ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠬᠤᠷᠠᠯ ᠬᠤᠷᠠᠯᠳᠤᠭᠤᠯᠵᠤ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠴᠢᠬᠤᠯᠠ ᠵᠢᠭᠠᠪᠤᠷᠢ ᠪᠣᠯᠣᠨ ᠬᠤᠯᠪᠣᠭᠳᠠᠯ ᠪᠦᠬᠦᠢ ᠬᠠᠷᠢᠭᠤ ᠵᠠᠬᠢᠳᠠᠯ ᠪᠠᠶᠠᠷ ᠤᠨ ᠵᠠᠬᠢᠳᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ ᠪᠦᠭᠦ ᠣᠷᠣᠨ ᠤ ᠨᠢᠭᠡᠳᠦᠭᠡᠷ ᠤᠯᠠᠷᠢᠯ ᠤᠨ ᠠᠵᠤ ᠠᠬᠤᠢ ᠶᠢᠨ ᠡᠷᠭᠢᠯᠲᠡ ᠶᠢᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠪᠠ
ᠨᠡᠶᠢᠲᠡᠯᠡᠭᠰᠡᠨ ᠴᠠᠭ᠄
2023/5/6
      4 ᠰᠠᠷ᠎ᠠ ᠶᠢᠨ 28 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠬᠤᠷᠠᠯ ᠬᠤᠷᠠᠯᠳᠤᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠭᠤᠸᠠᠩᠳᠦ᠋ᠩ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠵᠢᠭᠠᠪᠤᠷᠢ᠂ ᠬᠤᠷᠢᠳᠤᠭᠠᠷ ᠬᠤᠭᠤᠴᠠᠭᠠᠨ ᠤ ᠲᠥᠪ ᠤᠨ ᠥᠭᠡᠷᠡᠴᠢᠯᠡᠯᠲᠡ ᠶᠢ ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠬᠤᠷᠢᠶ᠎ᠠ ᠶᠢᠨ ᠠᠩᠬᠠᠳᠤᠭᠠᠷ ᠬᠤᠷᠠᠯ ᠳᠡᠭᠡᠷᠡᠬᠢ ᠴᠢᠬᠤᠯᠠ ᠶᠠᠷᠢᠶ᠎ᠠ ᠪᠣᠯᠣᠨ ᠬᠤᠯᠪᠣᠭᠳᠠᠯ ᠪᠦᠬᠦᠢ ᠬᠠᠷᠢᠭᠤ ᠵᠠᠬᠢᠳᠠᠯ ᠪᠠᠶᠠᠷ ᠤᠨ ᠵᠠᠬᠢᠳᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠶᠡᠷᠦᠩᠬᠡᠢ ᠱᠦᠵᠢ ᠰᠢ ᠶᠢᠨ ᠫᠢᠩ ᠤᠨ ᠪᠡᠭᠡᠵᠢᠩ ᠤᠨ ᠴᠠᠩ ᠹᠧᠩ ᠡᠮᠨᠡᠯᠭᠡ ᠶᠢᠨ ᠬᠤᠷᠢᠶ᠎ᠠ ᠳᠤ ᠬᠦᠨᠳᠦ ᠶᠡᠭᠡ ᠭᠠᠯ ᠤᠨ ᠭᠠᠮᠰᠢᠭ ᠤᠨ ᠠᠳᠡᠯ ᠭᠠᠷᠤᠭᠰᠠᠨ ᠲᠤᠬᠠᠢ ᠴᠢᠬᠤᠯᠠ ᠵᠢᠭᠠᠪᠤᠷᠢ ᠶᠢ ᠤᠯᠠᠮ ᠴᠢᠨᠠᠭᠰᠢᠳᠠ ᠰᠤᠷᠤᠯᠴᠠᠵᠤ᠂ ᠪᠦᠭᠦ ᠣᠷᠣᠨ ᠤ ᠨᠢᠭᠡᠳᠦᠭᠡᠷ ᠤᠯᠠᠷᠢᠯ ᠤᠨ ᠠᠵᠤ ᠠᠬᠤᠢ ᠶᠢᠨ ᠡᠷᠭᠢᠯᠲᠡ ᠶᠢᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠬᠠᠮᠢᠶ᠎ᠠ ᠪᠦᠬᠦᠢ ᠠᠵᠢᠯ ᠢ ᠰᠤᠳᠤᠯᠤᠨ ᠪᠠᠶᠢᠷᠢᠯᠠᠭᠤᠯᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠰᠦᠨ ᠱᠤᠤ ᠴᠧᠩ ᠬᠤᠷᠠᠯ ᠢ ᠡᠷᠭᠢᠯᠡᠪᠡ᠃      ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠴᠢᠬᠤᠯᠠ ᠵᠢᠭᠠᠪᠤᠷᠢ ᠨᠢ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ᠂ ᠴᠢᠬᠤᠯᠠ ᠶᠡᠭᠡ ᠥᠭᠡᠷᠡᠴᠢᠯᠡᠯᠲᠡ ᠶᠢᠨ ᠡᠭᠦᠷᠭᠡ ᠶᠢ ᠰᠠᠶᠢᠲᠤᠷ ᠠᠳᠬᠤᠬᠤ ᠪᠠ ᠠᠶᠤᠯᠭᠦᠢ ᠦᠢᠯᠡᠳᠪᠦᠷᠢᠯᠡᠯ ᠤᠨ ᠠᠵᠢᠯ ᠢ ᠰᠠᠶᠢᠲᠤᠷ ᠬᠢᠬᠦ ᠳᠤ ᠴᠢᠬᠤᠯᠠ ᠱᠠᠭᠠᠷᠳᠠᠯᠭ᠎ᠠ ᠳᠤᠷᠠᠳᠴᠠᠢ᠃ ᠪᠢᠳᠡ ᠭᠦᠨᠵᠡᠭᠡᠢ ᠰᠤᠷᠤᠯᠴᠠᠨ ᠭᠦᠨ ᠣᠶᠢᠯᠠᠭᠠᠵᠤ᠂ ᠥᠪᠥᠷ ᠮᠣᠩᠭᠤᠯ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠰᠠᠶᠢᠲᠤᠷ ᠠᠳᠬᠤᠬᠤ ᠬᠡᠷᠡᠭᠲᠡᠢ᠃ ᠴᠢᠨᠠᠷ ᠰᠠᠶᠢᠲᠠᠢ ᠬᠥᠭᠵᠢᠭᠦᠯᠬᠦ ᠡᠨᠡ ᠬᠦ ᠲᠡᠷᠢᠭᠦᠨ ᠴᠢᠬᠤᠯᠠ ᠡᠭᠦᠷᠭᠡ ᠪᠣᠯᠣᠨ ᠰᠢᠨ᠎ᠡ ᠬᠥᠭᠵᠢᠯᠲᠡ ᠶᠢᠨ ᠪᠠᠶᠢᠷᠢᠰᠢᠯ ᠢ ᠪᠠᠶᠢᠭᠤᠯᠬᠤ ᠡᠨᠡ ᠬᠦ ᠪᠠᠶᠢᠯᠳᠤᠬᠤ ᠪᠣᠳᠣᠯᠭ᠎ᠠ ᠶᠢᠨ ᠡᠭᠦᠷᠭᠡ ᠳᠤ ᠠᠩᠬᠠᠷᠤᠯ ᠢᠶᠠᠨ ᠲᠥᠪᠯᠡᠷᠡᠭᠦᠯᠵᠦ᠂ ᠮᠠᠨ ᠤ ᠣᠷᠣᠨ ᠤ ᠠᠵᠤ ᠠᠬᠤᠢ ᠨᠡᠶᠢᠭᠡᠮ ᠤᠨ ᠬᠥᠭᠵᠢᠯᠲᠡ ᠳᠤ ᠲᠤᠯᠭᠠᠷᠠᠵᠤ ᠪᠠᠶᠢᠭ᠎ᠠ ᠴᠢᠬᠤᠯᠠ ᠶᠡᠭᠡ ᠰᠡᠳᠦᠪ ᠪᠣᠯᠣᠨ ᠪᠣᠳᠠᠲᠠᠢ ᠬᠦᠴᠢᠷ ᠠᠰᠠᠭᠤᠳᠠᠯ ᠢ ᠨᠠᠷᠢᠨ ᠬᠢᠨᠠᠮᠠᠭᠠᠢ ᠰᠤᠳᠤᠯᠤᠨ ᠰᠢᠢᠳᠪᠦᠷᠢᠯᠡᠬᠦ ᠬᠡᠷᠡᠭᠲᠡᠢ᠃ ᠨᠠᠮ ᠤᠨ ᠲᠥᠪ ᠬᠤᠷᠢᠶ᠎ᠠ ᠶᠢᠨ ᠡᠯ᠎ᠡ ᠵᠦᠢᠯ ᠤᠨ ᠥᠭᠡᠷᠡᠴᠢᠯᠡᠯᠲᠡ ᠶᠢᠨ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠰᠠᠶᠢᠲᠤᠷ ᠨᠠᠶᠢᠳᠠᠪᠤᠷᠢᠵᠢᠭᠤᠯᠵᠤ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠠᠷᠭ᠎ᠠ ᠬᠡᠮᠵᠢᠶ᠎ᠡ ᠪᠠᠷ ᠬᠤᠳᠠᠯᠳᠤᠭ᠎ᠠ ᠡᠷᠭᠢᠯᠡᠭᠦ ᠣᠷᠴᠢᠨ ᠨᠥᠬᠦᠴᠡᠯ ᠢ ᠰᠢᠯᠢᠳᠡᠭᠵᠢᠭᠦᠯᠵᠦ᠂ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠬᠥᠭᠵᠢᠨ ᠪᠤᠵᠠᠭᠠᠶᠢᠷᠠᠬᠤ ᠶᠢ ᠠᠬᠢᠭᠤᠯᠵᠤ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ ᠶᠢᠨ ᠲᠣᠭᠤᠷᠢᠨ ᠳᠤ ᠪᠠᠶᠢᠭᠤᠯᠤᠮᠵᠢ ᠲᠣᠭᠲᠠᠴᠠ ᠶᠢᠨ ᠰᠢᠨ᠎ᠡ ᠶᠢ ᠡᠭᠦᠳᠬᠦ ᠲᠠᠯ᠎ᠠ ᠪᠠᠷ ᠢᠯᠡᠭᠦᠬᠡᠨ ᠲᠠᠷᠢᠬᠢ ᠲᠣᠯᠣᠭᠠᠢ ᠬᠥᠳᠡᠯᠭᠡᠵᠦ᠂ ᠠᠷᠭ᠎ᠠ ᠤᠬᠠᠭᠠᠨ ᠭᠠᠷᠭᠠᠬᠤ ᠬᠡᠷᠡᠭᠲᠡᠢ᠃ ︽ᠴᠠᠭ ᠢᠮᠠᠭᠲᠠ ᠰᠡᠳᠬᠢᠯ ᠠᠮᠤᠷ ᠦᠭᠡᠢ ᠪᠠᠶᠢᠬᠤ︾ ᠬᠠᠷᠢᠭᠤᠴᠠᠯᠭᠠᠲᠤ ᠰᠡᠳᠬᠢᠯᠭᠡ ᠪᠠᠷ ᠠᠶᠤᠯᠭᠦᠢ ᠦᠢᠯᠡᠳᠪᠦᠷᠢᠯᠡᠯ ᠤᠨ ᠠᠵᠢᠯ ᠢ ᠴᠢᠩᠭ᠎ᠠ ᠪᠣᠳᠠᠲᠠᠢ ᠠᠳᠬᠤᠵᠤ᠂ ᠵᠢᠭᠰᠠᠭᠠᠨ ᠪᠠᠶᠢᠴᠠᠭᠠᠵᠤ ᠭᠠᠷᠭᠠᠭᠰᠠᠨ ᠡᠯ᠎ᠡ ᠲᠦᠷᠦᠯ ᠤᠨ ᠠᠶᠤᠯ ᠲᠦᠭᠰᠢᠭᠦᠷᠢ ᠭᠡᠮ ᠰᠣᠭᠤᠭ ᠢ ᠡᠴᠦᠰ ᠲᠤᠨᠢ ᠲᠤᠯᠲᠠᠯ᠎ᠠ ᠠᠩᠬᠠᠷᠴᠤ᠂ ᠬᠤᠭᠤᠴᠠᠭ᠎ᠠ ᠲᠣᠭᠲᠠᠭᠠᠨ ᠴᠡᠭᠴᠡᠯᠡᠨ ᠰᠠᠶᠢᠵᠢᠷᠠᠭᠤᠯᠵᠤ᠂ ᠡᠬᠢᠨ ᠠᠴᠠ ᠨᠢ ᠠᠳᠠᠭ ᠲᠤᠨᠢ ᠭᠦᠷᠲᠡᠯ᠎ᠡ ᠠᠶᠤᠯᠭᠦᠢ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢᠨ ᠰᠢᠰᠲ᠋ᠧᠮ ᠢ ᠰᠢᠯᠤᠭᠤᠳᠬᠠᠵᠤ᠂ ᠬᠢᠨᠠᠯᠲᠠ ᠬᠠᠮᠢᠶᠠᠷᠤᠯᠲᠠ ᠶᠢ ᠪᠠᠶᠢᠩᠭᠤᠵᠢᠭᠤᠯᠤᠨ ᠥᠷᠨᠢᠭᠦᠯᠵᠦ᠂ ᠰᠣᠯᠪᠢᠴᠠᠭᠤᠯᠤᠨ ᠬᠠᠤᠯᠢ ᠬᠡᠷᠡᠭᠵᠢᠭᠦᠯᠬᠦ ᠶᠢ ᠴᠢᠩᠭᠠᠳᠬᠠᠵᠤ᠂ ᠠᠵᠤ ᠠᠬᠤᠶᠢᠯᠠᠯ ᠤᠨ ᠳᠦᠷᠢᠮ ᠲᠣᠭᠲᠠᠭᠠᠯ ᠢ ᠴᠢᠩᠭ᠎ᠠ ᠵᠢᠷᠤᠮᠯᠠᠨ ᠦᠢᠯᠡᠳᠪᠦᠷᠢᠯᠡᠯ ᠢᠶᠠᠨ ᠠᠳᠬᠤᠬᠤ ᠶᠢ ᠱᠠᠯᠠᠪᠳᠠᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃      ᠬᠤᠷᠠᠯ ᠠᠴᠠ᠂ ᠵᠢᠯ ᠤᠨ ᠡᠬᠢᠨ ᠠᠴᠠ ᠨᠠᠭᠠᠰᠢ ᠪᠦᠭᠦ ᠣᠷᠣᠨ ᠤ ᠠᠵᠤ ᠠᠬᠤᠢ ᠶᠢᠨ ᠡᠷᠭᠢᠯᠲᠡ ᠶᠢᠨ ᠪᠠᠶᠢᠳᠠᠯ ᠰᠠᠶᠢᠨ ᠪᠠᠶᠢᠵᠤ᠂ ᠥᠷᠭᠡᠨ ᠤᠯᠠᠨ ᠺᠠᠳ᠋ᠷ ᠤᠨ ᠡᠷᠴᠢ ᠵᠣᠷᠢᠭ ᠲᠡᠭᠦᠯᠳᠡᠷ ᠪᠠᠶᠢᠵᠤ᠂ ᠠᠵᠢᠯ ᠤᠨ ᠳᠤᠮᠳᠠ ᠴᠥᠭᠡᠨ ᠪᠤᠰᠤ ᠭᠢᠯᠠᠰ ᠴᠡᠭ ᠢᠯᠡᠷᠡᠵᠦ᠂ ᠬᠥᠮᠥᠰ ᠢ ᠪᠠᠶᠠᠷᠯᠠᠭᠤᠯᠤᠮ᠎ᠠ ᠠᠮᠵᠢᠯᠲᠠ ᠣᠯᠵᠠᠢ᠃ ᠡᠭᠦᠨ ᠤ ᠬᠠᠮᠲᠤ᠂ ᠮᠠᠨ ᠤ ᠣᠷᠣᠨ ᠤ ᠠᠵᠤ ᠠᠬᠤᠢ ᠨᠡᠶᠢᠭᠡᠮ ᠤᠨ ᠬᠥᠭᠵᠢᠯᠲᠡ ᠳᠤᠮᠳᠠ ᠪᠠᠰᠠ ᠵᠠᠷᠢᠮ ᠲᠣᠪᠤᠶᠢᠮ᠎ᠠ ᠠᠰᠠᠭᠤᠳᠠᠯ ᠣᠷᠣᠰᠢᠵᠤ᠂ ᠠᠵᠤ ᠠᠬᠤᠢ ᠶᠢᠨ ᠬᠥᠭᠵᠢᠯᠲᠡ ᠶᠢᠨ ᠠᠷᠭ᠎ᠠ ᠬᠡᠯᠪᠡᠷᠢ ᠶᠢ ᠬᠤᠪᠢᠷᠠᠭᠤᠯᠬᠤ᠂ ︽ᠳᠥᠷᠪᠡᠨ ᠣᠯᠠᠨ ᠳᠥᠷᠪᠡᠨ ᠴᠥᠭᠡᠨ ︾ ᠪᠠᠶᠢᠳᠠᠯ ᠢ ᠬᠤᠪᠢᠷᠠᠭᠤᠯᠬᠤ ᠡᠭᠦᠷᠭᠡ ᠬᠦᠨᠳᠦ ᠵᠠᠮ ᠬᠤᠯᠠ ᠪᠠᠶᠢᠬᠤ ᠶᠢ ᠴᠤ ᠣᠯᠵᠤ ᠬᠠᠷᠠᠬᠤ ᠬᠡᠷᠡᠭᠲᠡᠢ᠃ ᠡᠯ᠎ᠡ ᠱᠠᠲᠤᠨ ᠤ ᠬᠢᠨ ᠣᠳᠣᠬᠠᠨ ᠤ ᠬᠥᠭᠵᠢᠯᠲᠡ ᠶᠢᠨ ᠰᠠᠶᠢᠨ ᠪᠠᠶᠢᠳᠠᠯ ᠢᠶᠠᠨ ᠮᠠᠰᠢ ᠨᠠᠨᠳᠢᠩᠨᠠᠵᠤ᠂ ︽ᠨᠢᠭᠡ ᠬᠥᠯᠭᠡ ᠰᠢᠲᠠᠷ᠎ᠠ︾ ᠶᠢᠨ ᠦᠵᠡᠯ ᠰᠠᠨᠠᠭ᠎ᠠ ᠶᠢ ᠪᠠᠲᠤ ᠪᠤᠢ ᠪᠣᠯᠭᠠᠵᠤ᠂ ᠪᠦᠭᠦ ᠵᠢᠯ ᠤᠨ ᠬᠠᠷᠠᠯᠲᠠ ᠡᠭᠦᠷᠭᠡ ᠶᠢ ᠡᠵᠡᠮᠳᠡᠵᠦ᠂ ᠨᠢᠭᠡ ᠨᠢᠭᠡ ᠶᠠᠪᠤᠳᠠᠯ ᠢᠶᠠᠷ ᠨᠠᠶᠢᠳᠠᠪᠤᠷᠢᠵᠢᠭᠤᠯᠤᠯᠲᠠ ᠶᠢ ᠠᠬᠢᠭᠤᠯᠬᠤ ᠬᠡᠷᠡᠭᠲᠡᠢ᠃ ᠠᠷᠪᠠᠨ ᠲᠠᠯ᠎ᠠ ᠶᠢᠨ ᠠᠵᠢᠯ ᠢ ᠭᠤᠣᠯᠳᠠᠯᠭ᠎ᠠ ᠲᠠᠢ ᠰᠠᠶᠢᠲᠤᠷ ᠠᠳᠬᠤᠬᠤ ᠬᠡᠷᠡᠭᠲᠡᠢ᠄ ᠨᠢᠭᠡ ᠳᠤ ᠲᠥᠪ ᠬᠤᠷᠢᠶ᠎ᠠ  ᠠᠴᠠ ᠥᠪᠥᠷ ᠮᠣᠩᠭᠤᠯ ᠤᠨ ︽ᠲᠠᠪᠤᠨ ᠶᠡᠭᠡ ᠡᠭᠦᠷᠭᠡ︾ ᠶᠢ ᠨᠠᠶᠢᠳᠠᠪᠤᠷᠢᠵᠢᠭᠤᠯᠬᠤ ᠶᠢ ᠳᠡᠮᠵᠢᠬᠦ ᠲᠥᠷᠥ ᠶᠢᠨ ᠪᠣᠳᠣᠯᠭ᠎ᠠ ᠶᠢᠨ ᠴᠢᠨᠠᠷᠲᠠᠢ ᠪᠢᠴᠢᠭ ᠮᠠᠲ᠋ᠧᠷᠢᠶᠠᠯ ᠭᠠᠷᠭᠠᠬᠤ ᠶᠢ ᠢᠳᠡᠪᠬᠢᠲᠡᠢ ᠭᠤᠶᠤᠴᠢᠯᠠᠨ᠎ᠠ︔ ᠬᠤᠶᠠᠷ ᠲᠤ ᠠᠷᠠᠯᠵᠢᠶᠠᠴᠢᠨ ᠤᠷᠢᠵᠤ ᠪᠡᠯᠡ ᠮᠥᠩᠭᠦ ᠣᠷᠣᠭᠤᠯᠤᠨ ᠠᠪᠴᠢᠷᠠᠬᠤ ᠠᠵᠢᠯ ᠢ ᠦᠷᠭᠦᠯᠵᠢᠯᠡᠨ ᠰᠠᠶᠢᠲᠤᠷ ᠠᠳᠬᠤᠵᠤ᠂ ᠭᠠᠳᠠᠭᠰᠢ ᠭᠠᠷᠴᠤ ᠠᠷᠭ᠎ᠠ ᠪᠦᠭᠦᠨ ᠢ ᠰᠦᠪᠡᠭᠴᠢᠯᠡᠨ ᠲᠥᠷᠥᠯ ᠵᠦᠢᠯ ᠤᠷᠢᠵᠤ ᠪᠡᠯᠡ ᠮᠥᠩᠭᠦ ᠣᠷᠣᠭᠤᠯᠤᠨ ᠠᠪᠴᠢᠷᠠᠨ᠎ᠠ︔ ᠭᠤᠷᠪᠠ ᠳᠤ ᠲᠥᠷᠥᠯ ᠵᠦᠢᠯ ᠤᠨ ᠨᠠᠶᠢᠳᠠᠪᠤᠷᠢᠵᠢᠭᠤᠯᠤᠯᠲᠠ ᠶᠢ ᠬᠦᠴᠦᠲᠡᠢ ᠠᠳᠬᠤᠵᠤ᠂ ᠣᠷᠣᠭᠤᠯᠵᠤ ᠠᠪᠴᠢᠷᠠᠭᠰᠠᠨ ᠲᠥᠷᠥᠯ ᠵᠦᠢᠯ ᠢ ᠨᠡᠶᠢᠯᠡᠭᠦᠯᠦᠨ ᠬᠢᠨᠠᠨ ᠵᠥᠪᠰᠢᠶᠡᠷᠡᠵᠦ᠂ ᠪᠦᠲᠦᠭᠡᠨ ᠪᠠᠶᠢᠭᠤᠯᠤᠯᠲᠠ ᠪᠠᠨ ᠲᠦᠷᠭᠡᠳᠭᠡᠨ᠎ᠡ︔ ᠳᠥᠷᠪᠡ ᠳᠤ ᠬᠡᠷᠡᠭᠯᠡᠭᠡ ᠶᠢ ᠬᠦᠴᠦᠯᠡᠨ ᠳᠠᠶᠢᠴᠢᠯᠠᠵᠤ᠂ ᠣᠷᠣᠨ ᠰᠠᠭᠤᠴᠠ᠂ ᠮᠠᠰᠢᠨ ᠲᠡᠷᠭᠡ᠂ ᠵᠢᠭᠤᠯᠴᠢᠯᠠᠯ ᠵᠡᠷᠭᠡ ᠬᠦᠷᠢᠶ᠎ᠡ  ᠶᠢ ᠴᠢᠩᠭ᠎ᠠ ᠠᠩᠬᠠᠷᠴᠤ ᠬᠡᠷᠡᠭᠯᠡᠭᠡ ᠶᠢᠨ ᠳᠠᠯᠳᠠ ᠬᠦᠴᠦᠨ ᠢ ᠤᠯᠠᠮ ᠭᠦᠭᠵᠢᠭᠡᠨ᠎ᠡ︔ ᠲᠠᠪᠤ ᠳᠤ ᠭᠠᠶᠢᠯᠢ ᠶᠢᠨ ᠢᠷᠡᠯᠲᠡ ᠶᠢ ᠲᠣᠭᠲᠠᠪᠤᠷᠢᠵᠢᠭᠤᠯᠤᠨ ᠥᠷᠭᠡᠳᠭᠡᠨ᠎ᠡ︔ ᠵᠢᠷᠭᠤᠭ᠎ᠠ ᠳᠤ ᠣᠶᠢᠷ᠎ᠠ ᠶᠢᠨ ᠵᠣᠪᠠᠨᠢᠯ ᠢ ᠠᠷᠢᠯᠭᠠᠬᠤ ᠪᠠ ᠬᠤᠯᠠ ᠶᠢ ᠪᠣᠳᠣᠯᠬᠢᠯᠠᠬᠤ ᠶᠢ ᠤᠶᠠᠯᠳᠤᠭᠤᠯᠬᠤ ᠶᠢ ᠪᠠᠷᠢᠮᠲᠠᠯᠠᠵᠤ᠂ ᠠᠵᠤ ᠠᠬᠤᠢ ᠶᠢᠨ ᠪᠠᠶᠢᠷᠢᠰᠢᠯ ᠢ ᠰᠢᠯᠢᠳᠡᠭᠵᠢᠭᠦᠯᠵᠦ ᠮᠥᠨ ᠴᠢᠨᠠᠷ ᠤᠨ ᠠᠬᠢᠯᠲᠠ ᠲᠠᠢ ᠪᠣᠯᠬᠤ ᠶᠢ ᠠᠭᠢᠭᠤᠯᠤᠨ᠎ᠠ︔ ᠲᠤᠯᠤᠭ᠎ᠠ ᠳᠤ ᠤᠰᠤ᠂ ᠦᠷ᠎ᠡ ᠶᠢᠨ ᠦᠢᠯᠡᠰ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠂ ᠴᠢᠳᠠᠪᠤᠷᠢᠲᠠᠨ ᠵᠡᠷᠭᠡ ᠴᠢᠨᠠᠷ ᠰᠠᠶᠢᠲᠠᠢ ᠬᠥᠭᠵᠢᠯᠲᠡ ᠶᠢ ᠬᠢᠵᠠᠭᠠᠷᠯᠠᠵᠤ ᠪᠠᠶᠢᠭ᠎ᠠ ᠪᠣᠭᠤᠮᠢ ᠶᠢᠨ ᠠᠰᠠᠭᠤᠳᠠᠯ ᠢ ᠭᠦᠨᠵᠡᠭᠡᠢ ᠰᠤᠳᠤᠯᠤᠨ ᠰᠢᠢᠳᠪᠦᠷᠢᠯᠡᠨ᠎ᠡ︔ ᠨᠠᠢᠮᠠ ᠳᠤ ᠠᠵᠢᠯ ᠣᠯᠭᠤᠯᠲᠠ ᠶᠢ ᠴᠢᠷᠮᠠᠶᠢᠨ ᠠᠬᠢᠭᠤᠯᠵᠤ᠂ ᠮᠠᠯᠴᠢᠨ ᠲᠠᠷᠢᠶᠠᠴᠢᠨ ᠤ ᠣᠷᠣᠯᠭ᠎ᠠ ᠶᠢ ᠨᠡᠮᠡᠭᠳᠡᠭᠦᠯᠦᠨ᠎ᠡ︔ ᠶᠢᠰᠦ ᠳᠤ ᠭᠠᠳᠠᠭᠠᠳᠤ ᠠᠷᠠᠯᠵᠢᠶ᠎ᠠ ᠶᠢ ᠥᠷᠭᠡᠳᠬᠡᠵᠦ᠂ ᠡᠨᠡ ᠬᠦ ᠳᠤᠲᠠᠭᠤᠳᠠᠯ ᠢ ᠲᠦᠷᠭᠡᠬᠡᠨ ᠨᠥᠭᠦᠪᠦᠷᠢᠯᠡᠨ᠎ᠡ︔ ᠠᠷᠪᠠ ᠳᠤ ᠥᠷᠢ ᠥᠭᠴᠡᠭᠡ ᠶᠢᠨ ᠬᠠᠮᠢᠶᠠᠷᠤᠯᠲᠠ ᠶᠢ ᠴᠢᠩᠭᠠᠳᠬᠠᠵᠤ᠂ ᠠᠷᠭ᠎ᠠ ᠬᠡᠮᠵᠢᠶ᠎ᠡ ᠪᠠᠨ ᠲᠡᠭᠦᠯᠳᠡᠷᠵᠢᠭᠦᠯᠵᠦ᠂ ᠬᠤᠷᠢᠭ᠎ᠠ ᠱᠤᠭᠤᠮ ᠢ ᠪᠠᠲᠤ ᠰᠠᠬᠢᠨ᠎ᠠ ᠭᠡᠵᠦ ᠵᠢᠭᠠᠵᠤ ᠭᠠᠷᠭᠠᠪᠠ᠃      ᠬᠤᠷᠠᠯ ᠠᠴᠠ ︽ᠲᠠᠪᠤᠨ ᠶᠡᠭᠡ ᠡᠭᠦᠷᠭᠡ︾᠂ ︽ᠲᠠᠪᠤ ᠶᠢ ᠲᠦᠢᠯᠪᠤᠷᠢᠲᠠᠢ ᠪᠠᠶᠢᠴᠠᠭᠠᠬᠤ︾ ᠶᠢ ᠠᠬᠢᠭᠤᠯᠤᠭᠰᠠᠨ ᠪᠠᠶᠢᠳᠠᠯ ᠪᠣᠯᠣᠨ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠦᠢᠯᠡᠳᠪᠦᠷᠢᠯᠡᠯ ᠡᠵᠡᠩᠨᠡᠯᠲᠡ ᠶᠢᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠪᠠ᠃ ᠬᠤᠷᠠᠯ ᠠᠴᠠ᠂ ︽ᠲᠠᠪᠤᠨ ᠶᠡᠭᠡ ᠡᠭᠦᠷᠭᠡ ︾ ᠶᠢᠨ ᠣᠨ ᠤ ᠭᠤᠣᠯᠳᠠᠯᠭ᠎ᠠ ᠲᠠᠢ ᠠᠵᠢᠯ ᠲᠠᠢ ᠴᠢᠩᠭ᠎ᠠ ᠤᠶᠠᠯᠳᠤᠭᠤᠯᠵᠤ᠂ ᠨᠢᠭᠡ ᠨᠢᠭᠡ ᠵᠦᠢᠯ ᠢᠶᠠᠷ ᠴᠢᠩᠭ᠎ᠠ ᠠᠳᠬᠤᠵᠤ᠂ ᠤᠷᠤᠭᠰᠢ ᠠᠬᠢᠭᠤᠯᠵᠤ᠂ ᠤᠯᠤᠰ ᠲᠦᠷᠦ᠂ ᠠᠵᠤ ᠠᠬᠤᠢ᠂ ᠨᠡᠶᠢᠭᠡᠮ ᠤᠨ ᠬᠦᠷᠢᠶᠡᠨ ᠳᠠᠬᠢ ᠡᠯ᠎ᠡ ᠵᠦᠢᠯ ᠤᠨ ᠡᠭᠦᠷᠭᠡ ᠶᠢ ᠴᠥᠮ ᠵᠡᠷᠭᠡ ᠪᠠᠷ ᠠᠬᠢᠭᠤᠯᠵᠤ᠂ ᠵᠢᠯ ᠤᠨ ᠡᠴᠦᠰ ᠲᠤ ︽ᠦᠷ᠎ᠡ ᠪᠦᠲᠦᠮᠵᠢ︾ ᠭᠠᠷᠭᠠᠨ᠂ ᠳᠠᠩᠰᠠ ᠲᠤᠰᠢᠶᠠᠬᠤ ᠬᠡᠷᠡᠭᠲᠡᠢ᠃ ︽ᠲᠠᠪᠤ ᠶᠢ ᠲᠦᠢᠯᠪᠤᠷᠢᠲᠠᠢ ᠪᠠᠶᠢᠴᠠᠭᠠᠬᠤ︾ ᠶᠢ ᠥᠴᠥᠬᠡᠨ ᠴᠦ ᠰᠤᠯᠠᠷᠠᠭᠤᠯᠤᠯ ᠦᠭᠡᠢ ᠠᠬᠢᠭᠤᠯᠵᠤ᠂ ᠲᠦᠢᠯᠪᠤᠷᠢᠲᠠᠢ ᠪᠠᠶᠢᠴᠠᠭᠠᠬᠤ ᠪᠠᠷ ᠲᠠᠮᠵᠢᠨ ᠲᠣᠭᠲᠠᠴᠠ ᠶᠢ ᠪᠠᠶᠢᠭᠤᠯᠵᠤ᠂ ᠠᠯᠳᠠᠭᠳᠠᠯ ᠢ ᠦᠨᠳᠦᠰᠦᠨ ᠠᠴᠠ ᠨᠢ ᠬᠤᠷᠢᠭᠯᠠᠵᠤ᠂ ᠲᠠᠭᠢᠨ ᠰᠢᠨ᠎ᠡ ᠠᠰᠠᠭᠤᠳᠠᠯ ᠭᠠᠷᠬᠤ ᠶᠢ ᠰᠡᠷᠭᠡᠶᠢᠯᠡᠬᠦ ᠬᠡᠷᠡᠭᠲᠡᠢ᠃ ᠰᠢᠨ᠎ᠡ ᠨᠢᠭᠡ ᠡᠭᠡᠯᠵᠢ ᠶᠢᠨ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ ᠳᠡᠭᠡᠭᠰᠢᠯᠡᠭᠦᠯᠬᠦ ᠠᠵᠢᠯᠯᠠᠭ᠎ᠠ ᠳᠤ ᠲᠦᠰᠢᠭᠯᠡᠨ ᠪᠠᠶᠢᠭᠤᠯᠤᠮᠵᠢ ᠲᠣᠭᠲᠠᠴᠠ ᠶᠢ ᠤᠯᠠᠮ ᠰᠢᠯᠤᠭᠤᠳᠬᠠᠵᠤ᠂ ᠬᠤᠶᠢᠰᠢᠳᠠ ᠤᠯᠤᠰ ᠤᠨ ᠥᠮᠴᠢᠯᠡᠯ ᠤᠨ ᠠᠵᠤ ᠠᠬᠤᠶᠢᠯᠠᠯ ᠢ ᠬᠢᠨᠠᠨ ᠰᠢᠯᠭᠠᠬᠤ ᠳᠤ ᠨᠠᠮ ᠤᠨ ᠪᠠᠶᠢᠭᠤᠯᠤᠯᠲᠠ᠂ ᠦᠷ᠎ᠡ ᠠᠰᠢᠭ ᠢ ᠦᠵᠡᠬᠦ ᠪᠠᠷ ᠭᠤᠣᠯᠳᠠᠯᠭ᠎ᠠ ᠪᠣᠯᠭᠠᠵᠤ᠂ ᠤᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠵᠦ ᠪᠠᠶᠢᠭᠠᠳ ᠤᠯᠤᠰ ᠤᠨ ᠥᠮᠴᠢᠯᠡᠯ ᠤᠨ ᠠᠵᠤ ᠠᠬᠤᠶᠢᠯᠠᠯ ᠢ ᠪᠤᠵᠠᠭᠠᠶᠢᠷᠠᠭᠤᠯᠤᠨ ᠬᠦᠴᠦᠷᠬᠡᠭᠵᠢᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃ ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃
 
ᠢᠷᠡᠯᠲᠡ᠄ ᠦᠪᠦᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号