᠠᠳᠬᠠᠯ ᠢ ᠥᠭᠡᠷᠡᠴᠢᠯᠡᠬᠦ᠂ ᠣᠷᠤᠨ ᠨᠤᠲᠤᠭ ᠤᠨ ᠪᠣᠯᠪᠠᠰᠤᠨ ᠰᠤᠷᠲᠠᠯ ᠤᠨ | ᠠᠮᠠᠯᠠᠯᠲᠠ ᠳᠤ ᠭᠠᠷ ᠤᠨ ᠥᠰᠥᠭ ᠵᠢᠷᠤᠬᠤ ᠠᠵᠢᠯᠯᠠᠭ᠎ᠠ ᠥᠷᠨᠢᠭᠦᠯᠪᠡ᠃ ᠭᠠᠴᠠᠭ᠎ᠠ ᠳᠠᠭᠠᠭᠠᠴᠢᠯᠠᠭᠰᠠᠨ ᠺᠠᠳ᠋ᠷ᠂ | ᠭᠠᠴᠠᠭᠠᠨ ᠤ ︽ᠬᠤᠶᠠᠷ ᠵᠥᠪᠯᠡᠯ︾ ᠤᠨ ᠭᠡᠰᠢᠭᠦᠨ᠂ ᠨᠠᠮ ᠤᠨ ᠭᠡᠰᠢᠭᠦᠨ᠂ ︽ᠬᠤᠶᠠᠷ ᠲᠥᠯᠥᠭᠡᠯᠡᠭᠴᠢ ᠨᠢᠭᠡ | ᠭᠡᠰᠢᠭᠦᠨ︾᠂ ᠮᠠᠯᠴᠢᠨ ᠲᠥᠯᠥᠭᠡᠯᠡᠭᠴᠢ ᠵᠡᠷᠭᠡ ᠬᠥᠮᠥᠰ ᠲᠦᠷᠦᠭᠦᠯᠡᠨ ᠣᠪᠣᠷ ᠢᠶᠠᠨ ᠢᠯᠡᠳᠬᠡᠵᠦ᠂ ᠠᠮᠠᠯᠠᠯᠲᠠ ᠪᠠᠨ | ᠤᠬᠠᠮᠰᠠᠷ ᠠᠴᠠ ᠪᠠᠨ ᠵᠢᠷᠤᠮᠯᠠᠨ᠂ ᠰᠠᠶᠢᠲᠤᠷ ᠥᠯᠢᠭᠡᠷ ᠳᠠᠭᠤᠷᠢᠶᠠᠯ ᠪᠣᠯᠵᠤ ᠬᠥᠲᠥᠯᠥᠨ ᠳᠠᠭᠠᠭᠤᠯᠤᠭᠰᠠᠨ ᠪᠠᠶᠢᠨ᠎ᠠ᠃ | | ᠠᠵᠢᠯᠯᠠᠭ᠎ᠠ ᠳᠤ ᠭᠤᠣᠯᠳᠠᠭᠤ ᠵᠣᠬᠢᠰᠲᠠᠢ ᠬᠡᠪᠴᠢᠶᠡᠨ ᠳᠤ ᠵᠢᠯ ᠣᠷᠣᠬᠤ ᠶᠢ ᠤᠬᠠᠭᠤᠯᠤᠨ᠂ ᠪᠦᠷᠢᠯᠭᠡᠨ | ᠰᠦᠢᠳᠭᠡᠬᠦ ᠶᠢ ᠡᠰᠡᠷᠭᠦᠴᠡᠵᠦ᠂ ᠵᠠᠩ ᠳᠠᠳᠬᠠᠯ ᠢ ᠥᠭᠡᠷᠡᠴᠢᠯᠡᠬᠦ ᠶᠢᠨ ᠴᠢᠬᠤᠯᠠ ᠴᠢᠨᠠᠷ ᠲᠠᠶᠢᠯᠪᠤᠷᠢᠯᠠᠨ᠂ ᠬᠤᠷᠠᠯ ᠳᠤ | ᠣᠷᠣᠯᠴᠠᠭᠰᠠᠳ ᠢ ᠬᠥᠲᠥᠯᠥᠨ ᠵᠢᠯᠤᠭᠤᠳᠴᠤ ᠠᠵᠢᠯᠯᠠᠭ᠎ᠠ ᠳᠤ ᠣᠷᠣᠯᠴᠠᠬᠤ ᠳᠤᠮᠳᠠ ᠪᠠᠨ ᠪᠦᠳᠦᠭᠦᠯᠢᠭ ᠵᠠᠩ | ᠳᠠᠳᠬᠠᠯ ᠢ ᠨᠢ ᠲᠦᠷᠦᠭᠦᠯᠡᠨ ᠲᠠᠶᠠᠭᠳᠠᠭᠤᠯᠵᠤ᠂ ᠰᠢᠨᠵᠢᠯᠡᠬᠦ ᠤᠬᠠᠭᠠᠨᠴᠢ ᠪᠣᠯᠪᠠᠰᠤᠨ ᠠᠮᠢᠳᠤᠷᠠᠯ ᠤᠨ | ᠣᠶᠢᠯᠠᠭᠠᠭᠳᠠᠬᠤᠨ ᠢ ᠪᠤᠢ ᠪᠣᠯᠭᠠᠨ᠂ ᠠᠵᠢᠯᠴᠢ ᠠᠷᠪᠢᠴᠢ ᠪᠠᠷ ᠠᠷᠪᠢᠯᠠᠨ ᠭᠠᠮᠨᠠᠬᠤ ᠰᠢᠯᠢᠳᠡᠭ ᠤᠯᠠᠮᠵᠢᠯᠠᠯ ᠪᠠ | ᠪᠣᠯᠪᠠᠰᠤᠨ ᠡᠷᠡᠭᠦᠯ ᠨᠡᠶᠢᠭᠡᠮ ᠤᠨ ᠰᠢᠨ᠎ᠡ ᠬᠡᠪ ᠰᠤᠷᠲᠠᠯ ᠢ ᠪᠠᠳᠠᠷᠠᠭᠤᠯᠪᠠ᠃ | ᠠᠵᠢᠯᠯᠠᠭ᠎ᠠ ᠳᠤ ᠣᠷᠤᠯᠴᠠᠭᠰᠠᠨ ᠨᠥᠬᠦᠳ ᠬᠠᠮᠲᠤ ᠪᠠᠷ ᠣᠳᠣᠬᠠᠨ ᠤ ᠭᠠᠴᠠᠭᠠᠨ ᠤ ᠣᠶᠤᠨ ᠤ ᠪᠣᠯᠪᠠᠰᠤᠨ ᠤ | ᠪᠠᠶᠢᠭᠤᠯᠤᠯᠲᠠ᠂ ᠵᠠᠩ ᠳᠠᠳᠬᠠᠯ ᠢ ᠥᠭᠡᠷᠡᠴᠢᠯᠡᠬᠦ ᠠᠵᠢᠯ ᠤᠨ ᠳᠤᠮᠳᠠ ᠣᠷᠣᠰᠢᠵᠤ ᠪᠠᠶᠢᠭ᠎ᠠ ᠬᠦᠴᠢᠷ ᠠᠰᠠᠭᠤᠳᠠᠯ ᠢ | ᠰᠤᠳᠤᠯᠤᠨ ᠶᠠᠷᠢᠯᠴᠠᠬᠤ ᠶᠢᠨ ᠬᠠᠮᠲᠤ ᠵᠣᠬᠢᠴᠠᠩᠭᠤᠢ ᠰᠢᠢᠳᠪᠦᠷᠢᠯᠡᠬᠦ ᠠᠷᠭ᠎ᠠ ᠬᠡᠮᠵᠢᠶ᠎ᠡ ᠶᠢ ᠳᠤᠷᠠᠳᠤᠨ ᠭᠠᠷᠭᠠᠵᠠᠢ᠃ | ᠣᠯᠠᠨ ᠢᠶᠠᠷ ᠢᠶᠠᠨ ᠠᠮᠢᠳᠤᠷᠠᠯ ᠢᠶᠠᠨ ᠰᠠᠶᠢᠬᠠᠨ ᠴᠣᠭᠴᠠᠯᠠᠬᠤ ᠳᠤ ᠮᠠᠯᠴᠢᠳ ᠤᠨ ᠦᠵᠡᠯ ᠰᠠᠨᠠᠭ᠎ᠠ ᠶᠢ ᠬᠤᠪᠢᠷᠠᠭᠤᠯᠬᠤ | ᠨᠢ ᠮᠠᠰᠢ ᠴᠢᠬᠤᠯᠠ ᠶᠤᠮ᠂ ᠭᠠᠴᠠᠭᠠᠨ ᠤ ᠨᠢᠭᠡ ᠬᠤᠪᠢ ᠪᠣᠯᠤᠭᠰᠠᠨ ᠤ ᠬᠤᠪᠢ ᠳᠤ ᠮᠠᠯᠴᠢᠨ ᠲᠦᠮᠡᠨ ᠳᠤ ᠬᠡᠪ | ᠳᠠᠭᠤᠷᠢᠶᠠᠯ ᠪᠣᠯᠵᠤ᠂ ᠬᠡᠪ ᠵᠠᠩᠰᠢᠯ ᠢ ᠥᠭᠡᠷᠡᠴᠢᠯᠡᠬᠦ ᠶᠢ ᠤᠬᠠᠭᠤᠯᠤᠨ ᠰᠠᠨᠠᠭᠠᠴᠢᠯᠠᠵᠤ᠂ ᠪᠣᠯᠪᠠᠰᠤᠨ ᠰᠢᠨ᠎ᠡ | ᠰᠤᠷᠲᠠᠯ ᠤᠨ ᠢᠳᠡᠪᠬᠢᠲᠡᠢ ᠰᠠᠨᠠᠭᠠᠴᠢᠯᠠᠭᠴᠢ ᠪᠠ ᠤᠬᠠᠮᠰᠠᠷ ᠠᠴᠠ ᠪᠠᠨ ᠦᠢᠯᠡᠳᠦᠯᠭᠡᠵᠢᠭᠦᠯᠦᠭᠴᠢ ᠪᠣᠯᠵᠤ᠂ ᠪᠥᠬᠦ | ᠪᠠᠯᠭᠠᠰᠤᠨ ᠤ ᠣᠶᠤᠨ ᠤ ᠪᠣᠯᠪᠠᠰᠤᠨ ᠤ ᠪᠠᠶᠢᠭᠤᠯᠤᠯᠲᠠ ᠳᠤ ᠥᠪᠡᠷ ᠤᠨ ᠬᠦᠴᠦᠨ ᠴᠢᠳᠠᠯ ᠢᠶᠠᠨ ᠡᠷᠭᠦᠬᠦ ᠬᠡᠷᠡᠭᠲᠡᠢ | ᠭᠡᠵᠦ ᠰᠠᠨᠠᠯ ᠨᠢᠭᠡᠲᠡᠢ ᠦᠵᠡᠵᠦ ᠪᠠᠶᠢᠯ᠎ᠠ᠃ ᠣᠯᠠᠨ ᠢᠶᠠᠷ ᠢᠶᠠᠨ ᠢᠳᠡᠪᠬᠢᠲᠡᠢ ᠪᠠᠷ ᠭᠠᠷ ᠤᠨ ᠦᠰᠦᠭ ᠵᠢᠷᠤᠵᠤ | ᠢᠲᠡᠭᠡᠯ ᠵᠣᠷᠢᠭ ᠢᠶᠠᠨ ᠢᠯᠡᠳᠬᠡᠵᠡᠢ᠃ |