4 ᠵᠦᠢᠯ ᠤᠨ ᠰᠡᠳᠬᠢᠴᠡ ᠶᠢ ᠡᠷᠡᠰ ᠲᠡᠪᠴᠢᠵᠦ 5 ᠲᠥᠷᠥᠯ ᠤᠨ ᠲᠣᠪᠤᠶᠢᠮ᠎ᠠ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠦᠨ᠎ᠡ ᠸᠠᠩ ᠯᠢ ᠰᠢᠶᠠ ᠪᠦᠭᠦ ᠣᠷᠣᠨ ᠤ ᠠᠶᠤᠯᠭᠦᠢ ᠦᠢᠯᠡᠳᠪᠦᠷᠢᠯᠡᠯ ᠤᠨ ᠠᠵᠢᠯ ᠢ ᠪᠠᠶᠢᠷᠢᠯᠠᠭᠤᠯᠪᠠ
ᠨᠡᠶᠢᠲᠡᠯᠡᠭᠰᠡᠨ ᠴᠠᠭ᠄
2023/5/4
      ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠲᠣᠬᠢᠷᠠᠭᠤᠯᠤᠯᠲᠠ ᠪᠠᠷ᠂ 4 ᠰᠠᠷ᠎ᠠ ᠶᠢᠨ 22 ᠤᠨ ᠡᠳᠦᠷ᠂ ᠸᠠᠩ ᠯᠢ ᠰᠢᠶᠠ ᠪᠦᠭᠦ ᠣᠷᠣᠨ ᠤ ᠠᠶᠤᠯᠭᠦᠢ ᠦᠢᠯᠡᠳᠪᠦᠷᠢᠯᠡᠯ ᠤᠨ ᠠᠵᠢᠯ ᠤᠨ ᠸᠢᠳᠢᠤ᠋ ᠬᠤᠷᠠᠯ ᠢ ᠡᠷᠭᠢᠯᠡᠨ ᠬᠤᠷᠠᠯᠳᠤᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠴᠣᠬᠤᠯᠠᠪᠤᠷᠢ ᠶᠢ ᠤᠯᠠᠮᠵᠢᠯᠠᠨ ᠰᠤᠷᠤᠯᠴᠠᠵᠤ᠂ ᠪᠦᠭᠦ ᠤᠯᠤᠰ ᠤᠨ ᠦᠶᠡᠷ ᠢ ᠰᠡᠷᠭᠡᠶᠢᠯᠡᠵᠦ ᠭᠠᠩ ᠬᠠᠭᠰᠠᠷᠠᠭᠠᠨ ᠲᠠᠢ ᠲᠡᠮᠡᠴᠡᠬᠦ ᠠᠵᠢᠯ ᠤᠨ ᠲᠧᠯᠸᠢᠰ ᠤᠲᠠᠰᠤ ᠬᠤᠷᠠᠯ ᠤᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠪᠦᠭᠦ ᠣᠷᠣᠨ ᠤ ᠠᠶᠤᠯᠭᠦᠢ ᠦᠢᠯᠡᠳᠪᠦᠷᠢᠯᠡᠯ ᠤᠨ ᠠᠵᠢᠯ ᠢ ᠤᠯᠠᠮ ᠴᠢᠨᠠᠭᠰᠢᠳᠠ ᠪᠠᠶᠢᠷᠢᠯᠠᠭᠤᠯᠪᠠ᠃      ᠸᠠᠩ ᠯᠢ ᠰᠢᠶᠠ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠠᠳᠡᠯ ᠠᠴᠠ ᠭᠦᠨᠵᠡᠭᠡᠢ ᠰᠤᠷᠭᠠᠮᠵᠢ ᠠᠪᠴᠤ᠂ ᠠᠶᠤᠯ ᠲᠦᠭᠰᠢᠭᠦᠷᠢ ᠭᠡᠮ ᠰᠣᠭᠤᠭ ᠢ ᠵᠢᠭᠰᠠᠭᠠᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠶᠠᠰᠤ ᠴᠢᠨᠠᠷ ᠢᠶᠠᠨ ᠴᠢᠨᠠᠭᠰᠢᠳᠠ ᠳᠡᠭᠡᠭᠰᠢᠯᠡᠭᠦᠯᠵᠦ᠂ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢ ᠪᠦᠭᠦ ᠬᠦᠷᠢᠶ᠎ᠡ᠂ ᠪᠦᠭᠦ ᠲᠠᠯ᠎ᠠ᠂ ᠪᠦᠭᠦ ᠭᠤᠭᠴᠤᠭ᠎ᠠ ᠳᠤ ᠪᠣᠳᠠᠲᠠᠢ ᠪᠠᠷ ᠨᠠᠶᠢᠳᠠᠪᠤᠷᠢᠵᠢᠭᠤᠯᠬᠤ ᠬᠡᠷᠡᠭᠲᠡᠢ᠃ ᠠᠳᠡᠯ ᠮᠢᠨᠤ ᠪᠡᠶ᠎ᠡ ᠳᠡᠭᠡᠷ᠎ᠡ ᠡᠭᠦᠰᠬᠦ ᠦᠭᠡᠢ ᠭᠡᠬᠦ ᠠᠵᠠ ᠬᠠᠷᠠᠬᠤ ᠪᠤᠳᠤᠯ ᠢ ᠡᠷᠡᠰ ᠲᠡᠪᠴᠢᠵᠦ᠂ ᠪᠠᠶᠢᠴᠠᠭᠠᠬᠤ ᠶᠢᠨ ᠲᠥᠯᠥᠭᠡ ᠪᠠᠶᠢᠴᠠᠭᠠᠬᠤ᠂ ᠴᠡᠭᠴᠡᠯᠡᠨ ᠰᠠᠶᠢᠵᠢᠷᠠᠭᠤᠯᠬᠤ ᠶᠢᠨ ᠲᠥᠯᠥᠭᠡ ᠴᠡᠭᠴᠡᠯᠡᠨ ᠰᠠᠶᠢᠵᠢᠷᠠᠭᠤᠯᠬᠤ ᠠᠷᠭᠠᠴᠠᠭᠠᠬᠤ ᠪᠤᠳᠤᠯ ᠢ ᠡᠷᠡᠰ ᠲᠡᠪᠴᠢᠵᠦ᠂ ᠴᠡᠭᠴᠡᠯᠡᠨ ᠰᠠᠶᠢᠵᠢᠷᠠᠭᠤᠯᠵᠤ ᠳ᠋ᠤᠭᠠᠷ ᠬᠠᠰᠤᠪᠠᠯ ᠪᠣᠯᠴᠢᠬᠠᠬᠤ᠂ ᠤᠤᠯ ᠨᠢ ᠶᠠᠭᠠᠬᠢᠵᠤ ᠪᠠᠶᠢᠭᠰᠠᠨ ᠪᠣᠯ ᠶᠠᠭᠠᠬᠢᠵᠤ ᠪᠠᠶᠢᠯᠭᠠᠬᠤ ᠪᠣᠭᠤᠮᠲᠠ ᠳᠠᠪᠠᠭ᠋ᠤ ᠰᠡᠳᠬᠢᠴᠡ ᠶᠢ ᠡᠷᠡᠰ ᠲᠡᠪᠴᠢᠵᠦ᠂ ᠠᠮᠤᠷ ᠲᠦᠪᠰᠢᠨ ᠤ ᠪᠠᠷᠢᠮᠵᠢᠶ᠎ᠠ ᠶᠢ ᠶᠡᠷᠦᠮᠳᠡᠭᠴᠢᠯᠡᠬᠦ᠂ ᠴᠡᠭᠴᠡᠯᠡᠨ ᠰᠠᠶᠢᠵᠢᠷᠠᠭᠤᠯᠬᠤ ᠱᠠᠭᠠᠷᠳᠠᠯᠭ᠎ᠠ ᠶᠢ ᠶᠡᠷᠦᠮᠳᠡᠭᠴᠢᠯᠡᠬᠦ ᠨᠠᠵᠠᠭᠠᠢ ᠪᠤᠳᠤᠯ ᠢ ᠡᠷᠡᠰ ᠲᠡᠪᠴᠢᠵᠦ᠂ ᠠᠮᠢ ᠨᠠᠰᠤ ᠶᠢ ᠳᠡᠭᠡᠳᠦᠯᠡᠬᠦ ᠰᠡᠳᠬᠢᠯᠭᠡ᠂ ᠠᠷᠠᠳ ᠲᠦᠮᠡᠨ ᠳᠤ ᠬᠠᠷᠢᠭᠤᠴᠠᠬᠤ ᠰᠡᠳᠬᠢᠯᠭᠡ ᠪᠠᠷ ᠠᠶᠤᠯᠭᠦᠢ ᠦᠢᠯᠡᠳᠪᠦᠷᠢᠯᠡᠯ ᠢ ᠴᠠᠭ ᠢᠮᠠᠭᠲᠠ ᠰᠡᠳᠬᠢᠯ ᠳᠡᠭᠡᠨ ᠪᠤᠳᠤᠵᠤ᠂ ᠴᠢᠩᠭ᠎ᠠ ᠠᠳᠬᠤᠬᠤ ᠬᠡᠷᠡᠭᠲᠡᠢ ᠭᠡᠪᠡ᠃      ᠸᠠᠩ ᠯᠢ ᠰᠢᠶᠠ᠂ ᠭᠡᠮ ᠰᠣᠭᠤᠭ ᠢ ᠵᠢᠭᠰᠠᠭᠠᠨ ᠪᠠᠶᠢᠴᠠᠭᠠᠬᠤ ᠶᠢ ᠪᠣᠳᠠᠲᠠᠶᠢᠵᠢᠭᠤᠯᠤᠭᠰᠠᠨ ᠦᠭᠡᠢ᠂ ᠴᠡᠭᠴᠡᠯᠡᠨ ᠰᠠᠶᠢᠵᠢᠷᠠᠭᠤᠯᠤᠭᠰᠠᠨ ᠶᠠᠰᠤ ᠴᠢᠨᠠᠷ ᠥᠨᠳᠥᠷ ᠪᠢᠰᠢ᠂ ᠪᠣᠯᠪᠠᠰᠤᠷᠠᠯ ᠰᠣᠷᠢᠯᠲᠠ ᠪᠣᠳᠠᠲᠠᠢ ᠪᠢᠰᠢ᠂ ᠠᠮᠤᠷ ᠲᠦᠪᠰᠢᠨ ᠤ ᠪᠠᠷᠢᠮᠵᠢᠶ᠎ᠠ ᠥᠨᠳᠥᠷ ᠪᠢᠰᠢ᠂ ᠬᠠᠷᠢᠭᠤᠴᠠᠯᠭ᠎ᠠ ᠶᠢ ᠰᠠᠶᠢᠲᠤᠷ ᠨᠠᠶᠢᠳᠠᠪᠤᠷᠢᠵᠢᠭᠤᠯᠤᠭᠰᠠᠨ ᠦᠭᠡᠢ ᠵᠡᠷᠭᠡ 5 ᠲᠦᠷᠦᠯ ᠤᠨ ᠲᠣᠪᠤᠶᠢᠮ᠎ᠠ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠣᠨᠳᠣᠣ ᠭᠠᠵᠠᠷ ᠲᠤ ᠬᠠᠤᠯᠢ ᠬᠡᠷᠡᠭᠵᠢᠭᠦᠯᠬᠦ᠂ ᠲᠤᠬᠠᠢ ᠶᠢᠨ ᠲᠠᠯᠠᠪᠠᠢ ᠳᠤ ᠬᠠᠷᠭᠤᠭᠤᠯᠤᠨ ᠪᠠᠶᠢᠴᠠᠭᠠᠬᠤ᠂ ᠲᠤᠰᠬᠠᠢ ᠮᠡᠷᠭᠡᠵᠢᠯᠲᠡᠨ ᠬᠠᠮᠲᠤᠷᠠᠨ ᠣᠨᠣᠰᠢᠯᠠᠬᠤ ᠵᠡᠷᠭᠡ ᠬᠡᠯᠪᠡᠷᠢ ᠶᠢ ᠠᠪᠴᠤ᠂ ᠨᠢᠭᠡ ᠨᠢᠭᠡ ᠡᠷᠦᠭᠡ ᠪᠠᠷ ︽ᠰᠢᠭᠰᠢᠨ ᠪᠠᠶᠢᠴᠠᠭᠠᠵᠤ︾᠂ ᠨᠢᠭᠡ ᠨᠢᠭᠡ ᠳᠦᠷᠦᠯ ᠢᠶᠠᠷ ︽ᠲᠠᠩᠰᠠ ᠠᠴᠠ ᠲᠠᠶᠢᠯᠬᠤ︾ ᠬᠡᠷᠡᠭᠲᠡᠢ᠃ ᠣᠳᠣᠬᠠᠨ ᠳᠤ 4 ᠶᠠᠪᠤᠳᠠᠯ ᠢ ᠭᠤᠣᠯᠳᠠᠯᠭ᠎ᠠ ᠲᠠᠢ ᠰᠠᠶᠢᠲᠤᠷ ᠠᠳᠬᠤᠬᠤ ᠬᠡᠷᠡᠭᠲᠡᠢ᠂ ᠨᠢᠭᠡ ᠳᠤ᠂ ᠳᠠᠯᠳᠠ ᠭᠡᠮ ᠢ ᠵᠢᠭᠰᠠᠭᠠᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠶᠠᠰᠤ ᠴᠢᠨᠠᠷ ᠢ ᠪᠦᠭᠦ ᠲᠠᠯ᠎ᠠ ᠪᠠᠷ ᠳᠡᠭᠡᠭᠰᠢᠯᠡᠭᠦᠯᠬᠦ ᠬᠡᠷᠡᠭᠲᠡᠢ᠂ ᠬᠤᠶᠠᠷ ᠲᠤ᠂ ᠭᠤᠣᠯᠳᠠᠯᠭ᠎ᠠ ᠲᠠᠢ ᠲᠠᠯᠠᠪᠤᠷ ᠭᠠᠵᠠᠷ ᠤᠨ ᠭᠠᠯ ᠤᠨ ᠠᠶᠤᠯ ᠤᠨ ᠳᠠᠯᠳᠠ ᠭᠡᠮ ᠢ ᠲᠦᠷᠭᠡᠳᠬᠡᠨ ᠵᠢᠭᠰᠠᠭᠠᠨ ᠪᠠᠶᠢᠴᠠᠭᠠᠬᠤ ᠬᠡᠷᠡᠭᠲᠡᠢ᠂ ᠭᠤᠷᠪᠠ ᠳᠤ᠂ ᠦᠯᠡᠳᠡᠭᠳᠡᠯ ᠠᠭᠤᠷᠬᠠᠢ ᠬᠥᠮᠥᠷᠭᠡ ᠶᠢᠨ ᠠᠶᠤᠯ ᠲᠦᠭᠰᠢᠭᠦᠷᠢ ᠶᠢᠨ ᠳᠠᠯᠳᠠ ᠭᠡᠮ ᠢ ᠪᠦᠭᠦ ᠲᠠᠯ᠎ᠠ ᠪᠠᠷ ᠵᠢᠭᠰᠠᠭᠠᠨ ᠪᠠᠶᠢᠴᠠᠭᠠᠬᠤ ᠬᠡᠷᠡᠭᠲᠡᠢ᠂ ᠳᠥᠷᠪᠡ ᠳᠤ᠂ ᠦᠶᠡᠷ ᠢ ᠰᠡᠷᠭᠡᠶᠢᠯᠡᠨ ᠭᠠᠩ ᠬᠠᠭᠰᠠᠷᠠᠭᠠᠨ ᠲᠠᠢ ᠲᠡᠮᠡᠴᠡᠬᠦ ᠠᠵᠢᠯ ᠢ ᠪᠦᠭᠦ ᠲᠠᠯ᠎ᠠ ᠪᠠᠷ ᠰᠠᠶᠢᠲᠤᠷ ᠠᠳᠬᠤᠬᠤ ᠬᠡᠷᠡᠭᠲᠡᠢ᠃ ᠠᠮᠤᠷ ᠲᠦᠪᠰᠢᠨ ᠤ ᠭᠡᠮ ᠰᠣᠭᠤᠭ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠪᠠ ᠭᠤᠣᠯ ᠰᠡᠳᠦᠪᠲᠦ ᠬᠥᠮᠦᠵᠢᠯ ᠤᠨ ᠪᠠᠶᠢᠴᠠᠭᠠᠨ ᠰᠤᠳᠤᠯᠤᠯᠲᠠ ᠬᠢᠬᠦ ᠶᠢ ᠤᠶᠠᠯᠳᠤᠭᠤᠯᠵᠤ᠂ ᠠᠰᠠᠭᠤᠳᠠᠯ ᠢ ᠦᠨᠡᠨ ᠬᠦ ᠪᠠᠶᠢᠴᠠᠭᠠᠵᠤ᠂ ᠴᠡᠭᠴᠡᠯᠡᠨ ᠰᠠᠶᠢᠵᠢᠷᠠᠭᠤᠯᠬᠤ ᠶᠢ ᠠᠩᠬᠠᠷᠴᠤ᠂ ᠠᠵᠢᠯ ᠤᠨ ᠪᠠᠶᠢᠷᠢ ᠭᠦᠷᠳᠡᠯ᠎ᠡ ᠨᠠᠶᠢᠳᠠᠪᠤᠷᠢᠵᠢᠭᠤᠯᠵᠤ᠂ ᠬᠥᠮᠥᠨ ᠳᠤ ᠭᠦᠷᠳᠡᠯ᠎ᠡ ᠨᠠᠶᠢᠳᠠᠪᠤᠷᠢᠵᠢᠭᠤᠯᠵᠤ᠂ ᠪᠠᠷᠢᠮᠵᠢᠶ᠎ᠠ ᠶᠢ ᠳᠡᠭᠡᠭᠰᠢᠯᠡᠭᠦᠯᠵᠦ ᠂ ᠬᠡᠪ ᠳᠠᠭᠤᠷᠢᠶᠠᠯ ᠢ ᠪᠤᠶ ᠪᠣᠯᠭᠠᠵᠤ᠂ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠵᠤ ᠱᠠᠯᠠᠪᠳᠠᠭᠤᠯᠬᠤ ᠠᠵᠢᠯ ᠤᠨ ᠯᠠᠪᠳᠠᠭᠤᠨ ᠪᠠᠲᠤᠲᠠᠢ ᠦᠷ᠎ᠡ ᠪᠦᠲᠦᠮᠵᠢ ᠣᠯᠬᠤ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃            ᠬᠤᠸᠠᠩ ᡁᠢ ᠴᠢᠶᠠᠩ᠂ ᠵᠧᠩ ᠭᠤᠸᠠᠩ ᠵᠤᠤ ᠬᠤᠷᠠᠯ ᠳᠤ ᠣᠷᠣᠯᠴᠠᠵᠠᠢ᠃
 
ᠢᠷᠡᠯᠲᠡ᠄ ᠦᠪᠦᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号