ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠪᠠᠶᠢᠩᠭᠤ ᠶᠢᠨ ᠬᠤᠷᠠᠯ ᠬᠤᠷᠠᠯᠳᠤᠭᠤᠯᠪᠠ  ᠸᠠᠩ ᠯᠢ ᠰᠢᠶᠠ ᠬᠤᠷᠠᠯ ᠢ ᠡᠷᠭᠢᠯᠡᠵᠠᠢ
ᠨᠡᠶᠢᠲᠡᠯᠡᠭᠰᠡᠨ ᠴᠠᠭ᠄
2023/5/6
     4 ᠰᠠᠷ᠎ᠠ ᠶᠢᠨ 27 ᠤ ᠡᠳᠦᠷ᠂ ᠸᠠᠩ ᠯᠢ ᠰᠢᠶᠠ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠪᠠ᠃      ᠬᠤᠷᠠᠯ ᠠᠴᠠ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠠᠵᠢᠯ ᠤᠨ ᠳᠦᠷᠢᠮ ᠢ ᠬᠢᠨᠠᠨ ᠵᠥᠪᠯᠡᠵᠦ᠂ ᠵᠠᠰᠠᠭ ᠤᠨ ᠣᠷᠳᠣᠨ ᠤ ᠤᠳᠤᠷᠢᠳᠬᠤ ᠪᠠᠭ ᠴᠢᠩᠭ᠎ᠠ ᠵᠢᠷᠤᠮᠯᠠᠵᠤ᠂ ᠬᠡᠷᠡᠭᠵᠢᠭᠦᠯᠬᠦ ᠬᠡᠷᠡᠭᠲᠡᠢ᠃ ᠨᠢᠭᠡ ᠳᠤ᠂ ᠲᠤᠭ ᠲᠡᠮᠳᠡᠭ ᠲᠣᠳᠣᠷᠬᠠᠢ ᠪᠠᠷ ᠤᠯᠤᠰ ᠲᠦᠷᠦ ᠶᠢ ᠡᠷᠬᠢᠮᠯᠡᠵᠦ᠂ ︽ᠨᠢᠭᠡᠳᠦᠭᠡᠷ ᠵᠥᠪᠯᠡᠬᠦ ᠵᠦᠢᠯ︾  ᠢ ᠰᠤᠷᠤᠯᠴᠠᠬᠤ᠂ ︽ᠨᠢᠭᠡᠳᠦᠭᠡᠷ ᠴᠢᠬᠤᠯᠠ ᠵᠦᠢᠯ︾ ᠢ ᠰᠢᠢᠳᠪᠦᠷᠢᠯᠡᠬᠦ᠂ ︽ᠨᠢᠭᠡᠳᠦᠭᠡᠷ ᠵᠦᠢᠯ︾ ᠢ ᠨᠠᠶᠢᠳᠠᠪᠤᠷᠢᠵᠢᠭᠤᠯᠬᠤ ᠲᠣᠭᠲᠠᠴᠠ ᠶᠢ ᠪᠠᠷᠢᠮᠲᠠᠯᠠᠵᠤ᠂ ︽ᠬᠤᠶᠠᠷ ᠢ ᠲᠣᠭᠲᠠᠭᠠᠭᠰᠠᠨ︾ ᠢ ᠡᠷᠡᠰ ᠬᠦᠷᠢᠶᠡᠯᠡᠵᠦ᠂ ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠬᠦ ᠬᠡᠷᠡᠭᠲᠡᠢ᠃ ᠬᠤᠶᠠᠷ ᠲᠤ᠂ ︽ᠲᠠᠪᠤᠨ ᠶᠡᠭᠡ ᠡᠭᠦᠷᠭᠡ︾  ᠶᠢ ᠴᠢᠨᠠᠷ ᠰᠠᠶᠢᠲᠠᠢ ᠪᠡᠶᠡᠯᠡᠭᠦᠯᠬᠦ ᠪᠠ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ ᠬᠤᠶᠠᠷ ᠶᠡᠭᠡ ᠶᠠᠪᠤᠳᠠᠯ ᠳᠤ ᠠᠩᠬᠠᠷᠤᠯ ᠢᠶᠠᠨ ᠲᠥᠪᠯᠡᠷᠡᠭᠦᠯᠦᠨ ᠠᠵᠢᠯ ᠤᠨ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠬᠤ ᠬᠡᠷᠡᠭᠲᠡᠢ᠃ ᠭᠤᠷᠪᠠ ᠳᠤ᠂ ᠦᠷ᠎ᠡ ᠪᠦᠲᠦᠮᠵᠢ ᠪᠠᠨ ᠳᠡᠭᠡᠭᠰᠢᠯᠡᠭᠦᠯᠵᠦ᠂ ᠰᠤᠷᠲᠠᠯ ᠢᠶᠠᠨ ᠰᠠᠶᠢᠵᠢᠷᠠᠭᠤᠯᠵᠤ᠂ ᠪᠠᠭ᠎ᠠ ᠬᠤᠷᠠᠯ ᠬᠢᠬᠦ᠂ ᠣᠬᠤᠷ ᠬᠤᠷᠠᠯ ᠬᠢᠬᠦ᠂ ᠠᠰᠠᠭᠤᠳᠠᠯ ᠢ ᠰᠢᠢᠳᠪᠦᠷᠢᠯᠡᠬᠦ ᠬᠤᠷᠠᠯ ᠬᠢᠬᠦ ᠶᠢ ᠪᠠᠷᠢᠮᠲᠠᠯᠠᠵᠤ᠂ ᠵᠥᠪᠯᠡᠨ ᠲᠣᠭᠲᠠᠭᠠᠭᠰᠠᠨ ᠶᠠᠪᠤᠳᠠᠯ ᠢ ᠲᠤᠭᠤᠰᠢᠲᠠᠢ ᠠᠩᠬᠠᠷᠴᠤ᠂ ᠪᠠᠶᠢᠴᠠᠭᠠᠨ ᠰᠤᠳᠤᠯᠵᠤ ᠢᠯᠡᠷᠡᠭᠦᠯᠦᠭᠰᠡᠨ ᠠᠰᠠᠭᠤᠳᠠᠯ ᠢ ᠴᠠᠭ ᠲᠤᠬᠠᠢ ᠳᠤᠨᠢ ᠰᠤᠳᠤᠯᠵᠤ᠂ ︽ᠲᠤᠯᠤᠭ᠎ᠠ ᠶᠢ ᠲᠠᠶᠠᠭᠳᠠᠬᠤ︾ ᠶᠢ ᠦᠨᠡᠨ ᠬᠦ ᠪᠡᠶᠡᠯᠡᠭᠦᠯᠵᠦ᠂ ︽ᠭᠤᠷᠪᠠᠨ ᠤᠯᠠᠨ ᠭᠤᠷᠪᠠᠨ ᠴᠥᠭᠡᠨ ᠭᠤᠷᠪᠠᠨ ᠤᠳᠠᠭᠠᠨ︾ ᠪᠠᠶᠢᠬᠤ ᠠᠰᠠᠭᠤᠳᠠᠯ ᠢ ᠦᠷᠭᠦᠯᠵᠢᠯᠡᠨ ᠰᠢᠢᠳᠪᠦᠷᠢᠯᠡᠬᠦ ᠬᠡᠷᠡᠭᠲᠡᠢ᠃ ᠳᠥᠷᠪᠡ ᠳᠤ᠂ ᠨᠢᠭᠡᠳᠦᠭᠡᠷ ᠹᠷᠣᠨᠲ ᠤᠨ ᠠᠵᠢᠯ᠂ ᠨᠢᠭᠡᠳᠦᠭᠡᠷ ᠹᠷᠣᠨᠲ ᠤᠨ ᠰᠡᠳᠬᠢᠬᠦᠢ ᠶᠢ ᠪᠠᠷᠢᠮᠲᠠᠯᠠᠵᠤ᠂ ᠠᠰᠠᠭᠤᠳᠠᠯ ᠢ ᠰᠢᠢᠳᠪᠦᠷᠢᠯᠡᠬᠦ ᠬᠠᠷᠠᠭᠠᠰᠤ ᠠᠴᠠ ᠬᠤᠷᠠᠯ ᠬᠢᠵᠦ ᠤᠴᠢᠷ ᠶᠠᠪᠤᠳᠠᠯ ᠢ ᠲᠣᠭᠲᠠᠭᠠᠵᠤ᠂ ᠰᠤᠳᠤᠯᠤᠨ ᠪᠠᠶᠢᠷᠢᠯᠠᠭᠤᠯᠵᠤ᠂ ᠱᠠᠯᠠᠪᠳᠠᠭᠤᠯᠬᠤ ᠪᠠ ᠬᠠᠪᠰᠤᠷᠬᠤ ᠶᠢ ᠤᠶᠠᠯᠳᠤᠭᠤᠯᠤᠨ ᠦᠨᠳᠦᠰᠦᠨ ᠱᠠᠲᠤᠨ ᠤ ᠠᠰᠠᠭᠤᠳᠠᠯ ᠢ ᠬᠠᠪᠰᠤᠷᠤᠨ ᠰᠢᠢᠳᠪᠦᠷᠢᠯᠡᠬᠦ ᠬᠡᠷᠡᠭᠲᠡᠢ᠃ ᠲᠠᠪᠤ ᠳᠤ᠂ ᠬᠠᠲᠠᠭᠤ ᠴᠢᠩᠭ᠎ᠠ ᠬᠢᠵᠠᠭᠠᠷᠯᠠᠯ ᠢ ᠴᠢᠩᠭᠠᠳᠬᠠᠵᠤ᠂ ᠳᠦᠷᠢᠮ ᠲᠣᠭᠲᠠᠭᠠᠯ ᠶᠣᠰᠣᠭᠠᠷ ᠬᠡᠷᠡᠭ ᠵᠥᠪᠯᠡᠬᠦ᠂ ᠠᠵᠢᠯ ᠶᠠᠪᠤᠳᠠᠯ ᠬᠢᠬᠦ ᠶᠢ ᠪᠠᠷᠢᠮᠲᠠᠯᠠᠵᠤ᠂ ᠶᠠᠭᠠᠬᠢᠭᠰᠠᠨ ᠴᠤ ᠬᠡᠯᠡᠬᠦ ᠶᠢᠨ ᠲᠡᠳᠦᠢ ᠬᠡᠯᠡᠵᠦ ᠬᠢᠬᠦ ᠶᠢᠨ ᠲᠡᠳᠦᠢ ᠬᠢᠵᠦ ᠪᠣᠯᠬᠤ ᠦᠭᠡᠢ ᠭᠡᠵᠦ ᠴᠢᠬᠤᠯᠠᠴᠢᠯᠠᠪᠠ᠃      ᠬᠤᠷᠠᠯ ᠠᠴᠠ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠤᠨ ᠭᠤᠣᠯᠳᠠᠯᠭ᠎ᠠ ᠲᠠᠢ ᠡᠭᠦᠷᠭᠡ ᠪᠣᠯᠣᠨ ᠠᠶᠢᠮᠠᠭ ᠬᠤᠲᠠ ᠶᠢᠨ ᠥᠪᠡᠷᠲᠡᠭᠡᠨ ᠵᠠᠰᠠᠬᠤ ᠣᠷᠣᠨ ᠢᠶᠠᠷ ᠳᠡᠮᠵᠢᠭᠦᠯᠬᠦ ᠪᠠᠷ ᠳᠡᠪᠰᠢᠭᠦᠯᠦᠭᠰᠡᠨ ᠵᠦᠢᠯᠡᠰ ᠢ ᠨᠠᠶᠢᠳᠠᠪᠤᠷᠢᠵᠢᠭᠤᠯᠤᠭᠰᠠᠨ ᠪᠠᠶᠢᠳᠠᠯ ᠳᠤ ᠲᠣᠬᠢᠷᠠᠭᠤᠯᠤᠯᠲᠠ ᠬᠢᠵᠦ᠂ ᠵᠠᠰᠠᠮᠠᠯ ᠵᠠᠮ ᠤᠨ ︽ᠮᠤᠬᠤᠷ ᠵᠠᠮ︾᠂ ᠮᠠᠯᠵᠢᠬᠤ ᠲᠠᠷᠢᠶᠠᠯᠠᠬᠤ ᠣᠷᠣᠨ ᠤ ᠲᠥᠪᠯᠡᠷᠡᠭᠦᠯᠦᠨ ᠤᠰᠤ ᠬᠠᠩᠭᠠᠬᠤ ᠢᠨᠵᠧᠨᠧᠷᠢᠩ ᠪᠣᠯᠣᠨ ᠢᠨᠲ᠋ᠧᠷ ᠰᠦᠯᠵᠢᠶᠡᠨ ᠤ ᠡᠮᠨᠡᠯᠭᠡ ᠶᠢᠨ ᠬᠤᠷᠢᠶ᠎ᠠ᠂ ᠣᠷᠣᠨ ᠪᠦᠰᠡ ᠶᠢᠨ ᠡᠮᠴᠢᠯᠡᠭᠡᠨ ᠤ ᠲᠥᠪ ᠤᠨ ᠪᠦᠲᠦᠭᠡᠨ ᠪᠠᠶᠢᠭᠤᠯᠤᠯᠲᠠ ᠵᠢᠴᠢ ᠲᠣᠰᠬᠤᠨ ᠤ ᠱᠠᠲᠤᠨ ᠤ ᠠᠷᠠᠳ ᠲᠤ ᠲᠥᠭᠦᠮ ᠦᠵᠡᠭᠦᠯᠭᠦ ᠦᠢᠯᠡᠴᠢᠯᠡᠭᠡᠨ ᠤ ︽ᠬᠠᠪᠰᠤᠷᠤᠨ ᠣᠷᠣᠯᠠᠨ ᠭᠦᠢᠴᠡᠳᠬᠡᠬᠦ︾ ᠵᠡᠷᠭᠡ ᠡᠭᠦᠷᠭᠡ ᠶᠢ ᠱᠠᠯᠠᠪᠳᠠᠭᠤᠯᠤᠨ ᠭᠦᠢᠴᠡᠳᠬᠡᠵᠦ᠂ ᠦᠨᠳᠦᠰᠦᠨ ᠱᠠᠲᠤᠨ ᠤ ᠡᠨᠧᠷᠭᠢ᠂ ᠤᠰᠤᠨ ᠠᠰᠢᠭᠯᠠᠯᠲᠠ᠂ ᠮᠠᠯ ᠠᠵᠤ ᠠᠬᠤᠢ ᠲᠠᠷᠢᠶᠠᠯᠠᠩ᠂ ᠣᠶ ᠰᠢᠭᠤᠢ ᠨᠤᠲᠤᠭ ᠪᠡᠯᠴᠢᠭᠡᠷ ᠵᠡᠷᠭᠡ ᠬᠦᠷᠢᠶᠡᠨ ᠳᠤ ᠲᠤᠯᠭᠠᠷᠠᠵᠤ ᠪᠠᠶᠢᠭ᠎ᠠ ᠠᠰᠠᠭᠤᠳᠠᠯ ᠢ ᠰᠤᠳᠤᠯᠵᠤ᠂ ᠨᠢᠭᠡᠳ ᠨᠢᠭᠡ ᠪᠠᠷ ᠠᠷᠭ᠎ᠠ ᠬᠡᠮᠵᠢᠶ᠎ᠡ ᠠᠪᠴᠤ ᠰᠢᠢᠳᠪᠦᠷᠢᠯᠡᠪᠡ᠃
 
ᠢᠷᠡᠯᠲᠡ᠄ ᠦᠪᠦᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号