ᠭᠦᠨᠵᠡᠭᠡᠢ ᠰᠤᠷᠤᠯᠴᠠᠨ ᠨᠠᠷᠢᠯᠢᠭ ᠤᠬᠠᠵᠤ ᠯᠠᠪᠳᠠᠭᠤᠨ ᠪᠠᠲᠤᠲᠠᠢ ᠵᠠᠮᠨᠠᠵᠤ ᠡᠷᠳᠡᠮ ᠴᠢᠳᠠᠪᠤᠷᠢ ᠪᠠᠨ ᠨᠡᠮᠡᠭᠳᠡᠭᠦᠯᠦᠨ᠎ᠡ  ᠮᠠᠨ ᠤ ᠣᠷᠣᠨ ᠤ ᠡᠯ᠎ᠡ ᠰᠠᠯᠠᠭ᠎ᠠ ᠮᠥᠴᠢᠷ ᠡᠯ᠎ᠡ ᠨᠢᠭᠡᠴᠢ ᠶᠢᠨ ᠬᠢᠨ ᠨᠣᠮ ᠤᠩᠰᠢᠬᠤ ᠠᠩᠭᠢ ᠡᠷᠭᠢᠯᠡᠵᠦ ᠭᠤᠣᠯ ᠰᠡᠳᠦᠪᠲᠦ ᠬᠥᠮᠦᠵᠢᠯ ᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ ᠠᠬᠢᠭᠤᠯᠵᠤ ᠪᠤᠢ
ᠨᠡᠶᠢᠲᠡᠯᠡᠭᠰᠡᠨ ᠴᠠᠭ᠄
2023/5/4
      ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠭᠤᠣᠯ ᠰᠡᠳᠦᠪᠲᠦ ᠬᠥᠮᠦᠵᠢᠯ ᠢ ᠯᠠᠪᠳᠠᠭᠤᠨ ᠪᠠᠲᠤᠲᠠᠢ ᠥᠷᠨᠢᠭᠦᠯᠬᠦ ᠶᠢᠨ ᠲᠥᠯᠥᠭᠡ᠂ ᠤᠢᠢᠷ᠎ᠠ ᠶᠢᠨ ᠡᠳᠦᠷ ᠤᠳ ᠲᠤ᠂ ᠮᠠᠨ ᠤ ᠣᠷᠣᠨ ᠤ ᠡᠯ᠎ᠡ ᠰᠠᠯᠠᠭ᠎ᠠ ᠮᠥᠴᠢᠷ ᠡᠯ᠎ᠡ ᠨᠢᠭᠡᠴᠢ ᠶᠢᠨ ᠬᠢᠨ ᠨᠣᠮ ᠤᠩᠰᠢᠬᠤ ᠠᠩᠭᠢ ᠶᠢ ᠢᠳᠡᠪᠬᠢᠲᠡᠢ ᠡᠷᠬᠢᠯᠡᠵᠦ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠪᠦᠭᠦ ᠲᠠᠯ᠎ᠠ ᠪᠠᠷ ᠰᠢᠰᠲ᠋ᠧᠮ ᠲᠠᠢ᠂ ᠲᠡᠷᠡ ᠬᠡᠪ ᠢᠶᠠᠷ ᠨᠢ ᠰᠤᠷᠤᠯᠴᠠᠵᠤ᠂ ᠳᠡᠭᠡᠳᠦ ᠱᠠᠲᠤ ᠨᠢ ᠳᠣᠣᠷᠠᠳᠤ ᠱᠠᠲᠤ ᠪᠠᠨ ᠳᠠᠶᠢᠴᠢᠯᠠᠬᠤ ᠶᠢ ᠪᠠᠷᠢᠮᠲᠠᠯᠠᠵᠤ᠂ ᠤᠷᠢᠳ ᠢᠶᠠᠷ ᠨᠢᠭᠡ ᠠᠯᠬᠤᠮ ᠰᠤᠷᠤᠯᠴᠠᠵᠤ᠂ ᠭᠦᠨᠵᠡᠭᠡᠢ ᠰᠤᠷᠤᠯᠴᠠᠵᠤ᠂ ᠤᠨᠤᠯ ᠢ ᠪᠣᠳᠠᠲᠠᠢ ᠲᠠᠢ ᠤᠶᠠᠯᠳᠤᠭᠤᠯᠬᠤ ᠶᠢ ᠪᠠᠷᠢᠮᠲᠠᠯᠠᠵᠤ᠂ ᠤᠭ ᠰᠠᠨᠠᠭ᠎ᠠ ᠪᠠᠨ ᠠᠰᠠᠭᠤᠵᠤ᠂ ᠵᠥᠷᠢᠶ᠎ᠡ ᠪᠠᠨ ᠡᠷᠢᠵᠦ᠂ ᠳᠤᠲᠠᠭᠤᠳᠠᠯ ᠢᠶᠠᠨ ᠨᠥᠬᠦᠪᠦᠷᠢᠯᠡᠵᠦ᠂ ᠴᠢᠭᠯᠡᠯ ᠢᠶᠠᠨ ᠲᠣᠳᠣᠷᠬᠠᠶᠢᠯᠠᠵᠤ᠂ ᠰᠤᠷᠤᠯᠴᠠᠯᠭ᠎ᠠ ᠪᠠᠷ ᠠᠵᠢᠯ ᠢᠶᠠᠨ ᠠᠬᠢᠭᠤᠯᠵᠤ ᠦᠷ᠎ᠡ ᠪᠦᠲᠦᠮᠵᠢ ᠭᠠᠷᠭᠠᠭᠰᠠᠨ ᠪᠠᠶᠢᠨ᠎ᠠ᠃      ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠠᠯᠪᠠᠨ ᠲᠢᠩᠬᠢᠮ ︽ᠴᠠᠭ ᠭᠠᠷᠭᠠᠵᠤ ᠰᠤᠷᠤᠯᠴᠠᠬᠤ︾ ᠵᠣᠷᠢᠭ ᠰᠠᠨᠠᠭ᠎ᠠ ᠶᠢ ᠭᠦᠢᠴᠡᠳ ᠪᠠᠳᠠᠷᠠᠭᠤᠯᠵᠤ᠂ ᠲᠠᠪᠤᠨ ᠬᠠᠭᠠᠰ ᠡᠳᠦᠷ ᠤᠨ ᠴᠠᠭ ᠢ ᠠᠰᠢᠭᠯᠠᠨ ᠨᠢᠭᠡᠳᠦᠭᠡᠷ ᠬᠤᠭᠤᠴᠠᠭᠠᠨ ᠤ ᠭᠤᠣᠯ ᠰᠡᠳᠦᠪᠲᠦ ᠬᠦᠮᠦᠵᠢᠯ ᠤᠨ ᠨᠣᠮ ᠤᠩᠰᠢᠬᠤ ᠠᠩᠭᠢ ᠶᠢ ᠡᠷᠭᠢᠯᠡᠭᠰᠡᠨ ᠪᠥᠭᠡᠳ ᠥᠪᠥᠷ ᠮᠣᠩᠭᠤᠯ ᠤᠨ ᠨᠠᠮ ᠤᠨ ᠰᠤᠷᠭᠠᠭᠤᠯᠢ ᠶᠢᠨ ᠨᠠᠮ ᠤᠨ ᠲᠡᠦᠬᠡ ᠨᠠᠮ ᠤᠨ ᠪᠠᠶᠢᠭᠤᠯᠤᠯᠲᠠ ᠶᠢᠨ ᠵᠢᠭᠠᠨ ᠰᠤᠳᠤᠯᠬᠤ ᠬᠡᠯᠲᠡᠰ ᠤᠨ ᠫᠷᠣᠹᠧᠰᠰᠣᠷ ᠦ᠋ ᠰᠢᠤ ᠬᠤᠸᠠ ᠶᠢ ᠤᠷᠢᠵᠤ ᠲᠤᠰᠬᠠᠢ ᠰᠡᠳᠦᠪ ᠢᠶᠠᠷ ᠬᠠᠪᠰᠤᠷᠤᠨ ᠵᠢᠯᠣᠭᠤᠳᠴᠠᠢ᠃      4 ᠰᠠᠷ᠎ᠠ ᠶᠢᠨ 22 ᠤᠨ ᠦᠳᠡ ᠶᠢᠨ ᠬᠤᠶᠢᠨ᠎ᠠ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠭᠤᠣᠯ ᠰᠡᠳᠦᠪᠲᠦ ᠬᠥᠮᠦᠵᠢᠯ ᠤᠨ ᠠᠵᠢᠯ ᠤᠨ ᠬᠤᠷᠠᠯ ᠳᠡᠭᠡᠷᠡᠬᠢ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢᠨ ᠲᠣᠭᠤᠷᠢᠨ ᠳᠤ᠂ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠰᠣᠳᠣᠯᠣᠨ ᠶᠠᠷᠢᠯᠴᠠᠵᠤ ᠰᠠᠨᠠᠯ ᠢᠶᠠᠨ ᠰᠣᠯᠢᠯᠴᠠᠵᠤ᠂ ᠰᠤᠷᠤᠯᠴᠠᠯᠭ᠎ᠠ ᠶᠢᠨ ᠲᠠᠨᠢᠯᠲᠠ ᠪᠠ ᠣᠶᠢᠯᠠᠭᠠᠯᠲᠠ ᠪᠠᠨ ᠠᠭᠤᠵᠢᠷᠠᠲᠠᠯ᠎ᠠ ᠶᠠᠷᠢᠯᠴᠠᠪᠠ᠃ ᠤᠯᠠᠨ ᠢᠶᠠᠷ ᠢᠶᠠᠨ᠂ ᠦᠨᠡᠨ ᠶᠣᠰᠣᠨ ᠤ ᠬᠦᠴᠦᠨ ᠢ ᠭᠦᠨᠵᠡᠭᠡᠢ ᠣᠶᠢᠯᠠᠭᠠᠵᠤ᠂ ᠭᠤᠣᠯ ᠴᠢᠮᠦᠭᠡ ᠴᠢᠬᠤᠯᠠ ᠠᠭᠤᠯᠭ᠎ᠠ ᠶᠢ ᠣᠨᠣᠪᠴᠢᠲᠠᠢ ᠡᠵᠡᠮᠳᠡᠵᠦ᠂ ᠦᠢᠯᠡᠳᠦᠯᠭᠡ ᠶᠢᠨ ᠱᠠᠭᠠᠷᠳᠠᠯᠭ᠎ᠠ ᠶᠢ ᠪᠠᠲᠤ ᠡᠵᠡᠮᠳᠡᠵᠦ᠂ ︽ᠬᠤᠶᠠᠷ ᠢ ᠲᠣᠭᠲᠠᠭᠠᠭᠰᠠᠨ︾ ᠢ ᠡᠷᠡᠰ ᠬᠦᠷᠢᠶᠡᠯᠡᠵᠦ᠂ ︽ᠬᠤᠶᠠᠷ ᠢ ᠬᠠᠮᠠᠭᠠᠯᠠᠬᠤ︾ ᠶᠢ ᠤᠬᠠᠮᠰᠠᠷ ᠠᠴᠠ ᠪᠠᠨ ᠪᠡᠶᠡᠯᠡᠭᠦᠯᠵᠦ᠂ ᠰᠤᠷᠤᠬᠰᠠᠨ ᠢᠶᠠᠨ ᠬᠡᠷᠡᠭᠯᠡᠬᠦ᠂ ᠮᠡᠳᠡᠬᠦ ᠬᠢᠬᠦ ᠢᠶᠠᠨ ᠨᠢᠭᠡᠳᠬᠡᠬᠦ ᠶᠢ ᠪᠡᠶᠡᠯᠡᠭᠦᠯᠬᠦ ᠬᠡᠷᠡᠭᠲᠡᠢ ᠭᠡᠵᠦ ᠢᠯᠡᠳᠬᠡᠵᠡᠭᠡᠪᠡ᠃      4 ᠰᠠᠷ᠎ᠠ ᠶᠢᠨ 15 ᠠᠴᠠ 21 ᠤ ᠡᠳᠦᠷ ᠪᠤᠯᠲᠠᠯ᠎ᠠ᠂ ᠥᠪᠡᠷᠲᠡᠭᠡᠨ ᠵᠠᠰᠠᠬᠤ ᠤ ᠪᠡᠶ᠎ᠡ ᠶᠢᠨ ᠲᠠᠮᠢᠷ ᠤᠨ ᠲᠣᠪᠴᠢᠶ᠎ᠠ ᠰᠢ ᠶᠢᠨ ᠫᠢᠩ ᠤᠨ ᠰᠢᠨ᠎ᠡ ᠴᠠᠭ ᠦᠶ᠎ᠡ  ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠭᠤᠣᠯ ᠰᠡᠳᠦᠪᠲᠦ ᠬᠥᠮᠦᠵᠢᠯ ᠤᠨ ᠨᠣᠮ ᠤᠩᠰᠢᠬᠤ ᠠᠩᠭᠢ ᠡᠷᠭᠢᠯᠡᠪᠡ᠃ ᠲᠤᠰ ᠤᠳᠠᠭ᠎ᠠ ᠶᠢᠨ ᠨᠣᠮ ᠤᠩᠰᠢᠬᠤ ᠠᠩᠭᠢ ᠨᠢ ᠨᠠᠮ ᠤᠨ ᠭᠡᠰᠢᠭᠦᠨ ᠺᠠᠳ᠋ᠷ ᠥᠪᠡᠷ ᠢᠶᠠᠨ ᠰᠤᠷᠤᠯᠴᠠᠬᠤ᠂ ᠤᠳᠤᠷᠢᠳᠬᠤ ᠪᠠᠭ ᠳᠠᠭᠠᠭᠤᠯᠤᠨ ᠰᠤᠷᠤᠯᠴᠠᠬᠤ᠂ ᠤᠳᠤᠷᠢᠳᠬᠤ ᠺᠠᠳ᠋ᠷ ᠳᠠᠭᠠᠭᠤᠯᠤᠨ ᠰᠤᠷᠤᠯᠴᠠᠬᠤ᠂ ᠲᠥᠪᠯᠡᠷᠡᠭᠦᠯᠦᠨ ᠬᠠᠪᠰᠤᠷᠤᠨ ᠵᠢᠯᠤᠭᠤᠳᠴᠤ ᠬᠢᠴᠢᠶᠡᠯ ᠣᠷᠣᠬᠤ᠂ ᠲᠤᠬᠠᠢ ᠶᠢᠨ ᠲᠠᠯᠠᠪᠠᠢ ᠶᠢᠨ ᠵᠢᠭᠠᠨ ᠰᠤᠷᠭᠠᠯᠲᠠ ᠪᠠᠶᠢᠴᠠᠭᠠᠨ ᠰᠤᠳᠤᠯᠤᠯᠲᠠ ᠪᠠ ᠲᠤᠰᠬᠠᠢ ᠰᠡᠳᠦᠪᠲᠦ ᠰᠤᠳᠤᠯᠤᠨ ᠶᠠᠷᠢᠯᠴᠠᠵᠤ ᠰᠣᠯᠢᠯᠴᠠᠬᠤ ᠬᠡᠯᠪᠡᠷᠢ ᠪᠠᠷ ᠶᠠᠪᠤᠭᠳᠠᠵᠤ᠂ ᠰᠤᠷᠤᠯᠴᠠᠬᠤ ᠰᠡᠳᠬᠢᠬᠦ ᠬᠡᠷᠡᠭᠯᠡᠬᠦ ᠶᠢ ᠤᠶᠠᠯᠳᠤᠭᠤᠯᠬᠤ᠂ ᠮᠡᠳᠡᠬᠦ ᠢᠲᠡᠭᠡᠬᠦ ᠬᠢᠬᠦ ᠶᠢ ᠨᠢᠭᠡᠳᠬᠡᠬᠦ ᠶᠢ ᠪᠠᠷᠢᠮᠲᠠᠯᠠᠵᠤ᠂ ᠰᠤᠷᠤᠯᠴᠠᠯᠭ᠎ᠠ ᠪᠠᠷ ᠰᠦᠭ ᠰᠦᠨᠡᠰᠦ ᠶᠢ ᠱᠤᠭᠤᠬᠤ᠂ ᠰᠤᠷᠤᠯᠴᠠᠯᠭ᠎ᠠ ᠪᠠᠷ ᠤᠶᠤᠨ ᠤᠬᠠᠭᠠᠨ ᠢ ᠨᠡᠮᠡᠭᠳᠡᠭᠦᠯᠬᠦ᠂ ᠰᠤᠷᠤᠯᠴᠠᠯᠭ᠎ᠠ ᠪᠠᠷ ᠰᠤᠷᠲᠠᠯ ᠢ ᠲᠥᠪ ᠪᠣᠯᠭᠠᠬᠤ᠂ ᠰᠤᠷᠤᠯᠴᠠᠯᠭ᠎ᠠ ᠪᠠᠷ ᠠᠵᠢᠯ ᠢ ᠠᠬᠢᠭᠤᠯᠬᠤ ᠲᠠᠯ᠎ᠠ ᠪᠠᠷ ᠪᠣᠳᠠᠲᠤ ᠦᠷ᠎ᠡ ᠪᠦᠲᠦᠮᠵᠢ ᠣᠯᠬᠤ ᠪᠠᠷ ᠴᠢᠷᠮᠠᠶᠢᠪᠠ᠃      4 ᠰᠠᠷ᠎ᠠ ᠶᠢᠨ 18 ᠠᠴᠠ 21 ᠤ ᠡᠳᠦᠷ ᠪᠤᠯᠲᠠᠯ᠎ᠠ᠂ ᠥᠪᠡᠷᠲᠡᠭᠡᠨ ᠵᠠᠰᠠᠬᠤ ᠣᠷᠣᠨ ᠤ ᠵᠠᠬᠢᠳᠠᠯ ᠰᠤᠷᠪᠤᠯᠵᠢᠯᠠᠯ ᠤᠨ ᠲᠣᠪᠴᠢᠶ᠎ᠠ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠭᠤᠣᠯ ᠰᠡᠳᠦᠪᠲᠦ ᠬᠥᠮᠦᠵᠢᠯ ᠤᠨ ᠨᠢᠭᠡᠳᠦᠭᠡᠷ ᠬᠤᠭᠤᠴᠠᠭᠠᠨ ᠤ ᠲᠤᠰᠬᠠᠢ ᠰᠡᠳᠦᠪᠲᠦ ᠨᠣᠮ ᠤᠩᠰᠢᠬᠤ ᠠᠩᠭᠢ ᠡᠷᠭᠢᠯᠡᠪᠡ᠃ ᠤᠳᠤᠷᠢᠳᠬᠤ ᠪᠠᠭ ᠳᠠᠭᠠᠭᠤᠯᠤᠨ ᠰᠤᠷᠤᠯᠴᠠᠬᠤ᠂ ᠤᠳᠤᠷᠢᠳᠤᠯᠭ᠎ᠠ ᠳᠠᠭᠠᠭᠤᠯᠤᠨ ᠰᠤᠷᠤᠯᠴᠠᠬᠤ᠂ ᠲᠤᠰᠬᠠᠢ ᠮᠡᠷᠭᠡᠵᠢᠯᠲᠡᠨ ᠱᠠᠯᠠᠪᠳᠠᠭᠤᠯᠤᠨ ᠰᠤᠷᠤᠯᠴᠠᠬᠤ᠂ ᠨᠠᠮ ᠤᠨ ᠡᠭᠦᠷ ᠬᠠᠮᠲᠤ ᠪᠠᠷ ᠰᠤᠷᠤᠯᠴᠠᠬᠤ᠂ ᠬᠤᠪᠢ ᠬᠥᠮᠥᠨ ᠥᠪᠡᠰᠦᠪᠡᠨ ᠰᠤᠷᠤᠯᠴᠠᠬᠤ ᠶᠢ ᠤᠶᠠᠯᠳᠤᠭᠤᠯᠬᠤ ᠠᠷᠭ᠎ᠠ ᠬᠡᠯᠪᠡᠷᠢ ᠪᠠᠷ ᠳᠠᠮᠵᠢᠭᠤᠯᠤᠨ᠂ ᠨᠠᠮ ᠤᠨ ᠰᠢᠨ᠎ᠡ ᠶᠢ ᠡᠭᠦᠳᠬᠦ ᠣᠨᠣᠯ ᠤᠨ ᠭᠤᠣᠯ ᠠᠭᠤᠯᠭ᠎ᠠ᠂ ᠵᠣᠷᠢᠭ ᠰᠠᠨᠠᠭᠠᠨ ᠤ ᠮᠥᠨ ᠴᠢᠨᠠᠷ᠂ ᠦᠢᠯᠡᠳᠦᠯᠭᠡ ᠶᠢᠨ ᠱᠠᠭᠠᠷᠳᠠᠯᠭ᠎ᠠ ᠶᠢ ᠭᠦᠨᠵᠡᠭᠡᠢ ᠰᠤᠷᠤᠯᠴᠠᠨ ᠨᠠᠷᠢᠯᠢᠭ ᠤᠬᠠᠵᠤ᠂ ᠶᠡᠷᠦᠩᠬᠡᠢ ᠱᠦᠵᠢ ᠰᠢ ᠶᠢᠨ ᠫᠢᠩ ᠤᠨ ᠠᠷᠠᠳ ᠤᠨ ᠵᠠᠬᠢᠳᠠᠯ ᠰᠤᠷᠪᠤᠯᠵᠢᠯᠠᠯ ᠤᠨ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠪᠠ᠃ ᠵᠠᠬᠢᠳᠠᠯ ᠰᠤᠷᠪᠤᠯᠵᠢᠯᠠᠯ ᠤᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠠᠰᠠᠭᠤᠳᠠᠯ ᠢᠶᠠᠷ ᠤᠳᠤᠷᠢᠳᠤᠮᠵᠢ ᠪᠣᠯᠭᠠᠵᠤ᠂ ᠰᠤᠷᠤᠯᠴᠠᠯᠭ᠎ᠠ ᠪᠠᠷ ᠠᠵᠢᠯ ᠢ ᠠᠬᠢᠭᠤᠯᠬᠤ ᠶᠢ ᠴᠢᠩᠭᠠᠳᠬᠠᠵᠤ᠂ ︽ᠰᠤᠷᠪᠤᠯᠵᠢᠯᠠᠭ᠎ᠠ ᠶᠢ ᠦᠨᠳᠦᠰᠦᠨ ᠱᠠᠲᠤᠨ ᠳᠤ ᠭᠥᠯᠢᠶᠡᠨ ᠠᠪᠴᠤ᠂ ᠨᠢᠭᠡᠳᠦᠭᠡᠷ ᠹᠷᠣᠨᠲ ᠲᠤ ᠠᠷᠠᠳ ᠤᠨ ᠵᠣᠪᠠᠭᠤᠷᠢ ᠶᠢ ᠠᠷᠢᠯᠭᠠᠬᠤ︾ ᠶᠢ ᠪᠠᠷᠢᠮᠲᠠᠯᠠᠵᠤ᠂ ᠪᠠᠭ ᠤᠨ ᠪᠦᠷᠢᠯᠳᠦᠭᠦᠨ ᠪᠦᠯᠬᠦᠮ ᠳᠠᠭᠠᠭᠤᠯᠤᠨ ᠦᠨᠳᠦᠰᠦᠨ ᠱᠠᠲᠤᠨ ᠳᠤ ᠭᠦᠨᠵᠡᠭᠡᠶᠢᠷᠡᠵᠦ᠂ ᠳᠣᠷᠣᠭᠰᠢ ᠪᠠᠭᠤᠵᠤ ᠵᠠᠬᠢᠳᠠᠯ ᠰᠤᠷᠪᠤᠯᠵᠢᠯᠠᠯ ᠤᠨ ᠣᠯᠠᠨ ᠲᠦᠮᠡᠨ ᠢ ᠭᠥᠯᠢᠶᠡᠨ ᠠᠪᠬᠤ ᠪᠠ ᠪᠠᠶᠢᠴᠠᠭᠠᠨ ᠰᠤᠳᠤᠯᠤᠯᠲᠠ ᠬᠢᠵᠦ᠂ ᠰᠡᠵᠢᠭ ᠢ ᠠᠯᠳᠠᠷᠠᠭᠠᠨ᠂ ᠱᠠᠯᠠᠪᠳᠠᠭᠤᠯᠤᠨ ᠵᠢᠯᠤᠭᠤᠳᠴᠤ᠂ ᠡᠷᠭᠢᠵᠦ ᠰᠤᠷᠪᠤᠯᠵᠢᠯᠠᠬᠤ ᠠᠵᠢᠯ ᠳᠤ ᠬᠠᠷᠢᠭᠤ ᠥᠭᠬᠦ ᠶᠢ ᠤᠯᠠᠮ ᠨᠢᠭᠡ ᠠᠯᠬᠤᠮ ᠰᠠᠶᠢᠲᠤᠷ ᠬᠢᠵᠦ᠂ ︽ᠠᠰᠠᠭᠤᠳᠠᠯ ᠠᠪᠴᠤ ᠣᠴᠢᠨ᠂ ᠬᠠᠷᠢᠭᠤᠯᠲᠠ ᠡᠪᠦᠷᠯᠡᠨ ᠪᠤᠴᠠᠵᠤ ᠢᠷᠡᠬᠦ︾ ᠶᠢ ᠪᠡᠶᠡᠯᠡᠭᠦᠯᠪᠡ᠃      4 ᠰᠠᠷ᠎ᠠ ᠶᠢᠨ 20 ᠤ ᠡᠳᠦᠷ᠂ ᠥᠪᠡᠷᠲᠡᠭᠡᠨ ᠵᠠᠰᠠᠬᠤ ᠣᠷᠣᠨ ᠤ ᠠᠮᠢ ᠠᠬᠤᠢ ᠣᠷᠴᠢᠨ ᠲᠣᠭᠤᠷᠢᠨ ᠤ ᠲᠢᠩᠬᠢᠮ ᠰᠢ ᠶᠢᠨ ᠫᠢᠩ ᠤᠨ ᠰᠢᠨ᠎ᠡ ᠴᠠᠭ ᠦᠶ᠎ᠡ  ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠲᠤᠰᠬᠠᠢ ᠰᠡᠳᠦᠪᠲᠦ ᠨᠣᠮ ᠤᠩᠰᠢᠬᠤ ᠠᠩᠭᠢ ᠡᠷᠭᠢᠯᠡᠵᠦ᠂ ᠲᠥᠪᠯᠡᠷᠡᠭᠦᠯᠦᠨ ᠨᠣᠮ ᠤᠩᠰᠢᠬᠤ᠂ ᠲᠤᠰᠬᠠᠢ ᠰᠡᠳᠦᠪ ᠢᠶᠠᠷ ᠬᠠᠪᠰᠤᠷᠤᠨ ᠵᠢᠯᠤᠭᠤᠳᠬᠤ᠂ ᠰᠤᠳᠤᠯᠤᠨ ᠶᠠᠷᠢᠯᠴᠠᠵᠤ ᠰᠣᠯᠢᠯᠴᠠᠬᠤ ᠵᠡᠷᠭᠡ ᠠᠷᠭ᠎ᠠ ᠬᠡᠯᠪᠡᠷᠢ ᠪᠠᠷ ᠳᠠᠮᠵᠢᠭᠤᠯᠤᠨ᠂ ᠨᠠᠮ ᠤᠨ ᠳᠦᠷᠢᠮ᠂ ᠨᠠᠮ ᠤᠨ ᠬᠤᠷᠢᠳᠤᠭᠠᠷ ᠶᠡᠭᠡ ᠬᠤᠷᠠᠯ ᠤᠨ ᠢᠯᠡᠳᠬᠡᠯ ᠪᠣᠯᠣᠨ ︽ᠰᠢ ᠶᠢᠨ ᠫᠢᠩ ᠤᠨ ᠵᠣᠬᠢᠶᠠᠯ ᠤᠨ ᠰᠣᠩᠭᠤᠮᠠᠯ︾  ᠤᠨ ᠨᠢᠭᠡᠳᠦᠭᠡᠷ ᠪᠣᠳᠢ᠂ ᠬᠤᠶᠠᠳᠤᠭᠠᠷ ᠪᠣᠳᠢ ᠵᠡᠷᠭᠡ ᠨᠣᠮ ᠢ ᠭᠦᠨᠵᠡᠭᠡᠢ ᠰᠤᠷᠤᠯᠴᠠᠪᠠ᠃ ᠰᠤᠷᠤᠬᠴᠢᠳ᠂ ᠡᠨᠡ ᠤᠳᠠᠭ᠎ᠠ ᠶᠢᠨ ᠣᠶᠣᠨ ᠤᠬᠠᠭᠠᠨ ᠢᠶᠠᠨ ᠴᠡᠨᠡᠭᠯᠡᠵᠦ᠂ ᠥᠪᠡᠷ ᠢ ᠪᠠᠨ ᠲᠡᠭᠦᠯᠳᠡᠷᠵᠢᠭᠦᠯᠬᠦ ᠠᠵᠠ ᠲᠣᠭᠢᠶᠠᠯ ᠢ ᠭᠦᠢᠴᠡᠳ ᠠᠰᠢᠭᠯᠠᠵᠤ᠂ ᠦᠵᠡᠯ ᠰᠠᠨᠠᠭ᠎ᠠ ᠪᠠ ᠪᠣᠳᠠᠲᠠᠢ ᠠᠵᠢᠯ ᠲᠠᠢ ᠪᠠᠨ ᠤᠶᠠᠯᠳᠤᠭᠤᠯᠵᠤ᠂ ᠵᠥᠷᠢᠶ᠎ᠡ ᠪᠠ ᠬᠦᠷᠦᠯᠴᠡᠬᠦ ᠦᠭᠡᠢ ᠲᠠᠯ᠎ᠠ ᠪᠠᠨ ᠡᠷᠢᠵᠦ᠂ ᠰᠤᠷᠤᠯᠴᠠᠬᠤ ᠰᠤᠷᠲᠠᠯ᠂ ᠣᠪᠣᠷ ᠰᠤᠷᠲᠠᠯ ᠢᠶᠠᠨ ᠦᠨᠡᠨ ᠬᠦ ᠰᠠᠶᠢᠵᠢᠷᠠᠭᠤᠯᠵᠤ᠂ ᠤᠨᠤᠯ ᠤᠨ ᠰᠤᠷᠤᠯᠴᠠᠯᠭ᠎ᠠ᠂ ᠪᠠᠶᠢᠴᠠᠭᠠᠨ ᠰᠤᠳᠤᠯᠤᠯᠲᠠ᠂ ᠬᠥᠭᠵᠢᠯᠲᠡ ᠶᠢ ᠠᠬᠢᠭᠤᠯᠬᠤ᠂ ᠪᠠᠶᠢᠴᠠᠭᠠᠨ ᠦᠵᠡᠵᠦ ᠴᠡᠭᠴᠡᠯᠡᠨ ᠰᠠᠶᠢᠵᠢᠷᠠᠭᠤᠯᠬᠤ ᠶᠢ ᠤᠶᠠᠯᠳᠤᠭᠤᠯᠵᠤ᠂ ᠮᠠᠨ ᠤ ᠣᠷᠣᠨ ᠤ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠵᠢᠯ ᠰᠢᠨ᠎ᠡ ᠠᠶᠠᠨ ᠳᠤ ᠨᠡᠩ ᠯᠠᠪᠳᠠᠭᠤᠨ ᠪᠠᠲᠤᠲᠠᠢ ᠢᠳᠡᠷᠡᠭᠦᠨ ᠠᠯᠬᠤᠭ᠎ᠠ ᠪᠠᠷ ᠤᠷᠤᠭᠰᠢᠯᠠᠬᠤ ᠶᠢ ᠠᠬᠢᠭᠤᠯᠤᠨ᠎ᠠ ᠭᠡᠵᠦ ᠢᠯᠡᠳᠬᠡᠵᠡᠭᠡᠪᠡ᠃      4 ᠰᠠᠷ᠎ᠠ ᠶᠢᠨ 20 ᠠᠴᠠ 21 ᠤ ᠡᠳᠦᠷ ᠪᠤᠯᠲᠠᠯ᠎ᠠ᠂ ᠥᠪᠡᠷᠲᠡᠭᠡᠨ ᠵᠠᠰᠠᠬᠤ ᠣᠷᠣᠨ ᠤ ᠡᠪᠯᠡᠯ ᠤᠨ ᠬᠤᠷᠢᠶ᠎ᠠ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠭᠤᠣᠯ ᠰᠡᠳᠦᠪᠲᠦ ᠬᠥᠮᠦᠵᠢᠯ ᠤᠨ ᠨᠢᠭᠡᠳᠦᠭᠡᠷ ᠬᠤᠭᠤᠴᠠᠭᠠᠨ ᠤ ᠨᠣᠮ ᠤᠩᠰᠢᠬᠤ ᠠᠩᠭᠢ ᠡᠷᠭᠢᠯᠡᠪᠡ᠃ ᠲᠣᠰ ᠤᠳᠠᠭᠠᠨ ᠤ ᠨᠣᠮ ᠤᠩᠰᠢᠬᠤ ᠠᠩᠭᠢ ᠨᠢ ᠲᠥᠪᠯᠡᠷᠡᠭᠦᠯᠦᠨ ᠬᠠᠪᠰᠤᠷᠤᠨ ᠵᠢᠯᠤᠭᠤᠳᠬᠤ ᠪᠠ ᠪᠡᠶ᠎ᠡ ᠪᠠᠨ ᠳᠠᠭᠠᠭᠠᠵᠤ ᠰᠤᠷᠤᠯᠴᠠᠬᠤ ᠶᠢ ᠤᠶᠠᠯᠳᠤᠭᠤᠯᠬᠤ᠂ ᠣᠨᠣᠯ ᠤᠨ ᠪᠣᠯᠪᠠᠰᠤᠷᠠᠯ ᠪᠠ ᠪᠠᠶᠢᠴᠠᠭᠠᠨ ᠰᠤᠳᠤᠯᠤᠯᠲᠠ ᠬᠢᠬᠦ ᠶᠢ ᠤᠶᠠᠯᠳᠤᠭᠤᠯᠬᠤ᠂ ᠦᠢᠯᠡᠳᠦᠯᠭᠡ ᠶᠢᠨ ᠬᠥᠮᠦᠵᠢᠯ ᠪᠠ ᠺᠢᠨᠣ᠋ ᠰᠣᠨᠢᠷᠬᠠᠬᠤ ᠶᠢ ᠤᠶᠠᠯᠳᠤᠭᠤᠯᠬᠤ ᠠᠷᠭ᠎ᠠ ᠬᠡᠯᠪᠡᠷᠢ ᠶᠢ ᠠᠪᠴᠤ᠂ ᠨᠠᠮ ᠤᠨ ᠭᠡᠰᠢᠭᠦᠨ ᠺᠠᠳ᠋ᠷ ᠢ ᠬᠦᠮᠦᠵᠢᠭᠦᠯᠦᠨ ᠵᠢᠯᠤᠭᠤᠳᠴᠤ ᠪᠠᠶᠢᠭᠠᠳ ︽ᠦᠵᠡᠯ ᠰᠠᠨᠠᠭ᠎ᠠ  ᠶᠢ ᠰᠤᠷᠤᠯᠴᠠᠨ᠂ ᠨᠠᠮᠴᠢ ᠴᠢᠨᠠᠷ ᠢᠶᠠᠨ ᠴᠢᠩᠭᠠᠳᠬᠠᠵᠤ᠂ ᠦᠢᠯᠡᠳᠦᠯᠭᠡ ᠶᠢ ᠴᠢᠬᠤᠯᠠᠴᠢᠯᠠᠨ᠂ ᠰᠢᠨ᠎ᠡ ᠭᠠᠪᠢᠶ᠎ᠠ ᠪᠠᠶᠢᠭᠤᠯᠤᠶ᠎ᠠ︾ ᠭᠡᠬᠦ ᠶᠡᠷᠦᠩᠬᠡᠢ ᠱᠠᠭᠠᠷᠳᠠᠯᠭ᠎ᠠ ᠶᠢ ᠪᠠᠲᠤ ᠡᠵᠡᠮᠳᠡᠵᠦ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠭᠦᠨᠵᠡᠭᠡᠢ ᠰᠤᠷᠤᠯᠴᠠᠨ ᠨᠠᠷᠢᠯᠢᠭ ᠤᠬᠠᠵᠤ ᠪᠣᠳᠠᠲᠠᠢ ᠦᠢᠯᠡᠳᠦᠯᠭᠡᠵᠢᠭᠦᠯᠬᠦ ᠳᠤᠮᠳᠠ ᠣᠨᠣᠯ ᠤᠨ ᠬᠡᠪ ᠪᠣᠯᠪᠠᠰᠤᠷᠠᠯ ᠢᠶᠠᠨ ᠳᠡᠭᠡᠭᠰᠢᠯᠡᠭᠦᠯᠵᠦ᠂ ᠬᠦᠰᠡᠯᠡᠩ ᠢᠲᠡᠭᠡᠯ ᠪᠢᠰᠢᠷᠡᠯ ᠢᠶᠠᠨ ᠪᠠᠲᠤᠳᠬᠠᠵᠤ᠂ ᠤᠬᠠᠮᠰᠠᠷ ᠤᠨ ᠠᠬᠤᠢ ᠪᠠᠶᠢᠳᠠᠯ ᠢᠶᠠᠨ ᠬᠥᠭᠵᠢᠭᠦᠯᠦᠨ ᠳᠡᠭᠡᠭᠰᠢᠯᠡᠭᠦᠯᠵᠦ᠂ ᠴᠢᠳᠠᠪᠤᠷᠢ ᠡᠷᠳᠡᠮ ᠢᠶᠠᠨ ᠴᠢᠩᠭᠠᠳᠬᠠᠵᠤ᠂ ᠭᠤᠣᠯ ᠰᠡᠳᠦᠪᠲᠦ ᠬᠥᠮᠦᠵᠢᠯ ᠤᠨ ᠭᠦᠨᠵᠡᠭᠡᠶᠢᠷᠡᠨ ᠪᠣᠳᠠᠲᠠᠶᠢᠵᠢᠵᠤ᠂ ᠪᠣᠳᠠᠲᠠᠢ ᠳᠤ ᠨᠠᠶᠢᠳᠠᠪᠤᠷᠢᠵᠢᠭᠤᠯᠤᠭᠳᠠᠨ ᠦᠷ᠎ᠡ ᠪᠦᠲᠦᠮᠵᠢ ᠣᠯᠬᠤ ᠶᠢ ᠠᠬᠢᠭᠤᠯᠪᠠ᠃      ᠮᠡᠳᠡᠬᠦᠢ ᠨᠢ ᠬᠡᠳᠦᠢ ᠭᠦᠨ ᠪᠣᠯ ᠢᠲᠡᠭᠡᠬᠦᠢ ᠨᠢ ᠲᠡᠳᠦᠢ ᠪᠠᠲᠤ᠂ ᠬᠢᠬᠦᠢ ᠨᠢ ᠲᠡᠳᠦᠢ ᠪᠠᠲᠤ ᠪᠣᠯᠣᠮᠤᠢ᠃ ᠡᠯ᠎ᠡ ᠰᠠᠯᠠᠭ᠎ᠠ ᠮᠥᠴᠢᠷ ᠡᠯ᠎ᠠ ᠨᠢᠭᠡᠴᠢ ᠶᠢᠨ ᠬᠢᠨ ᠭᠤᠣᠯ ᠰᠡᠳᠦᠪᠲᠦ ᠬᠥᠮᠦᠵᠢᠯ ᠢ ᠥᠨᠳᠥᠷ ᠪᠠᠷᠢᠮᠵᠢᠶ᠎ᠠ ᠪᠠᠷ ᠡᠬᠢᠯᠡᠭᠦᠯᠵᠦ᠂ ᠴᠢᠨᠠᠷ ᠰᠠᠶᠢᠲᠠᠢ ᠥᠷᠨᠢᠭᠦᠯᠬᠦ ᠶᠢ ᠠᠬᠢᠭᠤᠯᠪᠠᠯ ᠯᠠᠪᠲᠠᠢ ᠰᠢᠨ᠎ᠡ ᠠᠶᠠᠨ ᠳᠤ ᠡᠷᠡᠯᠬᠡᠭᠯᠡᠨ ᠤᠷᠤᠭᠰᠢᠯᠠᠬᠤ ᠂ ᠰᠢᠨ᠎ᠡ ᠴᠠᠭ ᠦᠶ᠎ᠡ ᠳᠤ ᠭᠠᠪᠢᠶ᠎ᠠ ᠪᠠᠶᠢᠭᠤᠯᠬᠤ ᠰᠦᠷ ᠳᠠᠯᠠᠶᠢᠴᠠᠲᠠᠢ ᠬᠦᠴᠦᠨ ᠢ ᠨᠢᠭᠲᠠᠷᠠᠭᠤᠯᠬᠤ ᠪᠤᠯᠤᠨ᠎ᠠ᠃
 
ᠢᠷᠡᠯᠲᠡ᠄ ᠦᠪᠦᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号