ᠪᠦᠬᠦ ᠣᠷᠣᠨ ᠤ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ | ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠭᠤᠣᠯ ᠰᠡᠳᠦᠪᠲᠦ ᠬᠥᠮᠦᠵᠢᠯ ᠤᠨ | ᠠᠵᠢᠯ ᠤᠨ ᠬᠤᠷᠠᠯ ᠢ ᠬᠤᠷᠠᠯᠳᠤᠭᠤᠯᠤᠭᠰᠠᠨ ᠠᠴᠠ ᠬᠤᠶᠢᠰᠢ᠂ ᠮᠠᠨ ᠤ ᠣᠷᠣᠨ ᠤ ᠭᠤᠣᠯ ᠰᠡᠳᠦᠪᠲᠦ ᠬᠥᠮᠦᠵᠢᠯ ᠢ | ᠥᠷᠨᠢᠭᠦᠯᠬᠦ ᠨᠢᠭᠡᠳᠦᠭᠡᠷ ᠪᠦᠯᠦᠭ ᠤᠨ ᠰᠠᠯᠠᠭ᠎ᠠ ᠮᠥᠴᠢᠷ᠂ ᠨᠢᠭᠡᠴᠢ ᠨᠦᠭᠦᠳ ᠦᠳᠲᠡᠷ ᠲᠦᠷᠭᠡᠨ ᠬᠥᠳᠡᠯᠦᠯᠴᠡᠨ᠂ | ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ | ᠪᠠᠶᠢᠷᠢᠯᠠᠭᠤᠯᠤᠯᠲᠠ ᠬᠢᠭᠡᠳ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠠᠵᠢᠯ ᠤᠨ ᠱᠠᠭᠠᠷᠳᠠᠯᠭ᠎ᠠ | ᠳᠡᠭᠡᠷ᠎ᠡ ᠦᠨᠡᠨ ᠬᠦ ᠨᠢᠭᠡᠳᠬᠡᠵᠦ᠂ ᠤᠬᠠᠮᠰᠠᠷ ᠠᠴᠠ ᠪᠠᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠡᠭᠦᠷᠭᠡᠯᠡᠨ᠂ | ᠨᠠᠷᠢᠨ ᠨᠢᠮᠪᠠᠢ ᠲᠥᠯᠥᠪᠯᠡᠨ ᠪᠠᠶᠢᠷᠢᠯᠠᠭᠤᠯᠤᠭᠠᠳ᠂ ᠭᠤᠣᠯ ᠰᠡᠳᠦᠪᠲᠦ ᠬᠥᠮᠦᠵᠢᠯ ᠢ ᠯᠠᠪᠳᠠᠭᠤᠨ ᠪᠠᠲᠤᠲᠠᠢ | ᠡᠬᠢᠯᠡᠭᠦᠯᠬᠦ ᠶᠢ ᠠᠬᠢᠭᠤᠯᠵᠠᠢ᠃ 4 ᠳ᠋ᠦ᠋ᠭᠡᠷ ᠰᠠᠷ᠎ᠠ ᠶᠢᠨ 19 ᠤ ᠡᠳᠦᠷ ᠪᠣᠯᠲᠠᠯ᠎ᠠ᠂ ᠮᠠᠨ ᠤ ᠣᠷᠣᠨ ᠤ ᠨᠢᠭᠡᠳᠦᠭᠡᠷ | ᠪᠦᠯᠦᠭ ᠤᠨ 161 ᠰᠠᠯᠠᠭ᠎ᠠ ᠮᠥᠴᠢᠷ ᠨᠢᠭᠡᠴᠢ ᠭᠤᠣᠯ ᠰᠡᠳᠦᠪᠲᠦ ᠬᠥᠮᠦᠵᠢᠯ ᠢ ᠨᠢᠭᠡᠨᠲᠡ ᠪᠥᠬᠦ ᠲᠠᠯ᠎ᠠ ᠪᠠᠷ | ᠡᠬᠢᠯᠡᠭᠦᠯᠵᠦ᠂ ᠡᠮᠬᠢ ᠵᠢᠷᠤᠮ ᠲᠠᠢ ᠥᠷᠨᠢᠭᠦᠯᠪᠡ᠃ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠰᠢᠭᠤᠳ ᠬᠠᠷᠢᠶ᠎ᠠ ᠪᠠᠶᠢᠭᠤᠯᠭ᠎ᠠ ᠶᠢᠨ ᠠᠵᠢᠯ ᠤᠨ | ᠬᠤᠷᠢᠶ᠎ᠠ ᠲᠤᠰ ᠤᠳᠠᠭᠠᠨ ᠤ ᠭᠤᠣᠯ ᠰᠡᠳᠦᠪᠲᠦ ᠬᠥᠮᠦᠵᠢᠯ ᠢᠶᠠᠷ ᠲᠣᠬᠢᠶᠠᠯ ᠪᠣᠯᠭᠠᠨ᠂ ᠤᠬᠠᠮᠰᠠᠷ ᠠᠴᠠ ᠪᠠᠨ ᠨᠢᠭᠡ | ᠤᠳᠠᠭ᠎ᠠ ᠶᠢᠨ ᠪᠦᠬᠦ ᠲᠠᠯ᠎ᠠ ᠶᠢᠨ ᠭᠦᠨ ᠭᠦᠨᠵᠡᠭᠡᠢ ᠤᠯᠤᠰ ᠲᠦᠷᠦ ᠶᠢᠨ ᠬᠥᠮᠦᠵᠢᠯ᠂ ᠦᠵᠡᠯ ᠰᠠᠨᠠᠭᠠᠨ ᠤ | ᠰᠢᠷᠭᠠᠭᠠᠯᠲᠠ᠂ ᠤᠶᠤᠨ ᠰᠠᠨᠠᠭᠠᠨ ᠤ ᠳᠠᠪᠲᠠᠯᠲᠠ ᠶᠢ ᠬᠦᠯᠢᠶᠡᠵᠦ᠂ ᠠᠵᠢᠯ ᠤᠨ ᠬᠤᠷᠢᠶ᠎ᠠ ᠶᠢᠨ ᠪᠠᠶᠢᠭᠤᠯᠭ᠎ᠠ ᠶᠢᠨ | ᠪᠦᠯᠬᠦᠮᠳᠡᠨ ᠠᠵᠢᠯᠯᠠᠬᠤ᠂ ᠣᠷᠭᠢᠯᠤᠮ᠎ᠠ ᠰᠡᠳᠬᠢᠯᠭᠡ ᠲᠠᠢ ᠠᠵᠢᠯᠯᠠᠬᠤ᠂ ᠯᠠᠪᠳᠠᠭᠤᠨ ᠪᠠᠲᠤᠲᠠᠢ ᠠᠵᠢᠯᠯᠠᠬᠤ᠂ | ᠠᠷᠢᠭᠤᠨ ᠴᠢᠬᠡᠴᠢ ᠪᠠᠷ ᠠᠵᠢᠯᠯᠠᠬᠤ ᠠᠵᠢᠯ ᠤᠨ ᠠᠭᠤᠷ ᠠᠮᠢᠰᠬᠤᠯ ᠢ ᠪᠤᠢ ᠪᠣᠯᠭᠠᠵᠤ᠂ ᠤᠯᠤᠰ ᠲᠦᠷᠦ ᠪᠠᠲᠤ | ᠴᠢᠩᠭ᠎ᠠ᠂ ᠲᠤᠬᠠᠶᠢᠯᠠᠭᠰᠠᠨ ᠠᠵᠢᠯ ᠳᠤ ᠪᠠᠨ ᠭᠠᠷᠮᠠᠭᠠᠢ᠂ ᠬᠠᠷᠢᠭᠤᠴᠠᠯᠭ᠎ᠠ ᠪᠠᠲᠤ ᠴᠢᠩᠭ᠎ᠠ᠂ ᠰᠠᠬᠢᠯᠭ᠎ᠠ ᠪᠠᠲᠤ ᠪᠠᠲᠤ | ᠴᠢᠩᠭ᠎ᠠ᠂ ᠣᠪᠣᠷ ᠰᠤᠷᠲᠠᠯ ᠪᠠᠲᠤ ᠴᠢᠩᠭ᠎ᠠ ᠪᠠᠷ ᠢᠶᠠᠨ ᠬᠡᠪ ᠳᠠᠭᠤᠷᠢᠶᠠᠯ ᠪᠣᠯᠬᠤ ᠪᠠᠷ ᠴᠢᠷᠮᠠᠶᠢᠵᠤ ᠪᠠᠶᠢᠨ᠎ᠠ᠃ | ᠠᠵᠢᠯ ᠤᠨ ᠬᠤᠷᠢᠶ᠎ᠠ ᠶᠢᠨ ᠬᠢᠨ ᠣᠶᠢᠷ᠎ᠠ ᠶᠢᠨ ᠡᠳᠦᠷ ᠤᠳ ᠲᠤ ᠭᠤᠣᠯᠳᠠᠯᠭ᠎ᠠ ᠲᠠᠢ ᠪᠠᠶᠢᠴᠠᠭᠠᠨ ᠰᠤᠳᠤᠯᠬᠤ 4 | ᠰᠡᠳᠦᠪ ᠢ ᠤᠷᠢᠳ ᠢᠶᠠᠷ ᠰᠤᠳᠤᠯᠤᠨ ᠲᠣᠭᠲᠠᠭᠠᠵᠤ᠂ ᠠᠵᠢᠯ ᠤᠨ ᠬᠤᠷᠢᠶ᠎ᠠ ᠶᠢᠨ ᠤᠳᠤᠷᠢᠳᠬᠤ ᠪᠠᠭ ᠤᠨ ᠭᠡᠰᠢᠭᠦᠳ | ᠬᠥᠮᠥᠨ ᠪᠦᠷᠢ ᠲᠦᠷᠦᠭᠦᠯᠡᠨ 1 ᠰᠡᠳᠦᠪ ᠢᠶᠠᠷ ᠪᠠᠶᠢᠴᠠᠭᠠᠨ ᠰᠤᠳᠤᠯᠵᠤ᠂ 8 ᠳ᠋ᠤᠭᠠᠷ ᠰᠠᠷ᠎ᠠ ᠳᠤ ᠨᠢᠭᠡ ᠪᠦᠯᠦᠭ | ᠴᠢᠨᠠᠷ ᠰᠠᠶᠢᠲᠠᠢ ᠪᠠᠶᠢᠴᠠᠭᠠᠨ ᠰᠤᠳᠤᠯᠤᠯᠲᠠ ᠶᠢᠨ ᠦᠷ᠎ᠡ ᠪᠦᠲᠦᠭᠡᠯ ᠭᠠᠷᠭᠠᠬᠤ ᠪᠠᠷ ᠴᠢᠷᠮᠠᠶᠢᠨ᠎ᠠ᠃ ᠳᠠᠷᠠᠭᠠᠴᠢ ᠪᠠᠷ | ᠪᠠᠰᠠ ᠠᠵᠢᠯ ᠤᠨ ᠳᠤᠮᠳᠠᠬᠢ ᠲᠣᠪᠤᠶᠢᠮ᠎ᠠ ᠪᠡᠷᠬᠡ ᠠᠰᠠᠭᠤᠳᠠᠯ ᠤᠳ ᠲᠤ ᠴᠢᠭᠯᠡᠭᠦᠯᠦᠨ ᠪᠠᠶᠢᠴᠠᠭᠠᠨ ᠰᠤᠳᠤᠯᠬᠤ ᠠᠵᠢᠯ | ᠢ ᠦᠷᠭᠦᠯᠵᠢᠯᠡᠨ ᠥᠷᠨᠢᠭᠦᠯᠬᠦ ᠪᠣᠯᠣᠨ᠎ᠠ᠃ | ᠥᠪᠡᠷᠲᠡᠭᠡᠨ ᠵᠠᠰᠠᠬᠤ ᠣᠷᠣᠨ ᠤ ᠵᠠᠬᠢᠳᠠᠯ ᠰᠤᠷᠪᠤᠯᠵᠢᠯᠠᠯ ᠤᠨ ᠲᠣᠪᠴᠢᠶᠠᠨ ᠤ ᠨᠠᠮ ᠤᠨ ᠤᠳᠤᠷᠢᠳᠬᠤ | ᠳᠤᠭᠤᠶᠢᠯᠠᠩ ᠣᠶᠢᠷ᠎ᠠ ᠶᠢᠨ ᠡᠳᠦᠷ ᠤᠳ ᠲᠤ 3 ᠤᠳᠠᠭ᠎ᠠ ᠲᠣᠪᠴᠢᠶᠠᠨ ᠤ ᠨᠠᠮ ᠤᠨ ᠤᠳᠤᠷᠢᠳᠬᠤ ᠳᠤᠭᠤᠶᠢᠯᠠᠩ ︵ | ᠥᠷᠭᠡᠳᠬᠡᠭᠰᠡᠨ︶ ᠤᠨ ᠬᠤᠷᠠᠯ ᠬᠤᠷᠠᠯᠳᠤᠭᠤᠯᠵᠤ᠂ 2 ᠤᠳᠠᠭ᠎ᠠ ᠭᠤᠣᠯ ᠳᠤᠭᠤᠶᠢᠯᠠᠩ ᠢ ᠵᠣᠬᠢᠶᠠᠨ ᠪᠠᠶᠢᠭᠤᠯᠵᠤ | ᠬᠠᠮᠲᠤ ᠪᠠᠷ ᠰᠤᠷᠤᠯᠴᠠᠨ ᠰᠤᠳᠤᠯᠵᠤ᠂ ᠵᠠᠬᠢᠳᠠᠯ ᠰᠤᠷᠪᠤᠯᠵᠢᠯᠠᠯ ᠤᠨ ᠠᠵᠢᠯ ᠤᠨ ᠪᠣᠳᠠᠲᠤ ᠪᠠᠶᠢᠳᠠᠯ ᠲᠠᠢ | ᠤᠶᠠᠯᠳᠤᠭᠤᠯᠤᠨ ᠭᠤᠣᠯ ᠰᠡᠳᠦᠪᠲᠦ ᠬᠥᠮᠦᠵᠢᠯ ᠤᠨ ᠬᠡᠷᠡᠭᠵᠢᠭᠦᠯᠬᠦ ᠲᠥᠰᠥᠯ ᠢ ᠰᠤᠳᠤᠯᠤᠨ ᠨᠠᠷᠢᠯᠢᠭᠵᠢᠭᠤᠯᠵᠤ᠂ | ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠪᠠᠶᠢᠷᠢᠯᠠᠭᠤᠯᠵᠠᠢ᠃ 4 ᠳ᠋ᠦ᠋ᠭᠡᠷ ᠰᠠᠷ᠎ᠠ ᠶᠢᠨ 19 ᠤ ᠡᠳᠦᠷ ᠠᠴᠠ | 20 ᠤ ᠡᠳᠦᠷ ᠪᠣᠯᠲᠠᠯ᠎ᠠ᠂ ᠲᠣᠪᠴᠢᠶ᠎ᠠ ᠶᠢᠨ ᠤᠳᠤᠷᠢᠳᠬᠤ ᠪᠠᠭ ᠤᠨ ᠭᠡᠰᠢᠭᠦᠳ ᠲᠣᠰ ᠲᠣᠰ ᠪᠦᠯᠬᠦᠮ ᠳᠠᠭᠠᠭᠤᠯᠤᠨ | ᠦᠨᠳᠦᠰᠦᠨ ᠱᠠᠲᠤᠨ ᠳᠤ ᠭᠦᠨᠵᠡᠭᠡᠶᠢᠷᠡᠨ ᠳᠣᠷᠣᠭᠰᠢ ᠪᠠᠭᠤᠵᠤ ᠰᠤᠷᠪᠤᠯᠵᠢᠯᠠᠯ ᠢ ᠭᠥᠯᠢᠶᠡᠨ ᠠᠪᠤᠭᠰᠠᠨ ᠪᠠ | ᠪᠠᠶᠢᠴᠠᠭᠠᠨ ᠰᠤᠳᠤᠯᠵᠠᠢ᠃ ︽ᠰᠢᠮᠳᠠᠭᠤᠯᠤᠨ ᠪᠠᠶᠢᠴᠠᠭᠠᠯᠲᠠ ᠵᠠᠬᠢᠳᠠᠯ ᠰᠤᠷᠪᠤᠯᠵᠢᠯᠠᠯ ᠪᠠᠶᠢᠴᠠᠭᠠᠨ ᠰᠤᠳᠤᠯᠤᠯᠲᠠ︾ | ᠭᠤᠷᠪᠠᠨ ᠶᠡᠭᠡ ᠠᠵᠢᠯᠯᠠᠭ᠎ᠠ ᠲᠠᠢ ᠤᠶᠠᠯᠳᠤᠭᠤᠯᠵᠤ᠂ ᠠᠷᠠᠳ ᠤᠨ ᠪᠠᠶᠢᠳᠠᠯ ᠢ ᠭᠦᠨᠵᠡᠭᠡᠢ ᠣᠶᠢᠯᠠᠭᠠᠵᠤ᠂ ᠠᠷᠠᠳ ᠤᠨ | ᠵᠣᠪᠠᠨᠢᠯ ᠢ ᠪᠦᠬᠦ ᠬᠦᠴᠦᠨ ᠢᠶᠠᠷ ᠢᠶᠠᠨ ᠰᠢᠢᠳᠪᠦᠷᠢᠯᠡᠵᠦ᠂ ᠴᠢᠩ ᠰᠡᠳᠬᠢᠯ ᠠᠴᠠ ᠪᠠᠨ ᠠᠷᠠᠳ ᠲᠤ ᠠᠰᠢᠭ | ᠬᠦᠷᠲᠡᠭᠡᠵᠦ᠂ ᠪᠠᠶᠢᠴᠠᠭᠠᠨ ᠰᠤᠳᠤᠯᠤᠯᠲᠠ ᠶᠢᠨ ᠦᠷ᠎ᠡ ᠪᠦᠲᠦᠭᠡᠯ ᠢ ᠠᠵᠢᠯ ᠢᠶᠠᠨ ᠠᠬᠢᠭᠤᠯᠬᠤ ᠪᠣᠳᠠᠲᠠᠢ ᠠᠷᠭ᠎ᠠ | ᠬᠡᠮᠵᠢᠶ᠎ᠡ ᠪᠣᠯᠭᠠᠨ ᠦᠨᠡᠨ ᠬᠦ ᠤᠯᠠᠷᠢᠯᠠᠭᠤᠯᠤᠨᠠ᠃ ᠵᠠᠬᠢᠳᠠᠯ ᠰᠤᠷᠪᠤᠯᠵᠢᠯᠠᠯ ᠤᠨ ᠠᠰᠠᠭᠤᠳᠠᠯ ᠢ ᠡᠬᠢ | ᠡᠭᠦᠰᠦᠯ ᠠᠴᠠ ᠨᠢ ᠵᠠᠰᠠᠬᠤ ᠶᠢ ᠴᠢᠩᠭᠠᠳᠬᠠᠬᠤ᠂ ᠵᠠᠬᠢᠳᠠᠯ ᠰᠤᠷᠪᠤᠯᠵᠢᠯᠠᠯ ᠤᠨ ᠣᠷᠣᠯᠠᠨ ᠭᠦᠢᠴᠡᠳᠬᠡᠬᠦ ᠳᠦᠷᠢᠮ ᠢ | ᠬᠡᠷᠡᠭᠵᠢᠭᠦᠯᠬᠦ᠂ ᠵᠠᠬᠢᠳᠠᠯ ᠰᠤᠷᠪᠤᠯᠵᠢᠯᠠᠯ ᠤᠨ ᠲᠣᠪᠤᠶᠢᠮ᠎ᠠ ᠠᠰᠠᠭᠤᠳᠠᠯ ᠳᠤ ᠪᠣᠭᠤᠮᠲᠠ ᠰᠢᠪᠲᠤᠯᠤᠯᠲᠠ ᠬᠢᠬᠦ ᠪᠠ | ᠵᠠᠬᠢᠳᠠᠯ ᠰᠤᠷᠪᠤᠯᠵᠢᠯᠠᠯ ᠤᠨ ᠳᠦᠷᠢᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠪᠦᠬᠦ ᠣᠷᠣᠨ ᠤ ᠵᠠᠬᠢᠳᠠᠯ | ᠰᠤᠷᠪᠤᠯᠵᠢᠯᠠᠯ ᠤᠨ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠵᠢᠳᠬᠦᠯ ᠴᠢᠷᠮᠠᠶᠢᠯᠭ᠎ᠠ ᠰᠢᠨ᠎ᠡ ᠦᠷ᠎ᠡ | ᠪᠦᠲᠦᠮᠵᠢ ᠪᠠᠷ ᠭᠤᠣᠯ ᠰᠡᠳᠦᠪᠲᠦ ᠬᠥᠮᠦᠵᠢᠯ ᠤᠨ ᠦᠷ᠎ᠡ ᠪᠦᠲᠦᠭᠡᠯ ᠢ ᠰᠢᠯᠭᠠᠨ ᠪᠠᠶᠢᠴᠠᠭᠠᠨ᠎ᠠ ᠭᠡᠵᠦ | ᠤᠯᠠᠨ ᠢᠶᠠᠷ ᠢᠶᠠᠨ ᠢᠯᠡᠳᠬᠡᠵᠡᠭᠡᠪᠡ᠃ | ︽ᠪᠢᠳᠠ ᠤᠳᠤᠷᠢᠳᠬᠤ ᠺᠠᠳ᠋ᠷᠴᠤᠳ ᠲᠦᠷᠦᠭᠦᠯᠡᠨ ᠰᠤᠷᠤᠯᠴᠠᠬᠤ ᠪᠠᠷ ᠳᠠᠮᠵᠢᠭᠤᠯᠵᠤ᠂ ᠪᠦᠬᠦ ᠪᠠᠶᠢᠴᠠᠭᠠᠬᠤ | ᠠᠵᠢᠯᠲᠠᠳ ᠤᠨ ᠰᠤᠷᠤᠯᠴᠠᠯᠭ᠎ᠠ ᠶᠢ ᠨᠢᠭᠡ ᠵᠦᠢᠯ ᠤᠨ ᠠᠮᠢᠳᠤᠷᠠᠯ ᠤᠨ ᠣᠪᠣᠷ᠂ ᠨᠢᠭᠡ ᠵᠦᠢᠯ ᠤᠨ ᠠᠵᠢᠯ ᠤᠨ | ᠬᠠᠷᠢᠭᠤᠴᠠᠯᠭ᠎ᠠ᠂ ᠨᠢᠭᠡ ᠵᠦᠢᠯ ᠤᠨ ᠤᠶᠤᠨ ᠰᠠᠨᠠᠭᠠᠨ ᠤ ᠬᠥᠭᠡᠭᠡᠴᠡᠯᠳᠦᠯ ᠪᠣᠯᠭᠠᠬᠤ ᠬᠡᠷᠡᠭᠲᠡᠢ᠃ ᠬᠤᠶᠢᠰᠢᠳᠠ ᠤᠭ | ᠵᠣᠬᠢᠶᠠᠯ ᠢ ᠤᠩᠰᠢᠬᠤ᠂ ᠤᠭ ᠵᠣᠬᠢᠶᠠᠯ ᠢ ᠰᠤᠷᠬᠤ᠂ ᠤᠭ ᠶᠣᠰᠣ ᠶᠢ ᠣᠶᠢᠯᠠᠭᠠᠬᠤ ᠪᠠᠷ ᠳᠠᠮᠵᠢᠭᠤᠯᠤᠨ᠂ | ᠪᠠᠶᠢᠴᠠᠭᠠᠬᠤ ᠠᠵᠢᠯ ᠤᠨ ᠪᠣᠳᠠᠲᠤ ᠪᠠᠶᠢᠳᠠᠯ ᠲᠠᠢ ᠨᠢᠭᠲᠠ ᠤᠶᠠᠯᠳᠤᠭᠤᠯᠤᠨ᠂ ︿ᠲᠠᠪᠤᠨ ᠶᠡᠭᠡ ᠡᠭᠦᠷᠭᠡ﹀ ᠪᠠ ︿ | ᠵᠢᠱᠢᠶᠡᠴᠢ ᠥᠪᠡᠷᠲᠡᠭᠡᠨ ᠵᠠᠰᠠᠬᠤ ᠣᠷᠣᠨ﹀ ᠢ ᠪᠦᠬᠦ ᠲᠠᠯ᠎ᠠ ᠪᠠᠷ ᠪᠠᠶᠢᠭᠤᠯᠬᠤ ᠬᠤᠶᠠᠷ ᠶᠡᠭᠡ ᠶᠠᠪᠤᠳᠠᠯ ᠲᠠᠢ | ᠤᠶᠠᠯᠳᠤᠭᠤᠯᠤᠨ᠂ ᠥᠪᠡᠷᠲᠡᠭᠡᠨ ᠵᠠᠰᠠᠬᠤ ᠣᠷᠣᠨ ᠤ ᠪᠠᠶᠢᠴᠠᠭᠠᠬᠤ ᠬᠤᠷᠢᠶᠠᠨ ᠤ ᠲᠣᠭᠲᠠᠭᠠᠭᠰᠠᠨ ᠪᠠᠶᠢᠴᠠᠭᠠᠨ | ᠰᠤᠳᠤᠯᠬᠤ ᠰᠡᠳᠦᠪ ᠤᠨ ᠲᠣᠭᠤᠷᠢᠨ ᠳᠤ ᠪᠠᠶᠢᠴᠠᠭᠠᠨ ᠰᠤᠳᠤᠯᠬᠤ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠵᠦ᠂ ︿ | ᠪᠠᠶᠢᠴᠠᠭᠠᠬᠤ﹀ ︿ᠰᠤᠳᠤᠯᠬᠤ﹀ ︿ᠬᠡᠷᠡᠭᠯᠡᠬᠦ﹀ ᠶᠢ ᠵᠡᠷᠭᠡ ᠪᠠᠷ ᠴᠢᠬᠤᠯᠠᠴᠢᠯᠠᠬᠤ ᠶᠢ ᠪᠠᠷᠢᠮᠲᠠᠯᠠᠨ᠂ ᠰᠤᠷᠤᠯᠴᠠᠯᠭ᠎ᠠ ᠪᠠ | ᠪᠠᠶᠢᠴᠠᠭᠠᠨ ᠰᠤᠳᠤᠯᠤᠭᠰᠠᠨ ᠦᠷ᠎ᠡ ᠪᠦᠲᠦᠭᠡᠯ ᠢᠶᠠᠨ ᠪᠠᠶᠢᠴᠠᠭᠠᠬᠤ ᠠᠵᠢᠯ ᠤᠨ ᠪᠡᠷᠬᠡ ᠰᠡᠳᠦᠪ ᠢ ᠰᠢᠢᠳᠪᠦᠷᠢᠯᠡᠬᠦ ᠶᠢ | ᠠᠬᠢᠭᠤᠯᠬᠤ ᠰᠡᠳᠬᠢᠴᠡ ᠪᠠ ᠠᠷᠭ᠎ᠠ ᠵᠠᠮ ᠪᠣᠯᠭᠠᠨ ᠬᠤᠪᠢᠷᠠᠭᠤᠯᠬᠤ ᠪᠠᠷ ᠴᠢᠷᠮᠠᠶᠢᠨ᠎ᠠ᠃ ᠪᠦᠬᠦ ᠣᠷᠣᠨ ᠤ ᠠᠵᠤ | ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠦᠢᠯᠡᠴᠢᠯᠡᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠠᠵᠤ | ᠠᠬᠤᠶᠢᠯᠠᠯ ᠤᠨ ᠳᠦᠷᠢᠮ ᠳᠤ ᠨᠡᠶᠢᠴᠡᠬᠦ ᠥᠭᠡᠷᠡᠴᠢᠯᠡᠯᠲᠡ ᠶᠢ ᠪᠦᠬᠦ ᠬᠦᠴᠦᠨ ᠢᠶᠠᠷ ᠢᠶᠠᠨ ᠠᠬᠢᠭᠤᠯᠬᠤ᠂ ᠬᠢᠯᠢ ᠳᠠᠭᠠᠤ | ᠬᠢᠯᠢ ᠶᠢᠨ ᠪᠣᠭᠤᠮᠲᠠ ᠶᠢᠨ ᠪᠠᠶᠢᠴᠠᠭᠠᠬᠤ ᠠᠵᠢᠯ ᠤᠨ ᠨᠢᠭᠡᠳᠦᠯᠲᠡᠢ ᠠᠵᠢᠯᠯᠠᠭ᠎ᠠ ᠪᠠ ᠬᠦᠨᠳᠦ ᠬᠥᠩᠭᠡᠨ ᠢ | ᠬᠤᠣᠰᠯᠠᠭᠤᠯᠤᠨ ᠶᠡᠭᠡ ᠲᠠᠯ᠎ᠠ ᠶᠢᠨ ᠠᠮᠤᠷ ᠲᠣᠭᠲᠠᠭᠤᠨ ᠢ ᠬᠠᠮᠠᠭᠠᠯᠠᠬᠤ᠂ ᠪᠠᠶᠢᠴᠠᠭᠠᠬᠤ ᠠᠵᠢᠯ ᠢ ᠪᠣᠳᠠᠲᠠᠢ ᠬᠢᠵᠦ | ᠠᠷᠠᠳ ᠲᠦᠮᠡᠨ ᠳᠤ ᠦᠢᠯᠡᠴᠢᠯᠡᠬᠦ ᠵᠡᠷᠭᠡ ᠲᠠᠯ᠎ᠠ ᠪᠠᠷ ᠰᠢᠨ᠎ᠡ ᠦᠷ᠎ᠡ ᠪᠦᠲᠦᠮᠵᠢ ᠣᠯᠬᠤ ᠪᠠᠷ ᠴᠢᠷᠮᠠᠶᠢᠨ᠎ᠠ︾ ᠭᠡᠵᠦ | ᠥᠪᠡᠷᠲᠡᠭᠡᠨ ᠵᠠᠰᠠᠬᠤ ᠣᠷᠣᠨ ᠤ ᠪᠠᠶᠢᠴᠠᠭᠠᠬᠤ ᠬᠤᠷᠢᠶᠠᠨ ᠤ ᠪᠠᠶᠢᠭᠤᠯᠭ᠎ᠠ ᠶᠢᠨ ᠨᠠᠮ ᠤᠨ ᠬᠤᠷᠢᠶᠠᠨ ᠤ ᠲᠤᠰᠬᠠᠢ | ᠲᠤᠰᠢᠶᠠᠯᠲᠤ ᠳᠡᠳ᠋ ᠱᠦᠵᠢ ᠭᠦᠸᠧ ᠵᠢᠶᠠᠨ ᠹᠧᠢ ᠬᠡᠯᠡᠵᠡᠢ᠃ | ᠡᠯ᠎ᠡ ᠰᠠᠯᠠᠭ᠎ᠠ ᠮᠥᠴᠢᠷ ᠨᠢᠭᠡᠴᠢ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠢ ᠣᠨᠣᠪᠴᠢᠲᠠᠢ ᠡᠵᠡᠮᠳᠡᠵᠦ᠂ | ᠬᠠᠷᠠᠯᠲᠠ ᠡᠭᠦᠷᠭᠡ ᠳᠤ ᠳᠡᠭᠡᠳᠦ ᠬᠡᠮᠵᠢᠶ᠎ᠡ ᠪᠠᠷ ᠠᠩᠬᠠᠷᠤᠯ ᠢᠶᠠᠨ ᠲᠥᠪᠯᠡᠷᠡᠭᠦᠯᠵᠦ᠂ ᠡᠯ᠎ᠡ ᠵᠦᠢᠯ ᠤᠨ | ᠭᠤᠣᠯᠳᠠᠯᠭ᠎ᠠ ᠲᠠᠢ ᠠᠷᠭ᠎ᠠ ᠬᠡᠮᠵᠢᠶ᠎ᠡ ᠶᠢ ᠴᠢᠷᠮᠠᠶᠢᠨ ᠪᠣᠳᠠᠲᠠᠢ ᠠᠳᠬᠤᠵᠤ᠂ ᠭᠤᠣᠯ ᠰᠡᠳᠦᠪᠲᠦ ᠬᠥᠮᠦᠵᠢᠯ ᠤᠨ | ᠯᠠᠪᠳᠠᠭᠤᠨ ᠪᠠᠲᠤᠲᠠᠢ ᠡᠮᠬᠢ ᠵᠢᠷᠤᠮ ᠲᠠᠢ ᠥᠷᠨᠢᠬᠦ ᠶᠢ ᠠᠬᠢᠭᠤᠯᠵᠤ ᠪᠠᠶᠢᠨ᠎ᠠ᠃ ᠭᠤᠣᠯ ᠰᠡᠳᠦᠪᠲᠦ ᠬᠥᠮᠦᠵᠢᠯ ᠤᠨ | ᠭᠦᠨᠵᠡᠭᠡᠢ ᠥᠷᠨᠢᠬᠦ ᠶᠢ ᠳᠠᠭᠠᠯᠳᠤᠨ᠂ ᠥᠷᠭᠡᠨ ᠤᠯᠠᠨ ᠨᠠᠮ ᠤᠨ ᠭᠡᠰᠢᠭᠦᠳ᠂ ᠺᠠᠳ᠋ᠷᠴᠤᠳ ᠯᠠᠪᠳᠠᠶ᠎ᠠ ᠰᠢ ᠶᠢᠨ | ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ | ᠰᠠᠨᠠᠭ᠎ᠠ ᠠᠴᠠ ᠴᠥᠬᠦᠷᠡᠰᠢ ᠦᠭᠡᠢ ᠲᠡᠮᠡᠴᠡᠬᠦ ᠬᠥᠳᠡᠯᠭᠡᠭᠦ ᠬᠦᠴᠦᠨ ᠢ ᠣᠯᠵᠤ᠂ ᠰᠢᠨ᠎ᠡ ᠠᠶᠠᠨ ᠳᠤ ᠡᠷᠡᠯᠬᠡᠭᠯᠡᠨ | ᠤᠷᠤᠭᠰᠢᠯᠠᠬᠤ᠂ ᠰᠢᠨ᠎ᠡ ᠴᠠᠭ ᠦᠶ᠎ᠡ ᠳᠤ ᠭᠠᠪᠢᠶ᠎ᠠ ᠪᠠᠶᠢᠭᠤᠯᠬᠤ ᠰᠦᠷ ᠳᠠᠯᠠᠶᠢᠴᠠᠲᠠᠢ ᠠᠤᠭ᠎ᠠ ᠬᠦᠴᠦᠨ ᠢ | ᠨᠢᠭᠲᠠᠷᠠᠭᠤᠯᠬᠤ ᠪᠣᠯᠣᠨ᠎ᠠ᠃ |