ᠮᠠᠨᠳᠤᠬᠤᠪᠤᠯᠠᠭ ᠪᠠᠯᠭᠠᠰᠤᠨ ᠤ ︽ᠨᠢᠭᠡᠳᠦᠮᠡᠯ ᠹᠷᠣᠨᠲ ᠤᠨ ᠥᠷᠲᠡᠭᠡ︾ ᠦᠨᠳᠦᠰᠦᠲᠡᠨ ᠤ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠰᠠᠷ᠎ᠠ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2023/5/31
      ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠤᠰᠢᠶᠠᠭᠰᠠᠨ ᠲᠠᠪᠤᠨ ᠶᠡᠭᠡ ᠡᠭᠦᠷᠭᠡ ᠶᠢ ᠦᠨᠡᠨᠬᠦ ᠰᠠᠶᠢᠲᠤᠷ ᠪᠡᠶᠡᠯᠡᠭᠦᠯᠵᠦ᠂ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠢ ᠪᠥᠬᠦ ᠲᠠᠯ᠎ᠠ ᠪᠠᠷ ᠪᠦᠲᠦᠭᠡᠨ ᠪᠠᠶᠢᠭᠤᠯᠤᠨ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠦᠵᠡᠯ ᠰᠠᠨᠠᠭᠠᠨ ᠤ ᠰᠠᠭᠤᠷᠢ ᠶᠢ ᠤᠯᠠᠮ ᠨᠢᠭᠡ ᠠᠯᠬᠤᠮ ᠪᠠᠲᠤᠳᠬᠠᠬᠤ ᠶᠢᠨ ᠲᠥᠯᠥᠭᠡ᠂ 5 ᠰᠠᠷ᠎ᠠ ᠶᠢᠨ 23 ᠤ ᠡᠳᠦᠷ᠂ ᠮᠠᠨᠳᠤᠬᠤᠪᠤᠯᠠᠭ ᠪᠠᠯᠭᠠᠰᠤᠨ ᠤ ︽ᠨᠢᠭᠡᠳᠦᠮᠡᠯ ᠹᠷᠣᠨᠲ ᠤᠨ ᠥᠷᠲᠡᠭᠡ︾ ᠦᠨᠳᠦᠰᠦᠲᠡᠨ ᠤ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠰᠠᠷ᠎ᠠ᠂ ᠦᠨᠳᠦᠰᠦᠲᠡᠨ ᠤ ᠬᠠᠤᠯᠢ ᠪᠠᠷ ᠵᠠᠰᠠᠬᠤ ᠤᠬᠠᠭᠤᠯᠭ᠎ᠠ ᠶᠢᠨ ᠭᠠᠷᠠᠭ ᠲᠠᠢ ᠤᠶᠠᠯᠳᠤᠭᠤᠯᠤᠨ ᠦᠨᠳᠦᠰᠦᠲᠡᠨ ᠤ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ᠃ ᠪᠠᠯᠭᠠᠰᠤᠨ ᠤ ᠤᠳᠤᠷᠢᠳᠤᠯᠭ᠎ᠠ᠂ ᠪᠠᠶᠢᠭᠤᠯᠭ᠎ᠠ ᠶᠢᠨ ᠺᠠᠳ᠋ᠷ᠂ ᠨᠡᠶᠢᠭᠡᠮ ᠲᠣᠭᠤᠷᠢᠭ ᠤᠨ ᠭᠤᠣᠯ ᠬᠠᠷᠢᠭᠤᠴᠠᠯᠭᠠᠲᠠᠨ᠂ ᠮᠠᠨᠳᠤᠬᠤᠪᠤᠯᠠᠭ ᠬᠢᠯᠢ ᠶᠢᠨ ᠲᠣᠮᠢᠯᠠᠭᠰᠠᠨ ᠰᠠᠯᠪᠤᠷᠢ ᠶᠢᠨ ᠠᠵᠢᠯᠲᠠᠳ ᠠᠵᠢᠯᠯᠠᠭ᠎ᠠ ᠳᠤ ᠣᠷᠣᠯᠴᠠᠪᠠ᠃      ᠠᠵᠢᠯᠯᠠᠭ᠎ᠠ ᠶᠢᠨ ᠳᠤᠮᠳᠠ᠂ ᠪᠠᠯᠭᠠᠰᠤᠨ ᠤ ᠨᠠᠮ ᠤᠨ ᠬᠤᠷᠢᠶᠠᠨ ᠤ ᠳᠡᠳ᠋ ᠱᠦᠵᠢ ᠪᠢᠯᠢᠭᠲᠦ᠂ ᠪᠠᠯᠭᠠᠰᠤᠨ ᠤ ᠤᠬᠠᠭᠤᠯᠬᠤ ᠭᠡᠰᠢᠭᠦᠨ ᠵᠠᠯᠸ᠎ᠠ᠂ ᠨᠡᠶᠢᠭᠡᠮ ᠲᠣᠭᠤᠷᠢᠭ ᠤᠨ ᠨᠠᠮ ᠤᠨ ᠡᠭᠦᠷ ᠤᠨ ᠱᠦᠵᠢ ᠸᠠᠩ ᠪᠦᠦ ᠵᠦ᠂ ᠮᠠᠨᠳᠤᠬᠤᠪᠤᠯᠠᠭ ᠬᠢᠯᠢ ᠶᠢᠨ ᠲᠣᠮᠢᠯᠠᠭᠰᠠᠨ ᠰᠠᠯᠪᠤᠷᠢ ᠶᠢᠨ ᠵᠢᠭᠠᠨ ᠵᠢᠯᠣᠭᠤᠳᠤᠭᠴᠢ ᠶᠠᠩ ᠸᠧᠢ ᠲᠤᠰ ᠲᠤᠰ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠠᠬᠢᠭᠤᠯᠬᠤ ᠳᠦᠷᠢᠮ︾ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠨᠢᠭᠡᠳᠦᠮᠡᠯ ᠹᠷᠣᠨᠲ ᠤᠨ ᠠᠵᠢᠯ ᠤᠨ ᠳᠦᠷᠢᠮ︾ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠥᠰᠥᠭ ᠪᠢᠴᠢᠭ ᠤᠨ ᠬᠠᠤᠯᠢ︾ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︿ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠥᠰᠥᠭ ᠪᠢᠴᠢᠭ ᠤᠨ ᠬᠠᠤᠯᠢ﹀ ᠶᠢ ᠬᠡᠷᠡᠭᠵᠢᠭᠦᠯᠬᠦ ᠠᠷᠭ᠎ᠠ︾ ᠵᠡᠷᠭᠡ ᠠᠭᠤᠯᠭ᠎ᠠ ᠶᠢ ᠤᠬᠠᠭᠤᠯᠤᠨ ᠲᠠᠶᠢᠯᠪᠤᠷᠢᠯᠠᠪᠠ᠃ ᠤᠬᠠᠭᠤᠯᠤᠨ ᠲᠠᠶᠢᠯᠪᠤᠷᠢᠯᠠᠵᠤ ᠳᠠᠭᠤᠰᠤᠭᠰᠠᠨ ᠤ ᠳᠠᠷᠠᠭ᠎ᠠ᠂ ᠤᠯᠠᠨ ᠢᠶᠠᠷ ᠢᠶᠠᠨ ᠨᠡᠶᠢᠭᠡᠮ ᠲᠣᠭᠤᠷᠢᠭ ᠤᠨ ᠬᠤᠳᠠᠯᠳᠤᠭᠠᠨ ᠤ ᠳᠡᠯᠭᠡᠭᠦᠷ᠂ ᠰᠠᠭᠤᠭᠠᠯᠢ ᠠᠷᠠᠳ ᠤᠨ ᠭᠡᠷ ᠲᠤ ᠭᠦᠨᠵᠡᠭᠡᠶᠢᠷᠡᠨ ᠤᠬᠠᠭᠤᠯᠤᠨ ᠲᠠᠶᠢᠯᠪᠤᠷᠢᠯᠠᠬᠤ ᠶᠢᠨ ᠬᠠᠮᠲᠤ ᠤᠬᠠᠭᠤᠯᠭ᠎ᠠ ᠶᠢᠨ ᠳᠡᠪᠲᠡᠷ ᠢ ᠲᠠᠷᠬᠠᠭᠠᠪᠠ᠃      ᠮᠠᠨᠳᠤᠬᠤᠪᠤᠯᠠᠭ ᠪᠠᠯᠭᠠᠰᠤ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠡᠵᠡᠮᠰᠢᠵᠦ᠂ ᠶᠡᠷᠦᠩᠬᠡᠢ ᠱᠦᠵᠢ ᠰᠢ ᠶᠢᠨ ᠫᠢᠩ ᠤᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ ᠂ ᠨᠢᠭᠡᠳᠦᠮᠡᠯ ᠹᠷᠣᠨᠲ ᠪᠠ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠦᠵᠡᠯ ᠤᠬᠠᠮᠰᠠᠷ ᠢ ᠨᠠᠩ ᠢᠯᠡ ᠲᠥᠷᠥᠭᠳᠡᠯ ᠲᠠᠢ ᠨᠡᠩ ᠪᠦᠲᠦᠮᠵᠢᠲᠡᠶ ᠪᠣᠶ  ᠪᠣᠯᠭᠠᠨ᠂ ᠳᠤᠮᠳᠠᠳᠤ ᠶᠢᠨ ᠦᠨᠳᠦᠰᠦᠲᠡᠨ ᠨᠢᠭᠡ ᠭᠡᠷ ᠤᠨ ᠬᠥᠮᠥᠨ ᠮᠡᠲᠦ  ᠲᠣᠲᠣᠨᠤ ᠪᠠᠶᠢᠳᠠᠯ ᠢ ᠶᠡᠬᠡᠪᠡᠷ ᠪᠣᠶ ᠪᠣᠯᠭᠠᠪᠠ᠃
 
ᠢᠷᠡᠯᠲᠡ᠄ ᠮᠠᠨᠳᠣᠬᠤᠪᠣᠯᠠᠭ ᠪᠠᠯᠭᠠᠰᠤ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号