ᠰᠤᠷᠤᠯᠴᠠᠯᠭ᠎ᠠ ᠪᠠᠷ ᠰᠦᠭ ᠰᠦᠨᠡᠰᠦ ᠶᠢ ᠱᠤᠭᠤᠵᠤ ᠨᠠᠮᠴᠢ ᠴᠢᠨᠠᠷ ᠢᠶᠠᠨ ᠴᠢᠩᠭᠠᠳᠬᠠᠨ ᠴᠥᠬᠦᠷᠡᠰᠢ ᠦᠭᠡᠢ ᠯᠠᠪᠳᠠᠭᠤᠨ ᠪᠠᠲᠤᠲᠠᠢ ᠵᠠᠮᠨᠠᠵᠤ ᠰᠢᠨ᠎ᠡ ᠭᠠᠪᠢᠶ᠎ᠠ ᠪᠠᠶᠢᠭᠤᠯᠤᠨ᠎ᠠ  ᠮᠠᠨ ᠤ ᠣᠷᠣᠨ ᠤ ᠡᠯ᠎ᠡ ᠰᠠᠯᠠᠭ᠎ᠠ ᠮᠥᠴᠢᠷ ᠡᠯ᠎ᠡ ᠨᠢᠭᠡᠴᠢ ᠶᠢᠨ ᠬᠢᠨ ᠨᠣᠮ ᠤᠩᠰᠢᠬᠤ ᠠᠩᠭᠢ ᠡᠷᠭᠢᠯᠡᠵᠦ ᠭᠤᠣᠯ ᠰᠡᠳᠦᠪᠲᠦ ᠬᠥᠮᠦᠵᠢᠯ ᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ ᠠᠬᠢᠭᠤᠯᠵᠤ ᠪᠤᠢ
ᠨᠡᠶᠢᠲᠡᠯᠡᠭᠰᠡᠨ ᠴᠠᠭ᠄
2023/5/6
      ᠣᠶᠢᠷ᠎ᠠ ᠶᠢᠨ ᠡᠳᠦᠷ᠂ ᠮᠠᠨ ᠤ ᠣᠷᠣᠨ ᠤ ᠡᠯ᠎ᠡ ᠰᠠᠯᠠᠭ᠎ᠠ ᠮᠥᠴᠢᠷ ᠡᠯ᠎ᠡ ᠨᠢᠭᠡᠴᠢ ᠶᠢᠨ ᠬᠢᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠭᠤᠣᠯ ᠰᠡᠳᠦᠪᠲᠦ ᠬᠥᠮᠦᠵᠢᠯ ᠤᠨ ᠨᠣᠮ ᠤᠩᠰᠢᠬᠤ ᠠᠩᠭᠢ ᠵᠠᠯᠭᠠᠭ᠎ᠠ ᠪᠠᠷ ᠬᠢᠴᠢᠶᠡᠯ ᠡᠬᠢᠯᠡᠵᠦ᠂ ᠤᠨᠤᠯ ᠤᠨ ᠶᠡᠭᠡ ᠰᠤᠷᠤᠯᠴᠠᠯᠭ᠎ᠠ᠂ ᠦᠵᠡᠯ ᠰᠠᠨᠠᠭᠠᠨ ᠤ ᠶᠡᠭᠡ ᠵᠡᠪᠰᠡᠭᠯᠡᠯ ᠥᠪᠥᠷ ᠮᠣᠩᠭᠤᠯ ᠳᠤ ᠦᠳᠲᠡᠷ ᠲᠦᠷᠭᠡᠨ ᠥᠷᠨᠢᠭᠰᠡᠨ ᠪᠠᠶᠢᠨ᠎ᠠ᠃ ᠥᠷᠭᠡᠨ ᠤᠯᠠᠨ ᠨᠠᠮ ᠤᠨ ᠭᠡᠰᠢᠭᠦᠨ ᠺᠠᠳ᠋ᠷ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠢᠰᠲ᠋ᠧᠮ ᠲᠠᠢ ᠰᠤᠷᠤᠯᠴᠠᠵᠤ᠂ ᠰᠤᠷᠤᠯᠴᠠᠯᠭ᠎ᠠ ᠪᠠᠷ ᠰᠦᠭ ᠰᠦᠨᠡᠰᠦ ᠶᠢ ᠱᠤᠭᠤᠵᠤ ᠨᠠᠮᠴᠢ ᠴᠢᠨᠠᠷ ᠢᠶᠠᠨ ᠴᠢᠩᠭᠠᠳᠬᠠᠵᠤ᠂ ᠰᠤᠷᠤᠯᠴᠠᠯᠭ᠎ᠠ ᠪᠠᠷ ᠠᠵᠢᠯ ᠢᠶᠠᠨ ᠠᠬᠢᠭᠤᠯᠵᠤ ᠰᠢᠨ᠎ᠡ ᠭᠠᠪᠢᠶ᠎ᠠ ᠪᠠᠶᠢᠭᠤᠯᠵᠤ᠂ ᠮᠡᠳᠡᠬᠦ ᠬᠢᠬᠦ ᠶᠢ ᠨᠢᠭᠡᠳᠬᠡᠬᠦ ᠳᠤᠮᠳᠠ ᠬᠠᠷᠢᠭᠤᠴᠠᠯᠭ᠎ᠠ ᠡᠭᠦᠷᠭᠡᠯᠡᠯ ᠢᠶᠠᠨ ᠴᠢᠩᠭᠠᠳᠬᠠᠵᠤ᠂ ᠭᠤᠣᠯ ᠰᠡᠳᠦᠪᠲᠦ ᠬᠥᠮᠦᠵᠢᠯ ᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ ᠠᠬᠢᠭᠤᠯᠪᠠ᠃      4 ᠰᠠᠷ᠎ᠠ ᠶᠢᠨ 15 ᠤ ᠡᠳᠦᠷ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠭᠤᠣᠯ ᠰᠡᠳᠦᠪᠲᠦ ᠬᠥᠮᠦᠵᠢᠯ ᠤᠨ ᠨᠢᠭᠡᠳᠦᠭᠡᠷ ᠬᠤᠭᠤᠴᠠᠭᠠᠨ ᠤ ᠨᠣᠮ ᠤᠩᠰᠢᠬᠤ ᠠᠩᠭᠢ ᠡᠷᠭᠢᠯᠡᠵᠦ᠂ ᠲᠤᠰᠬᠠᠢ ᠮᠡᠷᠭᠡᠵᠢᠯᠲᠡᠨ ᠡᠷᠳᠡᠮᠲᠡᠨ ᠢ ᠤᠷᠢᠵᠤ ︽ᠰᠢᠨᠵᠢᠯᠡᠬᠦ ᠤᠬᠠᠭᠠᠨ ᠰᠤᠷᠭᠠᠨ ᠬᠥᠮᠦᠵᠢᠯ ᠢᠶᠠᠷ ᠤᠯᠤᠰ ᠢᠶᠠᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠵᠦ᠂ ᠣᠳᠣᠬᠢᠴᠢᠯᠠᠬᠤ ᠪᠦᠲᠦᠭᠡᠨ ᠪᠠᠶᠢᠭᠤᠯᠤᠯᠲᠠ ᠶᠢᠨ ᠴᠢᠳᠠᠪᠤᠷᠢᠲᠠᠨ ᠤ ᠲᠤᠯᠭᠠᠭᠤᠷᠢᠯᠠᠯ ᠢ ᠴᠢᠩᠭᠠᠳᠬᠠᠶ᠎ᠠ︾ ᠬᠡᠮᠡᠬᠦ ᠲᠤᠰᠬᠠᠢ ᠰᠡᠳᠦᠪᠲᠦ ᠬᠠᠪᠰᠤᠷᠤᠨ ᠵᠢᠯᠣᠭᠤᠳᠤᠯᠭ᠎ᠠ ᠥᠷᠨᠢᠭᠦᠯᠪᠡ᠃ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠠᠴᠠ᠂ ᠰᠤᠷᠭᠠᠨ ᠬᠥᠮᠦᠵᠢᠯ ᠤᠨ ᠰᠢᠰᠲ᠋ᠧᠮ ᠤᠨ ᠬᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠠᠯ᠎ᠠ ᠪᠠᠷ ᠪᠡᠶ᠎ᠡ ᠪᠠᠨ ᠳᠠᠭᠠᠭᠠᠵᠤ ᠬᠦᠴᠦᠷᠬᠡᠭᠵᠢᠬᠦ ᠶᠢᠨ ᠭᠤᠣᠯ ᠴᠢᠬᠤᠯᠠ ᠠᠭᠤᠯᠭ᠎ᠠ ᠶᠢ ᠰᠢᠨᠵᠢᠯᠡᠬᠦ ᠤᠬᠠᠭᠠᠨᠴᠢ ᠪᠠᠷ ᠣᠨᠣᠪᠴᠢᠲᠠᠢ ᠡᠵᠡᠮᠳᠡᠵᠦ᠂ ᠰᠠᠨᠠᠭᠠᠴᠢᠯᠠᠭ᠎ᠠ ᠠᠴᠠ ᠪᠠᠨ ᠬᠤᠪᠢᠷᠠᠯᠲᠠ ᠶᠢ ᠪᠣᠳᠣᠯᠬᠢᠯᠠᠨ᠂ ᠬᠤᠪᠢᠷᠠᠯᠲᠠ ᠶᠢ ᠠᠷᠭᠠᠴᠠᠭᠠᠵᠤ᠂ ᠬᠤᠪᠢᠷᠠᠯᠲᠠ ᠶᠢ ᠡᠷᠢᠯᠬᠢᠯᠡᠵᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠶᠠᠰᠤ ᠴᠢᠨᠠᠷ ᠢ ᠲᠠᠰᠤᠷᠠᠯᠲᠠ ᠦᠭᠡᠢ ᠳᠡᠭᠡᠭᠰᠢᠯᠡᠭᠦᠯᠦᠨ᠂ ᠦᠢᠯᠡᠳᠪᠦᠷᠢᠯᠡᠯ ᠬᠢᠴᠢᠶᠡᠯ ᠬᠥᠮᠦᠵᠢᠯ ᠤᠨ ᠠᠭᠤᠰᠤᠯᠴᠠᠯ᠂ ᠰᠢᠨᠵᠢᠯᠡᠬᠦ ᠤᠬᠠᠭᠠᠨ ᠰᠤᠷᠭᠠᠨ ᠬᠥᠮᠦᠵᠢᠯ ᠤᠨ ᠠᠭᠤᠰᠤᠯᠴᠠᠯ ᠢ ᠠᠬᠢᠭᠤᠯᠵᠤ᠂ ᠴᠢᠬᠤᠯᠠ ᠶᠡᠭᠡ ᠤᠤᠭᠠᠯ ᠡᠭᠦᠳᠦᠯᠲᠡ ᠶᠢᠨ ᠦᠷ᠎ᠡ ᠪᠦᠲᠦᠭᠡᠯ ᠢ ᠵᠠᠩᠭᠢᠯᠠᠭ᠎ᠠ ᠶᠢᠨ ᠭᠤᠣᠯ ᠬᠦᠷᠢᠶᠡᠨ ᠳᠤ ᠣᠨᠳᠣᠣᠰᠢᠭᠤᠯᠵᠤ᠂ ︽ᠲᠠᠪᠤᠨ ᠶᠡᠭᠡ ᠡᠭᠦᠷᠭᠡ︾ ᠶᠢ ᠴᠢᠷᠮᠠᠶᠢᠨ ᠰᠠᠶᠢᠲᠤᠷ ᠪᠡᠶᠡᠯᠡᠭᠦᠯᠵᠦ᠂ ᠥᠪᠡᠷᠲᠡᠭᠡᠨ ᠵᠠᠰᠠᠬᠤ ᠣᠷᠣᠨ ᠤ ᠠᠵᠤ ᠠᠬᠤᠢ ᠨᠡᠶᠢᠭᠡᠮ ᠤᠨ ᠬᠥᠭᠵᠢᠯᠲᠡ ᠳᠤ ᠦᠢᠯᠡᠴᠢᠯᠡᠬᠦ ᠳᠤᠮᠳᠠ ᠲᠤᠯᠭᠠᠭᠤᠷᠢᠯᠠᠨ ᠳᠠᠭᠠᠭᠤᠯᠬᠤ ᠦᠢᠯᠡᠳᠦᠯ ᠢᠶᠠᠨ ᠪᠠᠳᠠᠷᠠᠭᠤᠯᠬᠤ ᠬᠡᠷᠡᠭᠲᠡᠢ ᠭᠡᠵᠦ ᠱᠠᠭᠠᠷᠳᠠᠪᠠ᠃      4 ᠰᠠᠷ᠎ᠠ ᠶᠢᠨ 15 ᠤ ᠡᠳᠦᠷ᠂ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ ᠠᠩᠬᠠᠳᠤᠭᠠᠷ ᠬᠤᠭᠤᠴᠠᠭᠠᠨ ᠤ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠭᠤᠣᠯ ᠰᠡᠳᠦᠪᠲᠦ ᠬᠥᠮᠦᠵᠢᠯ ᠤᠨ ᠨᠣᠮ ᠤᠩᠰᠢᠬᠤ ᠠᠩᠭᠢ ᠶᠢ ᠡᠷᠭᠢᠯᠡᠪᠡ᠃ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠠᠴᠠ᠂ ᠪᠦᠭᠦ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠰᠢᠰᠲ᠋ᠧᠮ ᠤᠨ ᠬᠢᠨ ᠦᠵᠡᠯ ᠰᠠᠨᠠᠭ᠎ᠠ ᠪᠠᠨ ᠦᠨᠡᠨ ᠬᠦ ᠨᠢᠭᠡᠳᠬᠡᠵᠦ᠂ ᠲᠠᠨᠢᠯᠲᠠ ᠪᠠᠨ ᠳᠡᠭᠡᠭᠰᠢᠯᠡᠭᠦᠯᠦᠨ᠂ ᠳᠦᠷᠢ ᠲᠥᠷᠬᠦ ᠪᠠᠨ ᠬᠤᠪᠢᠷᠠᠭᠤᠯᠵᠤ᠂ ᠰᠤᠷᠤᠯᠴᠠᠬᠤ ᠰᠡᠳᠬᠢᠬᠦ ᠬᠡᠷᠡᠭᠯᠡᠬᠦ ᠶᠢ ᠤᠶᠠᠯᠳᠤᠭᠤᠯᠬᠤ᠂ ᠮᠡᠳᠡᠬᠦ ᠢᠲᠡᠭᠡᠬᠦ ᠬᠢᠬᠦ ᠶᠢ ᠨᠢᠭᠡᠳᠬᠡᠬᠦ ᠶᠢ ᠪᠠᠷᠢᠮᠲᠠᠯᠠᠨ᠂ ᠣᠷᠭᠠᠨᠢᠭ ᠢᠶᠠᠷ ᠠᠭᠤᠰᠤᠯᠴᠠᠭᠤᠯᠬᠤ᠂ ᠨᠢᠭᠡ ᠴᠣᠭᠴᠠᠵᠢᠭᠤᠯᠤᠨ ᠠᠬᠢᠭᠤᠯᠬᠤ ᠶᠢ ᠪᠠᠷᠢᠮᠲᠠᠯᠠᠵᠤ᠂ ᠰᠤᠷᠤᠯᠴᠠᠯᠭ᠎ᠠ ᠪᠠᠷ ᠰᠦᠭ ᠰᠦᠨᠡᠰᠦ ᠶᠢ ᠱᠤᠭᠤᠬᠤ᠂ ᠰᠤᠷᠤᠯᠴᠠᠯᠭ᠎ᠠ ᠪᠠᠷ ᠣᠶᠤᠨ ᠤᠬᠠᠭᠠᠨ ᠢ ᠨᠡᠮᠡᠭᠳᠡᠭᠦᠯᠬᠦ᠂ ᠰᠤᠷᠤᠯᠴᠠᠯᠭ᠎ᠠ ᠪᠠᠷ ᠰᠤᠷᠲᠠᠯ ᠢ ᠲᠥᠪ ᠪᠣᠯᠭᠠᠬᠤ᠂ ᠰᠤᠷᠤᠯᠴᠠᠯᠭ᠎ᠠ ᠪᠠᠷ ᠠᠵᠢᠯ ᠢ ᠠᠬᠢᠭᠤᠯᠬᠤ ᠲᠠᠯ᠎ᠠ ᠪᠠᠷ ᠪᠣᠳᠠᠲᠤ ᠦᠷ᠎ᠡ ᠪᠦᠲᠦᠮᠵᠢ ᠣᠯᠬᠤ ᠪᠠᠷ ᠴᠢᠷᠮᠠᠶᠢᠵᠤ᠂ ᠣᠨᠣᠯ ᠢᠶᠠᠷ ᠵᠡᠪᠰᠡᠭᠯᠡᠬᠦ᠂ ᠶᠡᠭᠡ ᠪᠠᠷ ᠪᠠᠶᠢᠴᠠᠭᠠᠨ ᠰᠤᠳᠤᠯᠤᠯᠲᠠ ᠬᠢᠬᠦ᠂ ᠲᠣᠪᠤᠶᠢᠮ᠎ᠠ ᠠᠰᠠᠭᠤᠳᠠᠯ ᠢ ᠰᠢᠢᠳᠪᠦᠷᠢᠯᠡᠬᠦ᠂ ᠵᠣᠷᠢᠯᠲᠠ ᠶᠢ ᠦᠢᠯᠡᠳᠦᠯᠭᠡᠵᠢᠭᠦᠯᠬᠦ᠂ ︽ᠣᠳᠣᠬᠠᠨ ᠳᠤ ᠰᠠᠶᠢᠵᠢᠷᠠᠭᠤᠯᠬᠤ︾ ᠪᠠ ︽ᠣᠷᠳᠣ ᠬᠤᠭᠤᠴᠠᠭ᠎ᠠ ᠪᠠᠷ ᠪᠠᠶᠢᠭᠤᠯᠬᠤ︾ ᠶᠢ ᠪᠠᠷᠢᠮᠲᠠᠯᠠᠬᠤ ᠶᠢ ᠦᠨᠡᠨ ᠬᠦ ᠢᠮᠠᠭᠲᠠ ᠲᠤᠭᠤᠰᠢᠯᠠᠭᠤᠯᠵᠤ᠂ ᠪᠦᠭᠦ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ ᠭᠡᠵᠦ ᠳᠤᠷᠠᠳᠪᠠ᠃      4 ᠰᠠᠷ᠎ᠠ ᠶᠢᠨ 19 ᠤ ᠡᠳᠦᠷ ᠠᠴᠠ ᠡᠬᠢᠯᠡᠨ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠶᠠᠪᠤᠳᠠᠯ ᠤᠨ ᠲᠢᠩᠬᠢᠮ ᠨᠢᠭᠡ ᠭᠠᠷᠠᠭ ᠤᠨ ᠴᠠᠭ ᠢ ᠠᠰᠢᠭᠯᠠᠨ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠭᠤᠣᠯ ᠰᠡᠳᠦᠪᠲᠦ ᠬᠥᠮᠦᠵᠢᠯ ᠤᠨ ᠲᠤᠰᠬᠠᠢ ᠰᠡᠳᠦᠪᠲᠦ ᠨᠣᠮ ᠤᠩᠰᠢᠬᠤ ᠠᠩᠭᠢ ᠶᠢ ᠡᠷᠭᠢᠯᠡᠪᠡ᠃ ᠨᠣᠮ ᠤᠩᠰᠢᠬᠤ ᠠᠩᠭᠢ ᠨᠢ ᠲᠥᠪᠯᠡᠷᠡᠭᠦᠯᠦᠨ ᠨᠣᠮ ᠤᠩᠰᠢᠬᠤ᠂ ᠲᠤᠰᠬᠠᠢ ᠰᠡᠳᠦᠪᠲᠦ ᠲᠠᠶᠢᠯᠤᠮᠵᠢ ᠬᠢᠬᠦ᠂ ᠰᠤᠳᠤᠯᠤᠨ ᠶᠠᠷᠢᠯᠴᠠᠵᠤ ᠰᠣᠯᠢᠯᠴᠠᠬᠤ᠂ ᠲᠤᠬᠠᠢ ᠶᠢᠨ ᠭᠠᠵᠠᠷ ᠲᠤᠨᠢ ᠵᠢᠭᠠᠨ ᠰᠤᠷᠭᠠᠬᠤ ᠵᠡᠷᠭᠡ ᠠᠷᠭ᠎ᠠ ᠮᠠᠶ᠋ᠢᠭ ᠢᠶᠠᠷ ᠶᠠᠪᠤᠭᠳᠠᠵᠤ ᠪᠠᠶᠢᠨ᠎ᠠ᠃ ᠣᠶᠢᠷ᠎ᠠ ᠶᠢᠨ ᠡᠳᠦᠷ ᠤᠳ ᠲᠤ᠂ ᠨᠣᠮ ᠤᠩᠰᠢᠬᠤ ᠠᠩᠭᠢ ᠳᠤ ᠣᠷᠣᠯᠴᠠᠭᠰᠠᠨ ᠨᠠᠮ ᠤᠨ ᠭᠡᠰᠢᠭᠦᠨ ᠺᠠᠳ᠋ᠷ ᠬᠠᠮᠲᠤ ᠰᠠᠭᠤᠯᠴᠠᠵᠤ᠂ ᠰᠡᠳᠬᠢᠯ ᠰᠠᠨᠠᠭ᠎ᠠ ᠲᠣᠭᠲᠠᠭᠤᠨ ᠢᠶᠠᠷ ᠨᠠᠮ ᠤᠨ ᠳᠦᠷᠢᠮ᠂ ᠨᠠᠮ ᠤᠨ ᠬᠤᠷᠢᠳᠤᠭᠠᠷ ᠶᠡᠭᠡ ᠬᠤᠷᠠᠯ ᠤᠨ ᠢᠯᠡᠳᠬᠡᠯ᠂ ︽ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠬᠤ ᠬᠥᠲᠥᠯᠪᠦᠷᠢ ︵2023 ᠣᠨ ᠤ ᠬᠡᠪᠯᠡᠯ︶︾ ᠵᠡᠷᠭᠡ ᠰᠤᠷᠤᠯᠴᠠᠬᠤ ᠮᠠᠲ᠋ᠧᠷᠢᠶᠠᠯ ᠢ ᠨᠠᠷᠢᠨ ᠬᠢᠨᠠᠮᠠᠭᠠᠢ ᠰᠤᠳᠤᠯᠤᠨ ᠤᠩᠰᠢᠬᠤ ᠶᠢᠨ ᠬᠠᠮᠲᠤ ᠦᠵᠡᠯ ᠰᠠᠨᠠᠭ᠎ᠠ ᠪᠠ ᠠᠵᠢᠯ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠣᠯᠣᠯᠲᠠ ᠲᠥᠷᠥᠭᠳᠡᠯ ᠢᠶᠠᠨ ᠨᠠᠷᠢᠨ ᠬᠢᠨᠠᠮᠠᠭᠠᠢ ᠪᠢᠴᠢᠵᠦ᠂ ᠰᠤᠳᠤᠯᠤᠨ ᠶᠠᠷᠢᠯᠴᠠᠵᠤ ᠰᠣᠯᠢᠯᠴᠠᠬᠤ ᠶᠢ ᠭᠦᠨᠵᠡᠭᠡᠢ ᠥᠷᠨᠢᠭᠦᠯᠵᠦ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠲᠠᠷᠢᠬᠢ ᠲᠣᠯᠣᠭᠠᠢ ᠪᠠᠨ ᠵᠡᠪᠰᠡᠭᠯᠡᠬᠦ᠂ ᠦᠢᠯᠡᠳᠦᠯᠭᠡ ᠪᠠᠨ ᠵᠢᠯᠣᠭᠤᠳᠤᠭᠤᠯᠬᠤ᠂ ᠠᠵᠢᠯ ᠢᠶᠠᠨ ᠠᠬᠢᠭᠤᠯᠬᠤ ᠶᠢ ᠴᠥᠬᠦᠷᠡᠰᠢ ᠦᠭᠡᠢ ᠪᠠᠷᠢᠮᠲᠠᠯᠠᠪᠠ᠃      4 ᠰᠠᠷ᠎ᠠ ᠶᠢᠨ 20 ᠠᠴᠠ 21 ᠤ ᠡᠳᠦᠷ ᠪᠤᠯᠲᠠᠯ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠯᠪᠠᠨ ᠲᠢᠩᠬᠢᠮ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠭᠤᠣᠯ ᠰᠡᠳᠦᠪᠲᠦ ᠬᠥᠮᠦᠵᠢᠯ ᠤᠨ ᠨᠢᠭᠡᠳᠦᠭᠡᠷ ᠬᠤᠭᠤᠴᠠᠭᠠᠨ ᠤ ᠨᠣᠮ ᠤᠩᠰᠢᠬᠤ ᠠᠩᠭᠢ ᠡᠷᠭᠢᠯᠡᠵᠦ᠂ ᠨᠣᠮ ᠤᠩᠰᠢᠬᠤ ᠠᠩᠭᠢ ᠨᠢ ᠲᠤᠰᠬᠠᠢ ᠰᠡᠳᠦᠪᠲᠦ ᠲᠠᠶᠢᠯᠤᠮᠵᠢ ᠬᠢᠬᠦ᠂ ᠰᠤᠷᠭᠠᠨ ᠬᠥᠮᠦᠵᠢᠯ ᠤᠨ ᠹᠢᠯᠢᠮ ᠦᠵᠡᠬᠦ᠂ ᠲᠤᠬᠠᠢ ᠶᠢᠨ ᠲᠠᠯᠠᠪᠠᠶ ᠳᠤ ᠵᠢᠭᠠᠨ ᠰᠤᠷᠭᠠᠬᠤ᠂ ᠰᠤᠳᠤᠯᠤᠨ ᠶᠠᠷᠢᠯᠴᠠᠵᠤ ᠰᠣᠯᠢᠯᠴᠠᠬᠤ᠂ ᠲᠥᠪᠯᠡᠷᠡᠭᠦᠯᠦᠨ ᠥᠪᠡᠰᠦᠪᠡᠨ ᠰᠤᠷᠤᠯᠴᠠᠬᠤ ᠵᠡᠷᠭᠡ ᠠᠷᠭ᠎ᠠ ᠬᠡᠯᠪᠡᠷᠢ ᠪᠠᠷ ᠳᠠᠮᠵᠢᠭᠤᠯᠤᠨ᠂ ︽ᠰᠢ ᠶᠢᠨ ᠫᠢᠩ ᠤᠨ ᠵᠣᠬᠢᠶᠠᠯ ᠤᠨ ᠰᠣᠩᠭᠤᠮᠠᠯ︾ ᠤᠨ ᠨᠢᠭᠡᠳᠦᠭᠡᠷ ᠪᠣᠳᠢ᠂ ᠬᠤᠶᠠᠳᠤᠭᠠᠷ ᠪᠣᠳᠢ᠂ ︽ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠬᠤ ᠬᠥᠲᠥᠯᠪᠦᠷᠢ ︵2023 ᠣᠨ ᠤ ᠬᠡᠪᠯᠡᠯ︶︾ ᠵᠡᠷᠭᠡ ᠨᠣᠮ ᠢ ᠭᠦᠨᠵᠡᠭᠡᠢ ᠰᠤᠷᠤᠯᠴᠠᠪᠠ᠃ ᠲᠥᠪᠯᠡᠷᠡᠩᠭᠦᠢ ᠰᠤᠷᠤᠯᠴᠠᠯᠭ᠎ᠠ ᠪᠠᠷ ᠳᠠᠮᠵᠢᠨ᠂ ᠤᠯᠠᠨ ᠢᠶᠠᠷ ᠢᠶᠠᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠰᠢᠨᠵᠢᠯᠡᠬᠦ ᠤᠬᠠᠭᠠᠨᠴᠢ ᠰᠢᠰᠲ᠋ᠧᠮ᠂ ᠭᠤᠣᠯ ᠠᠭᠤᠯᠭ᠎ᠠ᠂ ᠦᠢᠯᠡᠳᠦᠯᠭᠡ ᠶᠢᠨ ᠱᠠᠭᠠᠷᠳᠠᠯᠭ᠎ᠠ ᠶᠢ ᠨᠡᠩ ᠪᠦᠭᠦ ᠲᠠᠯ᠎ᠠ ᠪᠠᠷ ᠡᠵᠡᠮᠳᠡᠵᠦ᠂ ᠵᠢᠱᠢᠭᠰᠡᠨ ᠦᠷ᠎ᠡ ᠪᠦᠲᠦᠮᠵᠢ ᠣᠯᠪᠠ᠃      4 ᠰᠠᠷ᠎ᠠ ᠶᠢᠨ 20 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠢᠨᠲ᠋ᠧᠷ ᠰᠦᠯᠵᠢᠶ᠎ᠡ ᠶᠢᠨ ᠮᠡᠳᠡᠭᠡ ᠵᠠᠩᠭᠢ ᠶᠢᠨ ᠠᠯᠪᠠᠨ ᠭᠡᠷ ᠤᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠭᠤᠣᠯ ᠰᠡᠳᠦᠪᠲᠦ ᠬᠥᠮᠦᠵᠢᠯ ᠤᠨ ᠨᠢᠭᠡᠳᠦᠭᠡᠷ ᠬᠤᠭᠤᠴᠠᠭᠠᠨ ᠤ ᠨᠣᠮ ᠤᠩᠰᠢᠬᠤ ᠠᠩᠭᠢ ᠬᠢᠴᠢᠶᠡᠯ ᠡᠬᠢᠯᠡᠪᠡ᠃ ᠲᠣᠰ ᠤᠳᠠᠭᠠᠨ ᠤ ᠨᠣᠮ ᠤᠩᠰᠢᠬᠤ ᠠᠩᠭᠢ ᠨᠢ ᠬᠠᠮᠲᠤ ᠪᠠᠷ ᠥᠪᠡᠰᠦᠪᠡᠨ ᠰᠤᠷᠬᠤ᠂ ᠲᠤᠰᠬᠠᠢ ᠰᠡᠳᠦᠪ ᠢᠶᠠᠷ ᠬᠢᠴᠢᠶᠡᠯᠯᠡᠬᠦ ᠶᠢ ᠤᠶᠠᠯᠳᠤᠭᠤᠯᠬᠤ ᠠᠷᠭ᠎ᠠ ᠮᠠᠶ᠋ᠢᠭ ᠢ ᠠᠪᠴᠤ᠂ ᠲᠤᠰᠬᠠᠢ ᠮᠡᠷᠭᠡᠵᠢᠯᠲᠡᠨ ᠫᠷᠣᠹᠧᠰᠰᠣᠷ ᠢ ᠤᠷᠢᠵᠤ ᠲᠤᠰᠬᠠᠢ ᠰᠡᠳᠦᠪ ᠢᠶᠠᠷ ᠬᠠᠪᠰᠤᠷᠤᠨ ᠵᠢᠯᠣᠭᠤᠳᠤᠭᠤᠯᠪᠠ᠃ ᠪᠣᠯᠪᠠᠰᠤᠷᠠᠯ ᠤᠨ ᠠᠩᠭᠢ ᠠᠴᠠ᠂ ᠤᠭ ᠵᠣᠬᠢᠶᠠᠯ ᠢ ᠤᠩᠰᠢᠬᠤ᠂ ᠤᠭ ᠵᠣᠬᠢᠶᠠᠯ ᠢ ᠰᠤᠷᠤᠯᠴᠠᠬᠤ᠂ ᠤᠭ ᠶᠣᠰᠣ ᠶᠢ ᠣᠶᠢᠯᠠᠭᠠᠬᠤ ᠶᠢ ᠪᠠᠷᠢᠮᠲᠠᠯᠠᠵᠤ᠂ ᠳᠡᠳ᠋ ᠭᠠᠵᠠᠷ ᠤᠨ ᠳᠡᠰ ᠠᠴᠠ ᠳᠡᠭᠡᠭᠰᠢᠬᠢ ᠺᠠᠳ᠋ᠷᠴᠤᠳ ᠲᠦᠷᠦᠭᠦᠯᠡᠨ ᠰᠠᠶᠢᠲᠤᠷ ᠬᠢᠵᠦ᠂ ᠦᠯᠢᠭᠡᠷ ᠳᠠᠭᠤᠷᠢᠶᠠᠯ ᠪᠣᠯᠵᠤ᠂ ᠤᠷᠢᠳ ᠢᠶᠠᠷ ᠰᠤᠷᠤᠯᠴᠠᠵᠤ᠂ ᠭᠦᠨᠵᠡᠭᠡᠢ ᠰᠤᠷᠤᠯᠴᠠᠵᠤ᠂ ᠢᠯᠡᠭᠦᠬᠡᠨ ᠣᠶᠢᠯᠠᠭᠠᠬᠤ ᠬᠡᠷᠡᠭᠲᠡᠢ᠃ ᠨᠠᠮ ᠤᠨ ᠰᠢᠨ᠎ᠡ ᠶᠢ ᠡᠭᠦᠳᠬᠦ ᠤᠨᠤᠯ ᠢ ᠬᠡᠷᠡᠭᠯᠡᠨ ᠰᠡᠳᠬᠢᠴᠡ ᠪᠠᠨ ᠤᠯᠠᠮ ᠨᠢᠭᠡ ᠠᠯᠬᠤᠮ ᠨᠡᠭᠡᠭᠡᠵᠦ᠂ ᠰᠡᠳᠬᠢᠬᠦᠢ ᠪᠠᠨ ᠥᠷᠭᠡᠳᠬᠡᠨ᠂ ᠰᠤᠷᠤᠯᠴᠠᠯᠭ᠎ᠠ ᠶᠢᠨ ᠦᠷ᠎ᠡ ᠪᠦᠲᠦᠮᠵᠢ ᠪᠠᠨ ᠦᠨᠡᠨ ᠬᠦ ᠢᠨᠲ᠋ᠧᠷ ᠰᠦᠯᠵᠢᠶ᠎ᠡ ᠶᠢᠨ ᠮᠡᠳᠡᠭᠡ ᠵᠠᠩᠭᠢ ᠶᠢᠨ ᠠᠵᠢᠯ ᠢ ᠰᠠᠶᠢᠲᠤᠷ ᠬᠢᠬᠦ ᠰᠢᠨ᠎ᠡ ᠰᠡᠳᠬᠢᠴᠡ᠂ ᠠᠰᠠᠭᠤᠳᠠᠯ ᠢ ᠰᠢᠢᠳᠪᠦᠷᠢᠯᠡᠬᠦ ᠰᠢᠨ᠎ᠡ ᠠᠷᠭ᠎ᠠ ᠪᠣᠯᠭᠠᠨ ᠣᠨᠳᠣᠣᠰᠢᠭᠤᠯᠬᠤ ᠬᠡᠷᠡᠭᠲᠡᠢ᠃ ᠰᠤᠷᠤᠯᠴᠠᠬᠤ ᠬᠡᠯᠪᠡᠷᠢ ᠶᠢᠨ ᠰᠢᠨ᠎ᠡ ᠶᠢ ᠡᠭᠦᠳᠴᠦ᠂ ᠤᠨᠤᠯ ᠤᠨ ᠰᠤᠷᠤᠯᠴᠠᠯᠭ᠎ᠠ ᠶᠢ ᠲᠠᠰᠤᠷᠠᠯᠲᠠ ᠦᠭᠡᠢ ᠭᠦᠨᠵᠡᠭᠡᠶᠢᠷᠡᠭᠦᠯᠵᠦ᠂ ᠰᠡᠳᠬᠢᠯ ᠳᠡᠭᠡᠨ ᠬᠠᠳᠠᠩᠰᠢᠭᠤᠯᠵᠤ᠂ ᠪᠣᠳᠠᠲᠠᠶᠢᠵᠢᠭᠤᠯᠬᠤ ᠶᠢ ᠠᠬᠢᠭᠤᠯᠬᠤ ᠬᠡᠷᠡᠭᠲᠡᠢ ᠭᠡᠵᠦ ᠱᠠᠭᠠᠷᠳᠠᠪᠠ᠃      ᠭᠤᠣᠯ ᠰᠡᠳᠦᠪᠲᠦ ᠬᠥᠮᠦᠵᠢᠯ ᠤᠨ ᠨᠣᠮ ᠤᠩᠰᠢᠬᠤ ᠠᠩᠭᠢ ᠡᠷᠭᠢᠯᠡᠭᠦ ᠪᠠᠷ ᠳᠡᠮᠵᠢᠨ᠂ ᠥᠷᠭᠡᠨ ᠣᠯᠠᠨ ᠨᠠᠮ ᠤᠨ ᠭᠡᠰᠢᠭᠦᠨ ᠺᠠᠳ᠋ᠷ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠳᠤ ᠠᠭᠤᠯᠤᠭᠳᠠᠵᠤ ᠪᠠᠶᠢᠭ᠎ᠠ ᠦᠨᠡᠨ ᠶᠣᠰᠣᠨ ᠤ ᠬᠦᠴᠦᠨ᠂ ᠦᠢᠯᠡᠳᠦᠯᠭᠡ ᠶᠢᠨ ᠠᠤᠭ᠎ᠠ ᠬᠦᠴᠦᠨ ᠤ ᠲᠤᠬᠠᠢ ᠨᠠᠩ ᠭᠦᠨᠵᠡᠭᠡᠢ ᠣᠶᠢᠯᠠᠭᠠᠯᠲᠠ ᠲᠠᠢ ᠪᠣᠯᠵᠤ᠂ ᠬᠦᠰᠡᠯᠡᠩ ᠢᠲᠡᠭᠡᠯ ᠪᠢᠰᠢᠷᠡᠯ ᠢᠶᠠᠨ ᠤᠯᠠᠮ ᠴᠢᠨᠠᠭᠰᠢᠳᠠ ᠪᠠᠲᠤᠳᠬᠠᠵᠤ᠂ ᠴᠢᠳᠠᠪᠤᠷᠢ ᠡᠷᠳᠡᠮ ᠢᠶᠠᠨ ᠨᠡᠮᠡᠭᠳᠡᠭᠦᠯᠵᠦ᠂ ᠡᠯ᠎ᠡ ᠵᠦᠢᠯ ᠤᠨ ᠠᠵᠢᠯ ᠤᠨ ᠡᠭᠦᠷᠭᠡ ᠶᠢ ᠥᠨᠳᠥᠷ ᠪᠦᠲᠦᠮᠵᠢᠲᠡᠢ ᠪᠠᠷ ᠨᠠᠶᠢᠳᠠᠪᠤᠷᠢᠵᠢᠭᠤᠯᠬᠤ ᠶᠢ ᠯᠠᠪᠳᠠᠭᠤᠨ ᠪᠠᠲᠤᠲᠠᠢ ᠠᠬᠢᠭᠤᠯᠤᠭᠰᠠᠨ ᠪᠠᠶᠢᠨ᠎ᠠ᠃
 
ᠢᠷᠡᠯᠲᠡ᠄ ᠦᠪᠦᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号