ᠭᠤᠤᠯ ᠰᠡᠳᠦᠪᠲᠤ ᠬᠦᠮᠦᠵᠢᠯ ᠬᠢᠭᠡᠳ ᠭᠤᠤᠯ ᠠᠵᠢᠯ ᠬᠤᠶᠠᠷ ᠢ ᠦᠯᠦ ᠰᠠᠭᠠᠲᠠᠭᠠᠵᠤ ᠬᠤᠶᠠᠷ ᠢ ᠠᠬᠢᠭᠤᠯᠬᠤ ᠶᠢ ᠴᠢᠩᠭᠠᠳᠬᠠᠨ᠎ᠠ  ᠮᠠᠨ ᠤ ᠣᠷᠣᠨ ᠤ ᠡᠯ᠎ᠡ ᠰᠠᠯᠠᠭ᠎ᠠ ᠮᠥᠴᠢᠷ ᠡᠯ᠎ᠡ ᠨᠢᠭᠡᠴᠢ ᠶᠢᠨ ᠬᠢᠨ ᠨᠣᠮ ᠤᠩᠰᠢᠬᠤ ᠠᠩᠭᠢ ᠡᠷᠬᠢᠯᠡᠵᠦ ᠭᠤᠣᠯ ᠰᠡᠳᠦᠪᠲᠦ ᠬᠥᠮᠦᠵᠢᠯ ᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ ᠠᠬᠢᠭᠤᠯᠵᠤ ᠪᠤᠢ
ᠨᠡᠶᠢᠲᠡᠯᠡᠭᠰᠡᠨ ᠴᠠᠭ᠄
2023/5/6
      ᠮᠠᠨ ᠤ ᠣᠷᠣᠨ ᠤ ᠡᠯ᠎ᠡ ᠰᠠᠯᠠᠭ᠎ᠠ ᠮᠥᠴᠢᠷ ᠡᠯ᠎ᠡ ᠨᠢᠭᠡᠴᠢ ᠶᠢᠨ ᠬᠢᠨ ᠣᠶᠢᠷ᠎ᠠ ᠶᠢᠨ ᠡᠳᠦᠷ ᠤᠳ ᠲᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠭᠤᠤᠯ ᠰᠡᠳᠦᠪᠲᠦ ᠬᠦᠮᠦᠵᠢᠯ ᠤᠨ ᠨᠣᠮ ᠤᠩᠰᠢᠬᠤ ᠠᠩᠭᠢ ᠶᠢ ᠯᠠᠪᠳᠠᠭᠤᠨ ᠪᠠᠲᠤᠲᠠᠶ ᠡᠷᠭᠢᠯᠡᠵᠦ᠂ ᠥᠷᠭᠡᠨ ᠣᠯᠠᠨ ᠨᠠᠮ ᠤᠨ ᠭᠡᠰᠢᠭᠦᠨ ᠺᠠᠳ᠋ᠷ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠪᠥᠬᠦ ᠲᠠᠯ᠎ᠠ ᠪᠠᠷ᠂ ᠰᠢᠰᠲ᠋ᠧᠮ ᠲᠠᠢ᠂ ᠭᠦᠨᠵᠡᠭᠡᠶ ᠰᠤᠷᠤᠯᠴᠠᠵᠤ᠂ ᠪᠥᠬᠦ ᠣᠷᠣᠨ ᠤ ᠡᠯ᠎ᠡ ᠵᠦᠢᠯ ᠤᠨ ᠠᠵᠢᠯ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠲᠡᠮᠡᠴᠡᠯ ᠤᠨ ᠬᠦᠴᠦᠨ ᠢ ᠲᠠᠰᠤᠷᠠᠯᠲᠠ ᠦᠭᠡᠢ ᠨᠢᠭᠲᠠᠷᠠᠭᠤᠯᠪᠠ᠃      4 ᠰᠠᠷ᠎ᠠ ᠶᠢᠨ 18 ᠤ ᠡᠳᠦᠷ᠂ ᠥᠪᠡᠷᠲᠡᠭᠡᠨ ᠵᠠᠰᠠᠬᠤ ᠣᠷᠣᠨ ᠤ ᠲᠤᠭ᠎ᠠ ᠪᠦᠷᠢᠳᠭᠡᠯ ᠤᠨ ᠲᠣᠪᠴᠢᠶ᠎ᠠ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠭᠤᠤᠯ ᠰᠡᠳᠦᠪᠲᠦ ᠬᠥᠮᠦᠵᠢᠯ ᠤᠨ ᠨᠢᠭᠡᠳᠦᠭᠡᠷ ᠬᠤᠭᠤᠴᠠᠭᠠᠨ ᠤ ᠨᠣᠮ ᠤᠩᠰᠢᠬᠤ ᠠᠩᠭᠢ ᠶᠢ ᠡᠷᠭᠢᠯᠡᠪᠡ᠂ ᠲᠣᠪᠴᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠲᠦᠷᠦᠭᠦᠯᠡᠨ ᠬᠢᠴᠢᠶᠡᠯ ᠣᠷᠣᠵᠤ᠂ ᠲᠤᠰᠬᠠᠶ ᠮᠡᠷᠭᠡᠵᠢᠯᠲᠡᠨ ᠡᠷᠳᠡᠮᠲᠡᠨ ᠢ ᠤᠷᠢᠵᠤ ᠲᠤᠰᠬᠠᠶ ᠰᠡᠳᠦᠪ ᠢᠶᠠᠷ ᠬᠠᠪᠰᠤᠷᠤᠨ ᠵᠢᠯᠣᠭᠤᠳᠣᠭᠤᠯᠬᠤ ᠪᠠᠷ ᠳᠠᠮᠵᠢᠨ᠂ ᠪᠦᠬᠦ ᠲᠣᠪᠴᠢᠶ᠎ᠠ ᠶᠢᠨ ᠨᠠᠮ ᠤᠨ ᠭᠡᠰᠢᠭᠦᠨ ᠺᠠᠳ᠋ᠷ ᠢ ᠬᠥᠮᠦᠵᠢᠭᠦᠯᠵᠦ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠣᠶᠢᠯᠠᠭᠠᠬᠤ ᠲᠠᠯ᠎ᠠ ᠪᠠᠷ ᠦᠷᠭᠦᠯᠵᠢᠯᠡᠨ ᠬᠦᠴᠦᠯᠡᠵᠦ᠂ ᠰᠤᠷᠤᠭᠰᠠᠨ ᠢᠶᠠᠨ ᠬᠡᠷᠡᠭᠯᠡᠵᠦ᠂ ᠲᠤᠭ᠎ᠠ ᠪᠦᠷᠢᠳᠭᠡᠯ ᠤᠨ ᠠᠵᠢᠯ ᠤᠨ ᠶᠠᠰᠤ ᠴᠢᠨᠠᠷ ᠦᠷ᠎ᠡ ᠪᠦᠲᠦᠮᠵᠢ ᠶᠢ ᠲᠠᠰᠤᠷᠠᠯᠲᠠ ᠥᠬᠡᠶ ᠳᠡᠭᠡᠭᠰᠢᠯᠡᠭᠦᠯᠦᠨ᠂ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠤᠰᠢᠶᠠᠭᠰᠠᠨ ᠲᠠᠪᠤᠨ ᠶᠡᠭᠡ ᠡᠭᠦᠷᠭᠡ ᠪᠣᠯᠤᠨ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠢ ᠪᠥᠬᠦ ᠲᠠᠯ᠎ᠠ ᠪᠠᠷ ᠪᠥᠲᠥᠭᠡᠨ ᠪᠠᠶᠢᠭᠤᠯᠬᠤ ᠬᠤᠶᠠᠷ ᠶᠡᠭᠡ ᠶᠠᠪᠤᠳᠠᠯ ᠤᠨ ᠲᠣᠭᠤᠷᠢᠨ ᠳᠤ᠂ ᠲᠤᠭ᠎ᠠ ᠪᠦᠷᠢᠳᠭᠡᠯ ᠤᠨ ᠬᠢᠨᠠᠨ ᠬᠡᠮᠵᠢᠯᠲᠡ ᠪᠠ ᠲᠤᠭ᠎ᠠ ᠪᠠᠷᠢᠮᠲᠠ ᠶᠢᠨ ᠵᠠᠳᠠᠯᠤᠯᠲᠠ ᠶᠢ ᠴᠢᠩᠭᠠᠳᠬᠠᠵᠤ᠂ ᠠᠷᠭ᠎ᠠ ᠪᠤᠳᠤᠯᠭ᠎ᠠ ᠰᠠᠨᠠᠭᠤᠯᠭ᠎ᠠ ᠳᠤᠷᠠᠳᠴᠤ᠂ ᠵᠣᠷᠢᠭᠲᠠᠶ ᠪᠠᠷ ᠬᠠᠷᠢᠭᠤᠴᠠᠯᠭ᠎ᠠ ᠡᠭᠦᠷᠭᠡᠯᠡᠬᠦ᠂ ᠵᠣᠷᠢᠭᠲᠠᠶ ᠬᠢᠬᠦ᠂ ᠰᠠᠶᠢᠳᠤᠷ ᠬᠢᠵᠦ ᠰᠠᠶᠢᠳᠤᠷ ᠪᠦᠲᠦᠭᠡᠬᠦ ᠠᠮᠢᠳᠤᠯᠢᠭ ᠦᠢᠯᠡᠳᠦᠯᠭᠡ ᠪᠠᠷ ᠰᠤᠷᠤᠯᠴᠠᠯᠭ᠎ᠠ ᠶᠢᠨ ᠦᠷ᠎ᠡ ᠪᠦᠲᠦᠮᠵᠢ ᠶᠢ ᠰᠢᠯᠭᠠᠪᠠ᠃      4 ᠰᠠᠷ᠎ᠠ ᠶᠢᠨ 18 ᠤ ᠡᠳᠦᠷ᠂ ᠥᠪᠡᠷᠲᠡᠭᠡᠨ ᠵᠠᠰᠠᠬᠤ ᠣᠷᠣᠨ ᠤ ᠤᠳᠬ᠎ᠠ ᠤᠷᠠᠯᠢᠭ ᠤᠨ ᠬᠢᠨ ᠤ ᠬᠤᠯᠪᠣᠭ᠎ᠠ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠭᠤᠤᠯ ᠰᠡᠳᠦᠪᠲᠦ ᠬᠥᠮᠦᠵᠢᠯ ᠤᠨ ᠨᠣᠮ ᠤᠩᠰᠢᠬᠤ ᠠᠩᠭᠢ ᠡᠷᠭᠢᠯᠡᠪᠡ᠃ ᠥᠪᠡᠷᠲᠡᠭᠡᠨ ᠵᠠᠰᠠᠬᠤ ᠣᠷᠣᠨ ᠤ ᠤᠳᠬ᠎ᠠ ᠤᠷᠠᠯᠢᠭ ᠤᠨ ᠬᠢᠨ ᠤ ᠬᠤᠯᠪᠣᠭ᠎ᠠ ᠶᠢᠨ ᠨᠠᠮ ᠤᠨ ᠤᠳᠤᠷᠢᠳᠬᠤ ᠳᠤᠭᠤᠶᠢᠯᠠᠩ᠂ ᠤᠨᠤᠯ ᠤᠨ ᠰᠤᠷᠤᠯᠴᠠᠯᠭ᠎ᠠ ᠶᠢ ᠪᠦᠬᠦ ᠲᠠᠯ᠎ᠠ ᠪᠠᠷ ᠴᠢᠩᠭᠠᠳᠬᠠᠵᠤ᠂ ᠦᠵᠡᠯ ᠰᠠᠨᠠᠭᠠᠨ ᠤ ᠰᠠᠭᠤᠷᠢ ᠶᠢ ᠪᠠᠬᠢᠵᠢᠭᠦᠯᠬᠦ ᠬᠡᠷᠡᠭᠲᠡᠢ︔ ᠪᠠᠶᠢᠴᠠᠭᠠᠨ ᠰᠤᠳᠤᠯᠤᠯᠲᠠ ᠬᠢᠬᠦ ᠰᠤᠷᠲᠠᠯ ᠢ ᠶᠡᠭᠡ ᠪᠠᠷ ᠪᠠᠳᠠᠷᠠᠭᠤᠯᠵᠤ᠂ ᠨᠠᠮ ᠤᠨ ᠰᠢᠨ᠎ᠡ ᠶᠢ ᠡᠭᠦᠳᠦᠭᠰᠡᠨ ᠤᠨᠤᠯ ᠢᠶᠠᠷ ᠰᠢᠨ᠎ᠡ ᠪᠠᠶᠢᠳᠠᠯ ᠢ ᠰᠤᠳᠤᠯᠵᠤ᠂ ᠰᠢᠨ᠎ᠡ ᠠᠰᠠᠭᠤᠳᠠᠯ ᠢ ᠰᠢᠢᠳᠪᠦᠷᠢᠯᠡᠬᠦ ᠬᠡᠷᠡᠭᠲᠡᠢ︔ ᠪᠣᠳᠠᠲᠠᠶ ᠠᠵᠢᠯᠯᠠᠬᠤ ᠪᠠᠷ ᠡᠬᠢᠯᠡᠯᠲᠡ ᠪᠣᠯᠭᠠᠬᠤ ᠶᠢ ᠪᠠᠷᠢᠮᠲᠠᠯᠠᠵᠤ᠂ ︽ᠵᠢᠷᠭᠤᠭ᠎ᠠ ᠶᠢ ᠡᠷᠬᠡᠪᠰᠢ ᠪᠠᠷᠢᠮᠲᠠᠯᠠᠬᠤ︾ ᠪᠠᠷ ᠣᠯᠠᠨ ᠤ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠬᠤ ᠶᠢ ᠵᠣᠷᠢᠭᠵᠢᠭᠤᠯᠵᠤ᠂ ᠠᠳᠠᠯᠢᠳᠬᠠᠵᠤ ᠰᠤᠷᠴᠤ ᠭᠦᠢᠴᠡᠵᠦ ᠳᠠᠪᠠᠭ᠋ᠤ ᠬᠡᠷᠡᠭᠲᠡᠶ︔ ᠤᠳᠬ᠎ᠠ ᠤᠷᠠᠯᠢᠭ ᠤᠨ ᠬᠢᠨ ᠤ ᠬᠤᠯᠪᠣᠭ᠎ᠠ ᠶᠢᠨ ᠭᠤᠣᠯᠳᠠᠯᠭ᠎ᠠ ᠲᠠᠢ ᠠᠵᠢᠯ ᠤᠨ ᠬᠠᠷᠠᠯᠲᠠ ᠶᠢᠨ ᠲᠣᠭᠤᠷᠢᠨ ᠳᠤ ᠳᠣᠪᠤᠶᠢᠮ᠎ᠠ ᠠᠰᠠᠭᠤᠳᠠᠯ ᠢ ᠬᠦᠴᠦᠯᠡᠨ ᠰᠢᠢᠳᠪᠦᠷᠢᠯᠡᠵᠦ᠂ ᠪᠣᠳᠠᠲᠠᠢ ᠠᠷᠭ᠎ᠠ ᠬᠡᠮᠵᠢᠶ᠎ᠡ ᠶᠢ ᠠᠭᠤᠰᠤᠯᠴᠠᠭᠤᠯᠤᠨ ᠤᠶᠠᠯᠳᠤᠭᠤᠯᠵᠤ᠂ ᠤᠨᠤᠯ ᠤᠨ ᠰᠤᠷᠤᠯᠴᠠᠯᠭ᠎ᠠ᠂ ᠪᠠᠶᠢᠴᠠᠭᠠᠨ ᠰᠤᠳᠤᠯᠤᠯᠲᠠ᠂ ᠬᠥᠭᠵᠢᠯᠲᠡ ᠶᠢ ᠠᠬᠢᠭᠤᠯᠬᠤ᠂ ᠪᠠᠶᠢᠴᠠᠭᠠᠨ ᠦᠵᠡᠵᠦ ᠴᠡᠭᠴᠡᠯᠡᠨ ᠰᠠᠶᠢᠵᠢᠷᠠᠭᠤᠯᠬᠤ ᠶᠢ ᠤᠶᠠᠯᠳᠤᠭᠤᠯᠵᠤ᠂ ᠣᠷᠭᠠᠨᠢᠭ ᠢᠶᠠᠷ ᠠᠭᠤᠰᠤᠯᠴᠠᠭᠤᠯᠵᠤ᠂ ᠨᠢᠭᠡ ᠴᠤᠭᠴᠠᠵᠢᠭᠤᠯᠤᠨ ᠠᠬᠢᠭᠤᠯᠬᠤ ᠬᠡᠷᠡᠭᠲᠡᠢ ᠭᠡᠵᠦ ᠱᠠᠭᠠᠷᠳᠠᠪᠠ᠃      4 ᠰᠠᠷ᠎ᠠ ᠶᠢᠨ 20 ᠤ ᠡᠳᠦᠷ᠂ ᠥᠪᠥᠷ ᠮᠣᠩᠭᠤᠯ ᠤᠨ ᠰᠢᠨᠬᠤᠸᠠ ᠲᠠᠷᠬᠠᠭᠠᠯᠲᠠ ᠶᠢᠨ ᠪᠦᠯᠦᠭᠯᠡᠯ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠭᠤᠤᠯ ᠰᠡᠳᠦᠪᠲᠦ ᠬᠦᠮᠦᠵᠢᠯ ᠤᠨ ᠨᠢᠭᠡᠳᠦᠭᠡᠷ ᠬᠤᠭᠤᠴᠠᠭᠠᠨ ᠤ ᠨᠣᠮ ᠤᠩᠰᠢᠬᠤ ᠠᠩᠭᠢ ᠡᠷᠭᠢᠯᠡᠪᠡ᠃ ᠨᠣᠮ ᠤᠩᠰᠢᠬᠤ ᠠᠩᠭᠢ ᠨᠢ ᠲᠥᠪᠯᠡᠷᠡᠭᠦᠯᠦᠨ ᠨᠣᠮ ᠤᠩᠰᠢᠬᠤ᠂ ᠲᠤᠰᠬᠠᠶ ᠰᠡᠳᠦᠪᠲᠦ ᠲᠠᠶᠢᠯᠤᠮᠵᠢ ᠬᠢᠬᠦ᠂ ᠰᠤᠳᠤᠯᠤᠨ ᠶᠠᠷᠢᠯᠴᠠᠵᠤ ᠰᠣᠯᠢᠯᠴᠠᠬᠤ ᠵᠡᠷᠭᠡ ᠠᠷᠭ᠎ᠠ ᠮᠠᠶ᠋ᠢᠭ ᠢᠶᠠᠷ ᠶᠠᠪᠤᠭᠳᠠᠪᠠ᠃ ᠥᠪᠥᠷ ᠮᠣᠩᠭᠤᠯ ᠤᠨ ᠰᠢᠨᠬᠤᠸᠠ ᠲᠠᠷᠬᠠᠭᠠᠯᠲᠠ ᠶᠢᠨ ᠪᠦᠯᠦᠭᠯᠡᠯ ᠤᠨ ᠨᠠᠮ ᠤᠨ ᠬᠤᠷᠢᠶ᠎ᠠ ᠠᠴᠠ᠂ ᠳᠡᠭᠡᠳᠦ ᠬᠡᠮᠵᠢᠶᠡᠨ ᠤ ᠤᠬᠠᠮᠰᠠᠷ ᠠᠴᠠ ᠪᠠᠨ᠂ ᠠᠯᠬᠤᠮ ᠠᠯᠬᠤᠮ ᠢᠶᠠᠷ᠂ ᠥᠨᠳᠥᠷ ᠪᠠᠷᠢᠮᠵᠢᠶ᠎ᠠ ᠪᠠᠷ ᠭᠤᠣᠯ ᠰᠡᠳᠦᠪᠲᠦ ᠬᠥᠮᠦᠵᠢᠯ ᠢ ᠴᠢᠨᠠᠷ ᠰᠠᠶᠢᠲᠠᠢ ᠥᠷᠨᠢᠭᠦᠯᠵᠦ᠂ ᠤᠨᠤᠯ ᠤᠨ ᠰᠤᠷᠤᠯᠴᠠᠯᠭ᠎ᠠ ᠶᠢᠨ ᠴᠢᠭᠯᠡᠭᠦᠯᠦᠯᠲᠦ ᠴᠢᠨᠠᠷ ᠢ ᠳᠣᠪᠤᠶᠢᠯᠭᠠᠵᠤ᠂ ᠲᠥᠪᠯᠡᠷᠡᠭᠦᠯᠦᠨ ᠰᠤᠷᠤᠯᠴᠠᠬᠤ ᠵᠡᠷᠭᠡ ᠬᠡᠯᠪᠡᠷᠢ ᠪᠠᠷ ᠭᠤᠣᠯ ᠰᠡᠳᠦᠪᠲᠦ ᠬᠥᠮᠦᠵᠢᠯ ᠢ ᠯᠠᠪᠳᠠᠭᠤᠨ ᠪᠠᠲᠤᠲᠠᠢ ᠥᠷᠨᠢᠭᠦᠯᠬᠦ ᠶᠢ ᠠᠬᠢᠭᠤᠯᠵᠤ᠂ ᠭᠤᠣᠯ ᠰᠡᠳᠦᠪᠲᠦ ᠬᠥᠮᠦᠵᠢᠯ ᠪᠣᠯᠤᠨ ᠭᠤᠣᠯ ᠠᠵᠢᠯ ᠤᠨ ︽ᠬᠤᠶᠠᠷ ᠢ ᠦᠯᠦ ᠰᠠᠭᠠᠲᠠᠭᠠᠬᠤ᠂ ᠬᠤᠶᠠᠷ ᠢ ᠠᠬᠢᠭᠤᠯᠬᠤ︾ ᠶᠢ ᠪᠡᠶᠡᠯᠡᠭᠦᠯᠵᠦ᠂ ᠭᠤᠣᠯ ᠰᠡᠳᠦᠪᠲᠦ ᠬᠥᠮᠦᠵᠢᠯ ᠢ ᠰᠠᠶᠢᠲᠤᠷ ᠥᠷᠨᠢᠭᠦᠯᠬᠦ ᠶᠢ ᠪᠦᠯᠦᠭᠯᠡᠯ ᠤᠨ ᠬᠡᠯᠪᠡᠷᠢ ᠪᠠᠨ ᠬᠤᠪᠢᠷᠠᠭᠤᠯᠤᠨ ᠲᠡᠰ ᠳᠡᠪᠰᠢᠭᠦᠯᠬᠦ᠂ ᠴᠢᠨᠠᠷ ᠰᠠᠶᠢᠲᠠᠢ ᠬᠥᠭᠵᠢᠯᠲᠡ ᠲᠠᠢ ᠤᠶᠠᠯᠳᠤᠭᠤᠯᠵᠤ᠂ ᠦᠨᠡᠨ ᠪᠣᠳᠠᠲᠠᠢ ᠦᠷ᠎ᠡ ᠪᠦᠲᠦᠮᠵᠢ ᠤᠯᠬᠤ ᠪᠠᠷ ᠴᠢᠷᠮᠠᠶᠢᠬᠤ ᠬᠡᠷᠡᠭᠲᠡᠢ ᠭᠡᠵᠦ ᠳᠤᠷᠠᠳᠪᠠ᠃      4 ᠰᠠᠷ᠎ᠠ ᠶᠢᠨ 23 ᠤ ᠡᠳᠦᠷ᠂ ᠥᠪᠡᠷᠲᠡᠭᠡᠨ ᠵᠠᠰᠠᠬᠤ ᠣᠷᠣᠨ ᠤ ᠬᠠᠤᠯᠢ ᠴᠠᠭᠠᠵᠠ ᠶᠢᠨ ᠲᠢᠩᠬᠢᠮ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠭᠤᠤᠯ ᠰᠡᠳᠦᠪᠲᠦ ᠬᠥᠮᠦᠵᠢᠯ ᠤᠨ ᠨᠢᠭᠡᠳᠦᠭᠡᠷ ᠬᠤᠭᠤᠴᠠᠭᠠᠨ ᠤ ᠨᠣᠮ ᠤᠩᠰᠢᠬᠤ ᠠᠩᠭᠢ ᠡᠷᠭᠢᠯᠡᠵᠦ᠂ ᠪᠥᠬᠦ ᠣᠷᠣᠨ ᠤ ᠰᠢᠭᠤᠳ ᠬᠠᠷᠢᠶ᠎ᠠ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠰᠢᠰᠲ᠋ᠧᠮ ᠤᠨ ᠡᠯ᠎ᠡ ᠱᠠᠲᠤᠨ ᠤ ᠨᠠᠮ ᠤᠨ ᠭᠡᠰᠢᠭᠦᠨ ᠺᠠᠳ᠋ᠷ ᠢ ᠲᠤᠰᠬᠠᠶ ᠰᠡᠳᠦᠪ ᠢᠶᠠᠷ ᠬᠠᠪᠰᠤᠷᠤᠨ ᠵᠢᠯᠣᠭᠤᠳᠪᠠ᠃ ᠥᠪᠡᠷᠲᠡᠭᠡᠨ ᠵᠠᠰᠠᠬᠤ ᠣᠷᠣᠨ ᠤ ᠬᠠᠤᠯᠢ ᠴᠠᠭᠠᠵᠠ ᠶᠢᠨ ᠲᠢᠩᠬᠢᠮ ᠠᠴᠠ᠂ ︽ᠶᠠᠭᠤᠨ ᠳᠤ ᠰᠤᠷᠤᠯᠴᠠᠬᠤ︾᠂ ︽ᠶᠠᠭᠤ ᠶᠢ ᠰᠤᠷᠤᠯᠴᠠᠬᠤ︾ ︽᠂ ᠶᠠᠭᠠᠬᠢᠵᠤ ᠰᠤᠷᠤᠯᠴᠠᠬᠤ︾ ᠲᠠᠢ ᠨᠢᠭᠲᠠ ᠤᠶᠠᠯᠳᠤᠭᠤᠯᠤᠨ᠂ ᠣᠨᠣᠯ ᠤᠨ ᠰᠤᠷᠤᠯᠴᠠᠯᠭ᠎ᠠ ᠶᠢ ᠴᠢᠩᠭᠠᠳᠬᠠᠬᠤ ᠶᠢᠨ ᠴᠢᠬᠤᠯᠠ ᠠᠴᠢ ᠬᠤᠯᠪᠣᠭᠳᠠᠯ ᠢ ᠭᠦᠨᠵᠡᠭᠡᠶ ᠣᠶᠢᠯᠠᠭᠠᠵᠤ᠂ ᠣᠨᠣᠯ ᠤᠨ ᠰᠤᠷᠤᠯᠴᠠᠯᠭ᠎ᠠ ᠶᠢᠨ ᠶᠠᠰᠤ ᠴᠢᠨᠠᠷ ᠦᠷ᠎ᠡ ᠪᠦᠲᠦᠮᠵᠢ ᠶᠢ ᠦᠨᠡᠨ ᠬᠦ ᠳᠡᠭᠡᠭᠰᠢᠯᠡᠭᠦᠯᠬᠦ ᠬᠡᠷᠡᠭᠲᠡᠶ︔ ᠰᠤᠷᠤᠯᠴᠠᠯᠭ᠎ᠠ ᠶᠢᠨ ᠦᠷ᠎ᠡ ᠪᠦᠲᠦᠭᠡᠯ ᠢ ᠪᠥᠬᠦ ᠲᠠᠯ᠎ᠠ ᠪᠠᠷ ᠬᠠᠤᠯᠢ ᠪᠠᠷ ᠣᠷᠣᠨ ᠢᠶᠠᠨ ᠵᠠᠰᠠᠬᠤ ᠪᠠ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠠᠵᠢᠯ ᠤᠨ ᠦᠢᠯᠡᠳᠦᠯᠭᠡ ᠳᠤ ᠠᠭᠤᠰᠤᠯᠴᠠᠭᠤᠯᠵᠤ᠂ ᠡᠯ᠎ᠡ ᠵᠦᠢᠯ ᠤᠨ ᠠᠵᠢᠯ ᠤᠨ ᠰᠢᠨ᠎ᠡ ᠠᠬᠢᠴᠠ ᠲᠠᠢ ᠪᠣᠯᠬᠤ᠂ ᠰᠢᠨ᠎ᠡ ᠰᠢᠪᠲᠤᠯᠤᠯᠲᠠ ᠲᠠᠢ ᠪᠣᠯᠬᠤ ᠶᠢ ᠠᠬᠢᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠤᠰᠢᠶᠠᠭᠰᠠᠨ ᠲᠠᠪᠤᠨ ᠶᠡᠭᠡ ᠡᠭᠦᠷᠭᠡ ᠪᠣᠯᠤᠨ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠢ ᠪᠥᠬᠦ ᠲᠠᠯ᠎ᠠ ᠪᠠᠷ ᠪᠥᠲᠥᠭᠡᠨ ᠪᠠᠶᠢᠭᠤᠯᠬᠤ ᠬᠤᠶᠠᠷ ᠶᠡᠭᠡ ᠶᠠᠪᠤᠳᠠᠯ ᠢ ᠰᠠᠶᠢᠲᠤᠷ ᠪᠡᠶᠡᠯᠡᠭᠦᠯᠬᠦ ᠳᠤ ᠬᠦᠴᠦᠲᠡᠶ ᠬᠠᠤᠯᠢᠵᠢᠯ ᠤᠨ ᠪᠠᠲᠤᠯᠠᠭ᠎ᠠ ᠬᠠᠩᠭᠠᠬᠤ ᠬᠡᠷᠡᠭᠲᠡᠢ ᠭᠡᠵᠦ ᠱᠠᠭᠠᠷᠳᠠᠪᠠ᠃
 
ᠢᠷᠡᠯᠲᠡ᠄ ᠦᠪᠦᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号