ᠮᠠᠨ ᠤ ᠣᠷᠣᠨ ᠨᠢᠭᠡᠳᠦᠭᠡᠷ ᠤᠯᠠᠷᠢᠯ ᠳᠤ 432.3 ᠳ᠋ᠦᠩᠰᠢᠭᠤᠷ ᠲᠥᠭᠦᠷᠢᠭ ᠤᠨ ᠪᠡᠯᠡ ᠮᠥᠩᠭᠦ ᠶᠢ ᠣᠷᠣᠭᠤᠯᠤᠨ ᠠᠪᠴᠢᠷᠠᠪᠠ
ᠨᠡᠶᠢᠲᠡᠯᠡᠭᠰᠡᠨ ᠴᠠᠭ᠄
2023/5/4
     ᠡᠨᠡ ᠵᠢᠯ ᠠᠴᠠ ᠨᠠᠭᠠᠰᠢ᠂ ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ ᠪᠦᠭᠦ ᠣᠷᠣᠨ ᠤ ᠠᠷᠠᠯᠵᠢᠶᠠᠴᠢᠨ ᠤᠷᠢᠵᠤ ᠪᠡᠯᠡ ᠮᠥᠩᠭᠦ ᠣᠷᠣᠭᠤᠯᠤᠨ ᠠᠪᠴᠢᠷᠠᠬᠤ ᠵᠢᠴᠢ ᠬᠤᠳᠠᠯᠳᠤᠭ᠎ᠠ ᠡᠷᠭᠢᠯᠡᠭᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠶᠡᠭᠡ ᠬᠤᠷᠠᠯ ᠤᠨ ᠵᠣᠷᠢᠭ ᠰᠠᠨᠠᠭ᠎ᠠ ᠶᠢ ᠨᠠᠶᠢᠳᠠᠪᠤᠷᠢᠵᠢᠭᠤᠯᠵᠤ᠂ ᠠᠵᠢᠯ ᠤᠨ ᠲᠣᠭᠲᠠᠴᠠ ᠪᠠᠨ ᠲᠠᠰᠤᠷᠠᠯᠲᠠ ᠦᠭᠡᠢ ᠲᠡᠭᠦᠯᠳᠡᠷᠵᠢᠭᠦᠯᠦᠨ᠂ ᠠᠵᠢᠯ ᠤᠨ ᠠᠷᠭ᠎ᠠ ᠬᠡᠮᠵᠢᠶ᠎ᠡ ᠪᠠᠨ ᠪᠣᠳᠠᠲᠠᠢ ᠠᠳᠬᠤᠵᠤ ᠂ ᠨᠢᠭᠡᠳᠦᠭᠡᠷ ᠤᠯᠠᠷᠢᠯ ᠳᠤ 432.3 ᠳ᠋ᠦᠩᠰᠢᠭᠤᠷ ᠲᠥᠭᠦᠷᠢᠭ ᠤᠨ ᠤᠯᠤᠰ ᠤᠨ ᠳᠣᠲᠣᠭᠠᠳᠤ ᠶᠢᠨ ᠪᠡᠯᠡ ᠮᠥᠩᠭᠦ ᠶᠢ ᠣᠷᠣᠭᠤᠯᠤᠨ ᠠᠪᠴᠢᠷᠠᠵᠤ᠂ ᠠᠳᠠᠯᠢ ᠬᠤᠭᠤᠴᠠᠭᠠᠨ ᠤ ᠬᠢ ᠠᠴᠠ 52% ᠢᠶᠠᠷ ᠨᠡᠮᠡᠭᠳᠡᠵᠦ᠂ ᠠᠷᠠᠯᠵᠢᠶᠠᠴᠢᠨ ᠤᠷᠢᠵᠤ ᠪᠡᠯᠡ ᠮᠥᠩᠭᠦ ᠣᠷᠣᠭᠤᠯᠤᠨ ᠠᠪᠴᠢᠷᠠᠬᠤ ᠠᠵᠢᠯ ᠤᠨ ᠲᠦᠷᠦᠭᠦᠦ ᠤᠯᠠᠷᠢᠯ ᠤᠨ ᠰᠠᠶᠢᠨ ᠡᠬᠢᠯᠡᠯᠲᠡ ᠶᠢ ᠪᠡᠶᠡᠯᠡᠭᠦᠯᠪᠡ᠃      ᠣᠶᠢᠯᠠᠭᠠᠭᠰᠠᠨ ᠢᠶᠠᠷ᠂ ᠨᠢᠭᠡᠳᠦᠭᠡᠷ ᠤᠯᠠᠷᠢᠯ ᠳᠤ ᠡᠯ᠎ᠡ ᠠᠶᠢᠮᠠᠭ ᠬᠤᠲᠠ ᠶᠢᠨ ᠨᠠᠮ ᠵᠠᠰᠠᠭ ᠤᠨ ᠭᠤᠣᠯ ᠤᠳᠤᠷᠢᠳᠤᠯᠭ᠎ᠠ ᠪᠦᠯᠬᠦᠮ ᠳᠠᠭᠠᠭᠤᠯᠤᠨ ᠭᠠᠳᠠᠭᠰᠢ ᠭᠠᠷᠴᠤ 76 ᠤᠳᠠᠭ᠎ᠠ ᠠᠷᠠᠯᠵᠢᠶᠠᠴᠢᠨ ᠤᠷᠢᠵᠤ᠂ ᠠᠷᠠᠯᠵᠢᠶᠠᠴᠢᠨ ᠤᠷᠢᠵᠤ ᠪᠡᠯᠡ ᠮᠥᠩᠭᠦ ᠣᠷᠣᠭᠤᠯᠤᠨ ᠠᠪᠴᠢᠷᠠᠬᠤ ᠲᠥᠷᠥᠯ ᠵᠦᠢᠯ ᠤᠨ ᠭᠡᠷ᠎ᠡ ᠲᠣᠭᠲᠠᠬᠤ ᠶᠡᠭᠡ ᠬᠤᠷᠠᠯ᠂ ᠲᠥᠷᠥᠯ ᠵᠦᠢᠯ ᠢ ᠲᠠᠨᠢᠯᠴᠠᠭᠤᠯᠬᠤ ᠬᠤᠷᠠᠯ ᠵᠡᠷᠭᠡ 50 ᠭᠠᠷᠤᠢ ᠲᠣᠮᠣ ᠬᠡᠯᠪᠡᠷᠢ ᠶᠢᠨ ᠲᠤᠰᠬᠠᠢ ᠠᠵᠢᠯᠯᠠᠭ᠎ᠠ ᠶᠢ ᠡᠷᠭᠢᠯᠡᠪᠡ᠃ 3 ᠰᠠᠷ᠎ᠠ ᠶᠢᠨ 20 ᠤ ᠡᠳᠦᠷ᠂ ᠥᠪᠡᠷᠲᠡᠭᠡᠨ ᠵᠠᠰᠠᠬᠤ ᠣᠷᠣᠨ ᠬᠢᠭᠡᠳ ᠲᠥᠪ ᠤᠨ ᠠᠵᠤ ᠠᠬᠤᠶᠢᠯᠠᠯ ᠤᠨ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠬᠦ ᠶᠠᠷᠢᠯᠴᠠᠬᠤ ᠬᠤᠷᠠᠯ ᠵᠢᠴᠢ ᠪᠡᠭᠡᠵᠢᠩ ᠲᠢᠶᠠᠨᠵᠢᠨ ᠾᠧᠪᠧᠢ ᠶᠢᠨ ᠠᠷᠠᠯᠵᠢᠶᠠᠴᠢᠨ ᠤᠷᠢᠵᠤ ᠪᠡᠯᠡ ᠮᠥᠩᠭᠦ ᠣᠷᠣᠭᠤᠯᠤᠨ ᠠᠪᠴᠢᠷᠠᠬᠤ ᠲᠠᠨᠢᠯᠴᠠᠭᠤᠯᠭ᠎ᠠ ᠵᠢᠴᠢ ᠲᠥᠷᠥᠯ ᠵᠦᠢᠯ ᠤᠨ ᠭᠡᠷ᠎ᠡ ᠲᠣᠭᠲᠠᠬᠤ ᠠᠵᠢᠯᠯᠠᠭ᠎ᠠ ᠪᠡᠭᠡᠵᠢᠩ ᠳᠤ ᠶᠠᠪᠤᠭᠳᠠᠵᠤ᠂ 9 ᠬᠦᠷᠢᠶ᠎ᠡ ᠴᠠᠷᠠᠭ᠎ᠠ ᠶᠢᠨ 80 ᠲᠥᠷᠥᠯ ᠵᠦᠢᠯ ᠳᠤ ᠠᠮᠵᠢᠯᠲᠠ ᠲᠠᠢ ᠭᠠᠷ ᠤᠨ ᠥᠰᠥᠭ ᠵᠢᠷᠤᠪᠠ᠃ 4 ᠰᠠᠷ᠎ᠠ ᠶᠢᠨ 24 ᠤ ᠡᠳᠦᠷ ᠠᠴᠠ ᠡᠬᠢᠯᠡᠨ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ︽︿ᠵᠧᠵᠢᠶᠠᠩ﹀ ᠳᠤ ᠬᠦᠷᠴᠦ ᠲᠠᠯ᠎ᠠ ᠨᠤᠲᠤᠭ ᠲᠠᠢ ᠪᠣᠯᠵᠣᠬᠤ︾ ᠭᠤᠣᠯ ᠰᠡᠳᠦᠪ ᠪᠦᠬᠦᠢ ᠵᠧᠵᠢᠶᠠᠩ ᠮᠤᠵᠢ ᠶᠢᠨ ᠬᠠᠩᠵᠧᠦ ᠬᠤᠲᠠ ᠳᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠯᠵᠢᠶᠠᠴᠢᠨ ᠤᠷᠢᠵᠤ ᠪᠡᠯᠡ ᠮᠥᠩᠭᠦ ᠣᠷᠣᠭᠤᠯᠤᠨ ᠠᠪᠴᠢᠷᠠᠬᠤ ᠲᠠᠨᠢᠯᠴᠠᠭᠤᠯᠭ᠎ᠠ ᠶᠢᠨ ᠬᠤᠷᠠᠯ ᠵᠢᠴᠢ ᠬᠠᠮᠲᠤᠷᠠᠯᠴᠠᠭᠠᠨ ᠤ ᠲᠥᠷᠥᠯ ᠵᠦᠢᠯ ᠳᠤ ᠭᠠᠷ ᠤᠨ ᠦᠰᠦᠭ ᠵᠢᠷᠤᠬᠤ ᠶᠣᠰᠣᠯᠠᠯ ︵ᠬᠥᠬᠡᠮᠥ᠋ᠷᠡᠨ ᠤ ᠭᠤᠷᠪᠠᠯᠵᠢᠨ ᠬᠤᠶᠢᠭ ᠤᠨ ᠭᠠᠵᠠᠷ ᠣᠷᠣᠨ︶ ᠵᠡᠷᠭᠡ ᠰᠢᠷᠢᠰ ᠠᠵᠢᠯᠯᠠᠭ᠎ᠠ ᠥᠷᠨᠢᠭᠦᠯᠬᠦ ᠪᠣᠯᠣᠨ᠎ᠠ᠃      ︽ᠲᠠᠷᠠᠭᠠᠴᠢ ᠶᠢᠨ ᠠᠯᠬᠤᠮ ᠳᠤ᠂ ᠪᠢᠳᠡ ᠪᠠᠰᠠ ᠠᠷᠠᠯᠵᠢᠶᠠᠴᠢᠨ ᠤᠷᠢᠵᠤ ᠪᠡᠯᠡ ᠮᠥᠩᠭᠦ ᠣᠷᠣᠭᠤᠯᠤᠨ ᠠᠪᠴᠢᠷᠠᠬᠤ ᠭᠤᠣᠯᠳᠠᠯᠭ᠎ᠠ ᠲᠠᠢ ᠡᠭᠦᠷᠭᠡ ᠳᠤ ᠠᠩᠬᠠᠷᠤᠯ ᠢᠶᠠᠨ ᠲᠥᠪᠯᠡᠷᠡᠭᠦᠯᠵᠦ᠂ ᠠᠷᠠᠯᠵᠢᠶᠠᠴᠢᠨ ᠤᠷᠢᠬᠤ ᠲᠠᠪᠴᠠᠩ ᠢ ᠤᠯᠠᠮ ᠴᠢᠨᠠᠭᠰᠢᠳᠠ ᠪᠠᠶᠢᠭᠤᠯᠵᠤ᠂ ᠬᠠᠮᠲᠤᠷᠠᠯᠴᠠᠭ᠎ᠠ ᠰᠣᠯᠢᠯᠴᠠᠭ᠎ᠠ ᠪᠠᠨ ᠥᠷᠭᠡᠳᠬᠡᠨ᠎ᠡ᠃ 3900 ᠳ᠋ᠦᠩᠰᠢᠭᠤᠷ ᠲᠥᠭᠦᠷᠢᠭ ᠤᠨ ᠤᠯᠤᠰ ᠤᠨ ᠳᠣᠲᠣᠭᠠᠳᠤ ᠶᠢᠨ ᠪᠡᠯᠡ ᠮᠥᠩᠭᠦ ᠶᠢ ᠣᠷᠣᠭᠤᠯᠵᠤ ᠠᠪᠴᠢᠷᠠᠬᠤ ᠣᠨ ᠤ ᠬᠠᠷᠠᠯᠲᠠ ᠶᠢ ᠪᠦᠭᠦ ᠬᠦᠴᠦᠨ ᠢᠶᠠᠷ ᠢᠶᠠᠨ ᠪᠡᠶᠡᠯᠡᠭᠦᠯᠦᠨ᠎ᠡ︾ ᠭᠡᠵᠦ ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ ᠤᠨ ᠬᠠᠮᠢᠶ᠎ᠠ ᠪᠦᠬᠦᠢ ᠬᠠᠷᠢᠭᠤᠴᠠᠯᠭᠠᠲᠠᠨ ᠢᠯᠡᠳᠬᠡᠪᠡ᠃
 
ᠢᠷᠡᠯᠲᠡ᠄ ᠦᠪᠦᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号