ᠬᠠᠮᠠᠭᠠᠯᠠᠯᠲᠠ ᠶᠢ ᠤᠷᠢᠳᠴᠢᠯᠠᠨ ᠭᠦᠢᠴᠡᠳᠬᠡᠵᠦ ᠲᠡᠷᠡ ᠬᠡᠪ ᠢᠶᠠᠷ ᠨᠢ ᠨᠠᠶᠢᠳᠠᠪᠤᠷᠢᠵᠢᠭᠤᠯᠤᠶ᠎ᠠ    ᠮᠠᠨ ᠤ ᠣᠷᠣᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠪᠠᠶᠢᠴᠠᠭᠠᠯᠲᠠ ᠪᠠᠷ ︽ᠥᠪᠥᠷ ᠮᠣᠩᠭᠤᠯ ᠤᠨ ᠨᠠᠷᠠᠲᠤ ᠲᠡᠮᠳᠡᠭᠲᠦ ︾ ᠶᠢ ᠬᠠᠮᠠᠭᠠᠯᠠᠬᠤ ᠲᠤᠰᠬᠠᠢ ᠬᠢᠨᠠᠯᠲᠠ ᠲᠠᠯᠪᠢᠬᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2023/5/6
      ᠡᠨᠡ ᠵᠢᠯ ᠤᠨ 4 ᠳ᠋ᠦ᠋ᠭᠡᠷ ᠰᠠᠷ᠎ᠠ ᠶᠢᠨ 26 ᠤ ᠡᠳᠦᠷ ᠪᠣᠯ ᠬᠤᠷᠢᠨ ᠭᠤᠷᠪᠠᠳᠠᠭᠢ ᠳᠡᠯᠡᠬᠡᠢ ᠶᠢᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠡᠳᠦᠷ ᠪᠣᠯᠣᠨ᠎ᠠ᠃ ᠥᠪᠡᠷᠲᠡᠭᠡᠨ ᠵᠠᠰᠠᠬᠤ ᠣᠷᠣᠨ ᠤ ᠠᠷᠠᠳ ᠤᠨ ᠪᠠᠶᠢᠴᠠᠭᠠᠬᠤ ᠬᠤᠷᠢᠶ᠎ᠠ ᠠᠴᠠ ᠣᠶᠢᠯᠠᠭᠠᠭᠰᠠᠨ ᠢᠶᠠᠷ᠂ ᠪᠥᠬᠦ ᠣᠷᠣᠨ ᠤ ᠪᠠᠶᠢᠴᠠᠭᠠᠬᠤ ᠪᠠᠶᠢᠭᠤᠯᠭ᠎ᠠ ᠶᠢᠨ ᠳᠡᠭᠡᠳᠦ ᠳᠣᠣᠷᠠᠳᠤ ᠱᠠᠲᠤ ᠪᠠᠷ ᠢᠶᠠᠨ ᠰᠣᠷᠣᠭᠰᠠᠨ ᠢᠶᠠᠨ ᠬᠡᠷᠡᠭᠯᠡᠵᠦ᠂ ᠭᠤᠣᠯ ᠰᠡᠳᠦᠪᠲᠦ ᠬᠥᠮᠦᠵᠢᠯ ᠤᠨ ᠶᠠᠪᠤᠴᠠ ᠳᠠᠬᠢ ᠣᠯᠣᠯᠲᠠ ᠪᠠ ᠪᠣᠳᠠᠲᠠᠢ ᠪᠠᠶᠢᠳᠠᠯ ᠢ ᠤᠶᠠᠯᠳᠤᠭᠤᠯᠵᠤ ᠪᠠᠶᠢᠨ᠎ᠠ᠃ ᠪᠥᠬᠦ ᠣᠷᠣᠨ ᠤ ᠪᠠᠶᠢᠴᠠᠭᠠᠬᠤ ᠪᠠᠶᠢᠭᠤᠯᠭ᠎ᠠ ᠤᠳ 4 ᠳ᠋ᠦ᠋ᠭᠡᠷ ᠰᠠᠷ᠎ᠠ ᠠᠴᠠ ᠡᠬᠢᠯᠡᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠪᠠᠶᠢᠴᠠᠭᠠᠯᠲᠠ ᠪᠠᠷ ︽ᠥᠪᠥᠷ ᠮᠣᠩᠭᠤᠯ ᠤᠨ ᠨᠠᠷᠠᠲᠤ ᠲᠡᠮᠳᠡᠭᠲᠦ︾ ᠶᠢ ᠬᠠᠮᠠᠭᠠᠯᠠᠬᠤ ᠲᠤᠰᠬᠠᠢ ᠬᠢᠨᠠᠯᠲᠠ ᠲᠠᠯᠪᠢᠬᠤ ᠠᠵᠢᠯᠯᠠᠭ᠎ᠠ ᠶᠢ ᠥᠷᠨᠢᠭᠦᠯᠵᠦ᠂ 12 ᠳ᠋ᠤᠭᠠᠷ ᠰᠠᠷ᠎ᠠ ᠳᠤ ᠳᠠᠭᠤᠰᠬᠠᠬᠤ ᠪᠣᠯᠣᠨ᠎ᠠ᠃      ᠣᠶᠢᠯᠠᠭᠠᠭᠰᠠᠨ ᠢᠶᠠᠷ᠂ ᠲᠤᠰᠬᠠᠢ ᠬᠢᠨᠠᠯᠲᠠ ᠲᠠᠯᠪᠢᠬᠤ ᠠᠵᠢᠯᠯᠠᠭ᠎ᠠ ᠶᠢᠨ ᠬᠤᠭᠤᠴᠠᠭᠠᠨ ᠳᠤ᠂ ᠪᠥᠬᠦ ᠣᠷᠣᠨ ᠤ ᠪᠠᠶᠢᠴᠠᠭᠠᠬᠤ ᠪᠠᠶᠢᠭᠤᠯᠭ᠎ᠠ ᠨᠤᠭᠤᠳ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠡᠷᠡᠭᠦᠦ ᠶᠢᠨ ᠬᠡᠷᠡᠭ᠂ ᠢᠷᠭᠡᠨ ᠤ ᠬᠡᠷᠡᠭ᠂ ᠵᠠᠰᠠᠭ ᠵᠠᠬᠢᠷᠭᠠᠨ᠂ ᠨᠡᠶᠢᠲᠡ ᠶᠢᠨ ᠠᠰᠠᠷᠠᠮᠵᠢ ᠶᠢᠨ ᠵᠠᠷᠭᠤ ᠶᠢᠨ ᠪᠠᠶᠢᠴᠠᠭᠠᠬᠤ ᠡᠭᠦᠷᠭᠡ ᠴᠢᠳᠠᠪᠤᠷᠢ ᠪᠠᠨ ᠭᠦᠢᠴᠡᠳ ᠪᠠᠳᠠᠷᠠᠭᠤᠯᠵᠤ᠂ ᠨᠠᠷᠠᠲᠤ ᠲᠡᠮᠳᠡᠭᠲᠦ ᠶᠢ ᠬᠠᠭᠤᠷᠮᠠᠭᠯᠠᠨ ᠵᠣᠬᠢᠶᠠᠭᠰᠠᠨ᠂ ᠨᠠᠷᠠᠲᠤ ᠲᠡᠮᠳᠡᠭᠲᠦ ᠶᠢᠨ ᠠᠵᠤ ᠠᠬᠤᠶᠢᠯᠠᠯ ᠤᠨ ᠲᠤᠰᠬᠠᠢ ᠠᠰᠢᠭ ᠲᠤ ᠬᠠᠯᠳᠠᠭᠰᠠᠨ᠂ ᠨᠠᠷᠠᠲᠤ ᠲᠡᠮᠳᠡᠭᠲᠦ ᠶᠢᠨ ᠠᠵᠤ ᠠᠬᠤᠶᠢᠯᠠᠯ ᠤᠨ ᠬᠤᠳᠠᠯᠳᠤᠭᠠᠨ ᠤ ᠨᠢᠭᠤᠴᠠ ᠳᠤ ᠬᠠᠯᠳᠠᠭᠰᠠᠨ᠂ ᠨᠠᠷᠠᠲᠤ ᠲᠡᠮᠳᠡᠭᠲᠦ ᠶᠢᠨ ᠵᠦᠢ ᠪᠤᠰᠤ ᠥᠷᠢᠰᠦᠯᠳᠦᠭᠡᠨ ᠳᠤ ᠬᠤᠯᠪᠣᠭᠳᠠᠭᠰᠠᠨ ᠭᠡᠬᠦ 4 ᠵᠦᠢᠯ ᠤᠨ ᠬᠠᠤᠯᠢ ᠶᠢ ᠵᠥᠷᠢᠴᠡᠭᠰᠡᠨ ᠶᠠᠯᠠᠲᠤ ᠠᠵᠢᠯᠯᠠᠭ᠎ᠠ ᠳᠤ ᠭᠤᠣᠯᠳᠠᠯᠭ᠎ᠠ ᠲᠠᠢ ᠪᠠᠷ ᠲᠤᠰᠬᠠᠢ ᠬᠢᠨᠠᠯᠲᠠ ᠲᠠᠯᠪᠢᠨ᠎ᠠ᠃      ᠡᠭᠦᠨ ᠤ ᠬᠠᠮᠲᠤ᠂ ᠪᠥᠬᠦ ᠣᠷᠣᠨ ᠤ ᠪᠠᠶᠢᠴᠠᠭᠠᠬᠤ ᠪᠠᠶᠢᠭᠤᠯᠭ᠎ᠠ ᠨᠤᠭᠤᠳ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠳᠤ ᠬᠠᠯᠳᠠᠭᠰᠠᠨ ᠶᠠᠯᠠᠲᠤ ᠠᠵᠢᠯᠯᠠᠭ᠎ᠠ ᠶᠢ ᠬᠠᠤᠯᠢ ᠶᠣᠰᠣᠭᠠᠷ ᠵᠠᠯᠬᠠᠭᠠᠨ ᠰᠢᠢᠳᠬᠡᠵᠦ᠂ ᠬᠡᠷᠡᠭ ᠪᠣᠯᠭᠠᠨ ᠳᠡᠩᠰᠡᠯᠡᠬᠤ ᠳᠤ ᠬᠢᠨᠠᠯᠲᠠ ᠲᠠᠯᠪᠢᠬᠤ ᠪᠠ ᠮᠥᠷᠳᠡᠨ ᠪᠠᠶᠢᠴᠠᠭᠠᠬᠤ ᠠᠵᠢᠯᠯᠠᠭ᠎ᠠ ᠳᠤ ᠬᠢᠨᠠᠯᠲᠠ ᠲᠠᠯᠪᠢᠬᠤ ᠪᠠᠨ ᠴᠢᠩᠭᠠᠳᠬᠠᠵᠤ᠂ ᠬᠡᠷᠡᠭ ᠪᠠᠶᠢᠲᠠᠯ᠎ᠠ ᠥᠯᠥ ᠳᠠᠩᠰᠠᠯᠠᠬᠤ ᠪᠠ ᠵᠣᠬᠢᠰ ᠦᠭᠡᠢ ᠪᠠᠷ ᠬᠡᠷᠡᠭ ᠪᠣᠯᠭᠠᠨ ᠳᠠᠩᠰᠠᠯᠠᠬᠤ ᠠᠴᠠ ᠰᠡᠷᠭᠡᠶᠢᠯᠡᠨ᠎ᠡ︔ ᠢᠷᠭᠡᠨ ᠤ ᠬᠡᠷᠡᠭ᠂ ᠵᠠᠰᠠᠭ ᠵᠠᠬᠢᠷᠭᠠᠨ ᠤ ᠵᠠᠷᠭᠤ ᠳᠤ ᠨᠠᠷᠢᠯᠢᠭ ᠣᠨᠣᠴᠠᠲᠠᠢ ᠪᠠᠷ ᠬᠢᠨᠠᠯᠲᠠ ᠲᠠᠯᠪᠢᠬᠤ ᠶᠢ ᠴᠢᠩᠭᠠᠳᠬᠠᠵᠤ᠂ ᠬᠤᠳᠠᠯ ᠬᠠᠭᠤᠷᠮᠠᠭ ᠵᠠᠷᠭᠤ ᠶᠢᠨ ᠠᠰᠠᠭᠤᠳᠠᠯ ᠢ ᠭᠤᠣᠯᠳᠠᠯᠭ᠎ᠠ ᠲᠠᠢ ᠠᠩᠬᠠᠷᠴᠤ᠂ ᠶᠠᠯᠠᠲᠤ ᠬᠡᠷᠡᠭ ᠤᠨ ᠰᠦᠪᠡᠭᠴᠢ ᠶᠢ ᠰᠢᠯᠵᠢᠭᠦᠯᠦᠨ ᠬᠦᠷᠭᠡᠬᠦ ᠶᠢ ᠴᠢᠩᠭᠠᠳᠬᠠᠨ᠎ᠠ︔ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠦᠷᠢᠶᠡᠨ ᠳᠠᠬᠢ ᠨᠡᠶᠢᠲᠡ ᠶᠢᠨ ᠠᠰᠠᠷᠠᠮᠵᠢ ᠶᠢᠨ ᠵᠠᠷᠭᠤ ᠶᠢ ᠯᠠᠪᠳᠠᠭᠤᠨ ᠢᠶᠠᠷ ᠬᠠᠶᠢᠨ ᠰᠦᠪᠡᠭᠴᠢᠯᠡᠵᠦ᠂ ᠬᠠᠭᠤᠴᠢᠨ ᠨᠠᠷᠠᠲᠤ ᠲᠡᠮᠳᠡᠭᠲᠦ᠂ ᠪᠣᠳᠠᠰ ᠤᠨ ᠪᠤᠰᠤ ᠰᠣᠶᠣᠯ ᠤᠨ ᠥᠪ᠂ ᠠᠷᠠᠳ ᠤᠨ ᠤᠳᠬ᠎ᠠ ᠤᠷᠠᠯᠢᠭ ᠤᠨ ᠪᠦᠲᠦᠭᠡᠯ᠂ ᠮᠣᠩᠭᠤᠯ ︵ᠬᠢᠲᠠᠳ︶ ᠡᠮ ᠡᠮᠨᠡᠯᠭᠡ ᠶᠢᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠠᠮᠠᠭᠠᠯᠠᠯᠲᠠ ᠳᠤ ᠠᠩᠬᠠᠷᠤᠯ ᠢᠶᠠᠨ ᠲᠥᠪᠯᠡᠷᠡᠭᠦᠯᠵᠦ᠂ ᠵᠠᠰᠠᠭ ᠵᠠᠬᠢᠷᠭᠠᠨ ᠤ ᠨᠡᠶᠢᠲᠡ ᠶᠢᠨ ᠠᠰᠠᠷᠠᠮᠵᠢ ᠶᠢᠨ ᠵᠠᠷᠭᠤ ᠥᠷᠨᠢᠭᠦᠯᠬᠦ ᠶᠢ ᠰᠦᠪᠡᠭᠴᠢᠯᠡᠨ᠎ᠡ︔ ᠶᠡᠷᠦᠩᠬᠡᠶᠢᠯᠡᠭᠰᠡᠨ ᠬᠠᠤᠯᠢ ᠴᠠᠭᠠᠵᠠ ᠶᠢᠨ ᠬᠠᠮᠠᠭᠠᠯᠠᠯᠲᠠ ᠶᠢᠨ ︽ᠬᠠᠮ ᠠᠷᠭ᠎ᠠ ᠪᠣᠳᠣᠯᠭ᠎ᠠ︾ ᠶᠢ ᠰᠠᠶᠢᠲᠤᠷ ᠬᠡᠷᠡᠭᠯᠡᠵᠦ᠂ ᠢᠯᠠᠩᠭᠤᠶ᠎ᠠ ᠨᠡᠷᠡᠳᠤ ᠲᠡᠮᠳᠡᠭᠲᠦ ᠶᠢᠨ ᠠᠵᠤ ᠠᠬᠤᠶᠢᠯᠠᠯ ᠳᠤ ︽ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢ ᠪᠠᠶᠢᠴᠠᠭᠠᠵᠤ ᠬᠠᠮᠠᠭᠠᠯᠠᠬᠤ ᠬᠠᠷᠢᠯᠴᠠᠬᠤ ᠴᠡᠭ︾ ᠤᠨ ᠫᠠᠶᠢᠰᠠ ᠡᠯᠭᠦᠬᠦ ᠠᠵᠢᠯᠯᠠᠭ᠎ᠠ ᠶᠢ ᠶᠡᠭᠡ ᠪᠠᠷ ᠥᠷᠨᠢᠭᠦᠯᠵᠦ᠂ ᠪᠠᠶᠢᠩᠭᠤᠴᠢᠯᠠᠭᠰᠠᠨ ᠨᠡᠪᠲᠡᠷᠡᠯᠴᠡᠨ ᠬᠠᠷᠢᠯᠴᠠᠬᠤ ᠲᠣᠭᠲᠠᠴᠠ ᠶᠢ ᠪᠠᠶᠢᠭᠤᠯᠵᠤ᠂ ᠠᠵᠤ ᠠᠬᠤᠶᠢᠯᠠᠯ ᠳᠤ ᠵᠠᠬᠢᠶᠠᠯᠠᠭ᠎ᠠ ᠬᠡᠯᠪᠡᠷᠢ ᠶᠢᠨ ︽ᠨᠢᠭᠡᠳ ᠨᠢᠭᠡ ᠪᠠᠷ ᠳᠠᠭᠠᠭᠠᠨ ᠠᠪᠴᠤ ᠪᠠᠶᠢᠴᠠᠭᠠᠬᠤ︾ ᠬᠠᠤᠯᠢ ᠴᠠᠭᠠᠵᠠ ᠶᠢᠨ ᠦᠢᠯᠡᠴᠢᠯᠡᠭᠡᠨ ᠤ ᠠᠵᠢᠯᠯᠠᠭ᠎ᠠ ᠶᠢ ᠬᠠᠩᠭᠠᠨ᠎ᠠ᠃
 
ᠢᠷᠡᠯᠲᠡ᠄ ᠦᠪᠦᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号