ᠨᠢᠭᠡᠳᠦᠭᠡᠷ ᠤᠯᠠᠷᠢᠯ ᠳᠤ ᠥᠪᠥᠷ ᠮᠣᠩᠭᠤᠯ ᠤᠨ ᠭᠤᠣᠯ ᠪᠣᠯᠬᠤ ᠡᠨᠧᠷᠭᠢ ᠶᠢᠨ ᠰᠤᠷᠪᠤᠯᠵᠢ ᠶᠢᠨ ᠦᠢᠯᠡᠳᠬᠦᠨ ᠤ ᠭᠠᠷᠤᠯᠲᠠ ᠪᠥᠬᠦ ᠤᠯᠤᠰ ᠤᠨ ᠲᠡᠷᠢᠭᠦᠨ ᠡᠩᠨᠡᠭᠡᠨ ᠳᠤ ᠵᠢᠭᠰᠠᠭᠠᠭᠳᠠᠪᠠ
ᠨᠡᠶᠢᠲᠡᠯᠡᠭᠰᠡᠨ ᠴᠠᠭ᠄
2023/5/4
      ᠥᠪᠡᠷᠲᠡᠭᠡᠨ ᠵᠠᠰᠠᠬᠤ ᠣᠷᠣᠨ ᠤ ᠲᠤᠭ᠎ᠠ ᠪᠦᠷᠢᠳᠬᠡᠯ ᠤᠨ ᠲᠣᠪᠴᠢᠶ᠎ᠠ ᠶᠢᠨ ᠬᠠᠮᠤᠭ ᠤᠨ ᠰᠢᠨ᠎ᠡ ᠮᠡᠳᠡᠭᠡ᠄ ᠡᠨᠡ ᠵᠢᠯ ᠤᠨ ᠨᠢᠭᠡᠳᠦᠭᠡᠷ ᠤᠯᠠᠷᠢᠯ ᠳᠤ᠂ ᠥᠪᠥᠷ ᠮᠣᠩᠭᠤᠯ ᠤᠨ ᠭᠤᠣᠯ ᠪᠣᠯᠬᠤ ᠡᠨᠧᠷᠭᠢ ᠶᠢᠨ ᠰᠤᠷᠪᠤᠯᠵᠢ ᠶᠢᠨ ᠦᠢᠯᠡᠳᠬᠦᠨ ᠤ ᠭᠠᠷᠤᠯᠲᠠ ᠲᠣᠭᠲᠠᠭᠤᠨ ᠢᠶᠠᠷ ᠨᠡᠮᠡᠭᠳᠡᠵᠦ᠂ ᠪᠥᠬᠦ ᠤᠯᠤᠰ ᠤᠨ ᠲᠡᠷᠢᠭᠦᠨ ᠡᠩᠨᠡᠭᠡᠨ ᠳᠤ ᠵᠢᠭᠰᠠᠭᠠᠭᠳᠠᠪᠠ᠃      ᠲᠦᠭᠦᠬᠡᠢ ᠨᠡᠭᠦᠷᠡᠰᠦᠨ ᠤ ᠭᠠᠷᠤᠯᠲᠠ ᠶᠢᠨ ᠬᠡᠮᠵᠢᠶ᠎ᠡ ᠠᠴᠠ ᠦᠵᠡᠪᠡᠯ᠂ ᠨᠢᠭᠡᠳᠦᠭᠡᠷ ᠤᠯᠠᠷᠢᠯ ᠳᠤ ᠥᠪᠥᠷ ᠮᠣᠩᠭᠤᠯ ᠤᠨ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠦᠢᠯᠡᠳᠪᠦᠷᠢᠯᠡᠭᠰᠡᠨ ᠲᠦᠭᠦᠬᠡᠢ ᠨᠡᠭᠦᠷᠡᠰᠦ 3.12 ᠳ᠋ᠦᠩᠰᠢᠭᠤᠷ ᠲᠣᠨ ︵ᠠᠳᠠᠯᠢ ᠬᠤᠭᠤᠴᠠᠭᠠᠨ ᠤ ᠬᠢ ᠠᠴᠠ 3.5% ᠪᠠᠷ ᠨᠡᠮᠡᠭᠳᠡᠪᠡ︶ ᠳᠤ ᠬᠦᠷᠴᠦ᠂ ᠠᠳᠠᠯᠢ ᠬᠤᠭᠤᠴᠠᠭᠠᠨ ᠤ ᠪᠥᠬᠦ ᠤᠯᠤᠰ ᠤᠨ ᠲᠦᠭᠦᠬᠡᠢ ᠨᠡᠭᠦᠷᠡᠰᠦᠨ ᠤ ᠭᠠᠷᠤᠯᠲᠠ ᠶᠢᠨ 27.1% ᠶᠢ ᠡᠵᠡᠯᠡᠵᠦ᠂ ᠪᠥᠬᠦ ᠤᠯᠤᠰ ᠲᠤ ᠬᠤᠶᠠᠳᠤᠭᠠᠷ ᠲᠤ ᠵᠢᠭᠰᠠᠭᠠᠭᠳᠠᠵᠤ᠂ ᠠᠳᠠᠯᠢ ᠬᠤᠭᠤᠴᠠᠭᠠᠨ ᠤ ᠪᠥᠬᠦ ᠤᠯᠤᠰ ᠤᠨ ᠲᠦᠭᠦᠬᠡᠢ ᠨᠡᠭᠦᠷᠡᠰᠦᠨ ᠤ ᠭᠠᠷᠤᠯᠲᠠ ᠶᠢᠨ ᠨᠡᠮᠡᠭᠳᠡᠯ ᠢ 1.0 ᠵᠠᠭᠤᠨ ᠤ ᠴᠡᠭ ᠳᠠᠶᠢᠴᠢᠯᠠᠪᠠ᠃      ᠴᠠᠬᠢᠯᠭᠠᠨ ᠭᠠᠷᠭᠠᠭᠰᠠᠨ ᠬᠡᠮᠵᠢᠶ᠎ᠡ ᠠᠴᠠ ᠦᠵᠡᠪᠡᠯ᠂ ᠨᠢᠭᠡᠳᠦᠭᠡᠷ ᠤᠯᠠᠷᠢᠯ ᠳᠤ ᠥᠪᠥᠷ ᠮᠣᠩᠭᠤᠯ ᠤᠨ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠴᠠᠬᠢᠯᠭᠠᠨ ᠭᠠᠷᠭᠠᠭᠰᠠᠨ ᠬᠡᠮᠵᠢᠶ᠎ᠡ ᠨᠢ 1703.8 ᠳ᠋ᠦᠩᠰᠢᠭᠤᠷ ᠺᠢᠯᠣᠸᠠᠲ ᠴᠠᠭ ︵ᠠᠳᠠᠯᠢ ᠬᠤᠭᠤᠴᠠᠭᠠᠨ ᠤ ᠬᠢ ᠠᠴᠠ 9.2% ᠢᠶᠠᠷ ᠨᠡᠮᠡᠭᠳᠡᠪᠡ︶ ᠲᠤ ᠬᠦᠷᠴᠦ᠂ ᠠᠳᠠᠯᠢ ᠬᠤᠭᠤᠴᠠᠭᠠᠨ ᠤ ᠪᠥᠬᠦ ᠤᠯᠤᠰ ᠤᠨ ᠴᠠᠬᠢᠯᠭᠠᠨ ᠭᠠᠷᠭᠠᠭᠰᠠᠨ ᠬᠡᠮᠵᠢᠶ᠎ᠡ ᠶᠢᠨ 8.2% ᠢ ᠡᠵᠡᠯᠡᠵᠦ᠂ ᠪᠥᠬᠦ ᠤᠯᠤᠰ ᠤᠨ ᠨᠢᠭᠡᠳᠦᠭᠡᠷ ᠲᠤ ᠵᠢᠭᠰᠠᠭᠠᠭᠳᠠᠪᠠ᠃ ᠡᠭᠦᠨ ᠳᠤ᠂ ᠢᠯᠴᠢ ᠶᠢᠨ ᠴᠠᠬᠢᠯᠭᠠᠨ ᠤ ᠭᠠᠷᠭᠠᠯᠲᠠ ᠶᠢᠨ ᠬᠡᠮᠵᠢᠶ᠎ᠡ ︵ᠠᠳᠠᠯᠢ ᠬᠤᠭᠤᠴᠠᠭᠠᠨ ᠤ ᠬᠢ ᠠᠴᠠ 6.7% ᠪᠠᠷ ᠨᠡᠮᠡᠭᠳᠡᠪᠡ︶ ᠨᠢ ᠠᠳᠠᠯᠢ ᠬᠤᠭᠤᠴᠠᠭᠠᠨ ᠤ ᠪᠥᠬᠦ ᠤᠯᠤᠰ ᠤᠨ ᠢᠯᠴᠢ ᠶᠢᠨ ᠴᠠᠬᠢᠯᠭᠠᠨ ᠤ ᠭᠠᠷᠭᠠᠯᠲᠠ ᠶᠢᠨ ᠬᠡᠮᠵᠢᠶ᠎ᠡ ᠶᠢᠨ 9.0% ᠶᠢ ᠡᠵᠡᠯᠡᠵᠦ᠂ ᠪᠥᠬᠦ ᠤᠯᠤᠰ ᠲᠤ ᠲᠡᠷᠢᠭᠦᠯᠡᠪᠡ︔ ᠰᠠᠯᠬᠢᠨ ᠬᠦᠴᠦᠨ ᠤ ᠴᠠᠬᠢᠯᠭᠠᠨ ᠤ ᠭᠠᠷᠭᠠᠯᠲᠠ ᠶᠢᠨ ᠬᠡᠮᠵᠢᠶ᠎ᠡ ︵ᠠᠳᠠᠯᠢ ᠬᠤᠭᠤᠴᠠᠭᠠᠨ ᠤ ᠬᠢ ᠠᠴᠠ 23.2% ᠢᠶᠠᠷ ᠨᠡᠮᠡᠭᠳᠡᠪᠡ︶  ᠨᠢ ᠠᠳᠠᠯᠢ ᠬᠤᠭᠤᠴᠠᠭᠠᠨ ᠤ ᠪᠥᠬᠦ ᠤᠯᠤᠰ ᠤᠨ ᠰᠠᠯᠬᠢᠨ ᠬᠦᠴᠦᠨ ᠤ ᠴᠠᠬᠢᠯᠭᠠᠨ ᠤ ᠭᠠᠷᠭᠠᠯᠲᠠ ᠶᠢᠨ ᠬᠡᠮᠵᠢᠶ᠎ᠡ ᠶᠢᠨ 15.0% ᠶᠢ ᠡᠵᠡᠯᠡᠵᠦ᠂ ᠪᠥᠬᠦ ᠤᠯᠤᠰ ᠲᠤ ᠲᠡᠷᠢᠭᠦᠯᠡᠪᠡ᠃      ᠰᠢᠩᠭᠡᠨᠵᠢᠭᠦᠯᠦᠭᠰᠡᠨ ᠪᠠᠶᠢᠭᠠᠯᠢ ᠶᠢᠨ ᠰᠢᠲᠠᠮᠠᠬᠠᠢ ᠬᠡᠢ ᠶᠢᠨ ᠭᠠᠷᠤᠯᠲᠠ ᠠᠴᠠ ᠦᠵᠡᠪᠡᠯ᠂ ᠨᠢᠭᠡᠳᠦᠭᠡᠷ ᠤᠯᠠᠷᠢᠯ ᠳᠤ ᠥᠪᠥᠷ ᠮᠣᠩᠭᠤᠯ ᠤᠨ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠰᠢᠩᠭᠡᠨᠵᠢᠭᠦᠯᠦᠭᠰᠡᠨ ᠪᠠᠶᠢᠭᠠᠯᠢ ᠶᠢᠨ ᠰᠢᠲᠠᠮᠠᠬᠠᠢ ᠬᠡᠢ ᠶᠢᠨ ᠭᠠᠷᠤᠯᠲᠠ ᠨᠢ 131.0 ᠲᠦᠮᠡᠨ ᠲᠣᠨ ︵ᠠᠳᠠᠯᠢ ᠬᠤᠭᠤᠴᠠᠭᠠᠨ ᠤ ᠬᠢ ᠠᠴᠠ 11.1% ᠪᠠᠷ ᠨᠡᠮᠡᠭᠳᠡᠪᠡ︶ ᠳᠤ ᠬᠦᠷᠴᠦ᠂ ᠠᠳᠠᠯᠢ ᠬᠤᠭᠤᠴᠠᠭᠠᠨ ᠤ ᠪᠦᠬᠦ ᠤᠯᠤᠰ ᠤᠨ ᠰᠢᠩᠭᠡᠨᠵᠢᠭᠦᠯᠦᠭᠰᠡᠨ ᠪᠠᠶᠢᠭᠠᠯᠢ ᠶᠢᠨ ᠰᠢᠲᠠᠮᠠᠬᠠᠢ ᠬᠡᠢ ᠶᠢᠨ ᠭᠠᠷᠤᠯᠲᠠ ᠶᠢᠨ 29.4% ᠶᠢ ᠡᠵᠡᠯᠡᠵᠦ᠂ ᠪᠦᠬᠦ ᠤᠯᠤᠰ ᠤᠨ ᠨᠢᠭᠡᠳᠦᠭᠡᠷ ᠲᠤ ᠵᠢᠭᠰᠠᠭᠠᠭᠳᠠᠵᠤ᠂ ᠠᠳᠠᠯᠢ ᠬᠤᠭᠤᠴᠠᠭᠠᠨ ᠤ ᠪᠦᠬᠦ ᠤᠯᠤᠰ ᠤᠨ ᠰᠢᠩᠭᠡᠨᠵᠢᠭᠦᠯᠦᠭᠰᠡᠨ ᠪᠠᠶᠢᠭᠠᠯᠢ ᠶᠢᠨ ᠰᠢᠲᠠᠮᠠᠬᠠᠢ ᠬᠡᠢ ᠶᠢᠨ ᠭᠠᠷᠤᠯᠲᠠ ᠶᠢᠨ ᠨᠡᠮᠡᠭᠳᠡᠯ ᠳᠤ ᠬᠤᠪᠢ ᠨᠡᠮᠡᠷᠢ ᠦᠵᠡᠭᠦᠯᠦᠭᠰᠡᠨ ᠨᠤᠷᠮ᠎ᠠ ᠨᠢ 33.2% ᠲᠤ ᠬᠦᠷᠴᠡᠢ᠃      ᠬᠡᠦᠷᠡᠰᠦ ᠶᠢᠨ ᠭᠠᠷᠤᠯᠲᠠ ᠠᠴᠠ ᠦᠵᠡᠪᠡᠯ᠂ ᠨᠢᠭᠡᠳᠦᠭᠡᠷ ᠤᠯᠠᠷᠢᠯ ᠳᠤ ᠥᠪᠥᠷ ᠮᠣᠩᠭᠤᠯ ᠤᠨ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠦᠢᠯᠡᠳᠪᠦᠷᠢᠯᠡᠭᠰᠡᠨ ᠬᠡᠦᠷᠡᠰᠦ ᠨᠢ 1273.7 ᠲᠦᠮᠡᠨ ᠲᠣᠨ ︵ᠠᠳᠠᠯᠢ ᠬᠤᠭᠤᠴᠠᠭᠠᠨ ᠤ ᠬᠢ ᠠᠴᠠ 11.4% ᠨᠡᠮᠡᠭᠳᠡᠪᠡ︶ ᠳᠤ ᠬᠦᠷᠴᠦ᠂ ᠠᠳᠠᠯᠢ ᠬᠤᠭᠤᠴᠠᠭᠠᠨ ᠤ ᠪᠦᠬᠦ ᠤᠯᠤᠰ ᠤᠨ ᠬᠡᠦᠷᠡᠰᠦ ᠶᠢᠨ ᠭᠠᠷᠤᠯᠲᠠ ᠶᠢᠨ 10.6% ᠶᠢ ᠡᠵᠡᠯᠡᠵᠦ᠂ ᠪᠦᠬᠦ ᠤᠯᠤᠰ ᠲᠤ ᠬᠤᠶᠠᠳᠤᠭᠠᠷ ᠲᠤ ᠵᠢᠭᠰᠠᠭᠠᠭᠳᠠᠵᠤ᠂ ᠠᠳᠠᠯᠢ ᠬᠤᠭᠤᠴᠠᠭᠠᠨ ᠤ ᠪᠦᠬᠦ ᠤᠯᠤᠰ ᠤᠨ ᠬᠡᠦᠷᠡᠰᠦ ᠶᠢᠨ ᠭᠠᠷᠤᠯᠲᠠ ᠶᠢ 1.1 ᠵᠠᠭᠤᠨ ᠤ ᠴᠡᠭ ᠳᠠᠶᠢᠴᠢᠯᠠᠪᠠ᠃    
 
ᠢᠷᠡᠯᠲᠡ᠄ ᠦᠪᠦᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号