ᠬᠢᠯᠢ ᠶᠢᠨ ᠪᠣᠭᠤᠮᠲᠠ ᠶᠢ ᠬᠠᠮᠠᠭᠠᠯᠠᠨ ᠪᠠᠶᠢᠴᠠᠭᠠᠬᠤ ᠬᠦᠴᠦᠨ ᠢ ᠨᠢᠭᠲᠠᠷᠠᠭᠤᠯᠪᠠ
ᠨᠡᠶᠢᠲᠡᠯᠡᠭᠰᠡᠨ ᠴᠠᠭ᠄
2023/6/15
      ᠣᠶᠢᠷ᠎ᠠ ᠳᠤ᠂ ᠵᠡᠭᠦᠨ ᠦᠵᠦᠮᠦᠴᠢᠨ ᠬᠤᠰᠢᠭᠤᠨ ᠤ ᠠᠷᠠᠳ ᠤᠨ ᠪᠠᠶᠢᠴᠠᠭᠠᠬᠤ ᠬᠤᠷᠢᠶᠠᠨ ᠤ ᠭᠤᠷᠪᠠᠳᠤᠭᠠᠷ ᠪᠠᠶᠢᠴᠠᠭᠠᠬᠤ ᠬᠡᠯᠲᠡᠰ ᠤᠨ ᠪᠠᠶᠢᠴᠠᠭᠠᠬᠤ ᠠᠵᠢᠯᠲᠠᠨ ᠵᠡᠭᠦᠨ ᠦᠵᠦᠮᠦᠴᠢᠨ ᠬᠤᠰᠢᠭᠤᠨ ᠤ ᠵᠡᠭᠦᠨ ᠬᠠᠲᠠᠪᠴᠢ ᠪᠣᠭᠤᠮᠲᠠ ᠳᠤ ᠬᠦᠷᠴᠦ ᠬᠢᠯᠢ ᠶᠢᠨ ᠠᠵᠤ ᠠᠬᠤᠶᠢᠯᠠᠯ᠂ ᠬᠢᠯᠢ ᠳᠠᠭᠠᠤ ᠶᠢᠨ ᠮᠠᠯᠵᠢᠬᠤ ᠡᠷᠦᠬᠡ ᠳᠤ ᠬᠠᠤᠯᠢ ᠲᠦᠭᠡᠮᠡᠯᠵᠢᠭᠦᠯᠬᠦ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ᠃      ᠵᠡᠭᠦᠨ ᠦᠵᠦᠮᠦᠴᠢᠨ ᠬᠤᠰᠢᠭᠤᠨ ᠤ ᠵᠡᠭᠦᠨ ᠬᠠᠲᠠᠪᠴᠢ ᠪᠣᠭᠤᠮᠲᠠ ᠪᠣᠯ ᠳᠤᠮᠳᠠᠳᠤ ᠮᠣᠩᠭᠤᠯ ᠬᠤᠶᠠᠷ ᠤᠯᠤᠰ ᠤᠨ ᠠᠷᠠᠯᠵᠢᠶ᠎ᠠ ᠨᠡᠪᠲᠡᠷᠡᠬᠦ ᠴᠢᠬᠤᠯᠠ ᠵᠠᠮ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠽᠢᠶ᠎ᠠ ᠡᠸᠦ᠋ᠷᠦᠫᠡ ᠶᠢ ᠬᠤᠯᠪᠣᠭᠰᠠᠨ ᠪᠠᠰᠠ ᠨᠢᠭᠡᠨ ᠴᠢᠬᠤᠯᠠ ᠬᠦᠢᠰᠦ᠂ ᠣᠯᠠᠨ ᠤᠯᠤᠰ ᠤᠨ ᠴᠢᠨᠠᠷᠲᠠᠢ ᠪᠠᠶᠢᠩᠭᠤ ᠶᠢᠨ ᠨᠡᠬᠡᠬᠡᠯᠲᠡᠲᠦ ᠪᠣᠭᠤᠮᠲᠠ᠂ ᠬᠢᠯᠢ ᠳᠠᠭᠠᠤ ᠤᠯᠤᠰ ᠤᠨ ᠲᠠᠰ ᠤᠨ ᠵᠢᠷᠠᠨ ᠨᠢᠭᠡᠨ ᠵᠠᠰᠠᠮᠠᠯ ᠵᠠᠮ ᠤᠨ ᠪᠣᠭᠤᠮᠲᠠ ᠶᠢᠨ ᠨᠢᠭᠡ᠂ ᠥᠪᠥᠷ ᠮᠣᠩᠭᠤᠯ ᠤᠨ ᠣᠯᠠᠨ ᠤᠯᠤᠰ ᠤᠨ ᠴᠢᠨᠠᠷᠲᠠᠢ ᠪᠠᠶᠢᠩᠭᠤ ᠶᠢᠨ ᠨᠡᠬᠡᠬᠡᠯᠲᠡᠲᠦ ᠭᠤᠷᠪᠠᠳᠠᠭᠢ ᠬᠠᠭᠤᠷᠠᠢ ᠵᠠᠮ ᠤᠨ ᠪᠣᠭᠤᠮᠲᠠ ᠪᠣᠯᠣᠨ᠎ᠠ᠃ ᠵᠡᠭᠦᠨ ᠦᠵᠦᠮᠦᠴᠢᠨ ᠬᠤᠰᠢᠭᠤᠨ ᠤ ᠠᠷᠠᠳ ᠤᠨ ᠪᠠᠶᠢᠴᠠᠭᠠᠬᠤ ᠬᠤᠷᠢᠶ᠎ᠠ ᠤᠮᠠᠷᠠᠰᠢ ᠨᠡᠭᠡᠭᠡᠯᠲᠡ ᠬᠢᠬᠦ ᠴᠢᠬᠤᠯᠠ ᠪᠠᠬᠢᠯᠡᠯᠲᠡ ᠶᠢᠨ ᠪᠦᠲᠦᠭᠡᠨ ᠪᠠᠶᠢᠭᠤᠯᠤᠯᠲᠠ ᠳᠤ ᠦᠢᠯᠡᠴᠢᠯᠡᠵᠦ᠂ ᠬᠠᠤᠯᠢ ᠴᠠᠭᠠᠵᠠ ᠶᠢᠨ ᠲᠦᠭᠡᠮᠡᠯᠵᠢᠭᠦᠯᠦᠯᠲᠡ ᠶᠢ ᠠᠵᠤ ᠠᠬᠤᠶᠢᠯᠠᠯ ᠳᠤ ᠣᠷᠤᠭᠤᠯᠵᠤ᠂ ᠬᠠᠤᠯᠢ ᠴᠠᠭᠠᠵᠠ ᠶᠢ ᠲᠦᠭᠡᠮᠡᠯᠵᠢᠭᠦᠯᠦᠯᠲᠡ ᠶᠢ ᠮᠠᠯᠵᠢᠬᠤ ᠡᠷᠦᠬᠡ ᠳᠤ ᠣᠷᠤᠭᠤᠯᠤᠨ᠂ ︽ᠬᠢᠯᠢ ᠳᠠᠭᠠᠤ ᠪᠣᠭᠤᠮᠲᠠ ᠶᠢᠨ ᠪᠠᠶᠢᠴᠠᠭᠠᠬᠤ ᠠᠵᠢᠯ ᠤᠨ ᠨᠢᠭᠡᠳᠦᠯᠲᠡᠢ ᠠᠵᠢᠯᠯᠠᠭ᠎ᠠ︾ ᠲᠠᠢ ᠤᠶᠠᠯᠳᠤᠭᠤᠯᠤᠨ᠂ ᠲᠤᠬᠠᠢ ᠶᠢᠨ ᠲᠠᠯᠠᠪᠤᠷ ᠲᠤ ᠪᠠᠶᠢᠴᠠᠭᠠᠬᠤ ᠪᠠᠶᠢᠭᠤᠯᠭ᠎ᠠ ᠶᠢᠨ ᠳᠥᠷᠪᠡᠨ ᠶᠡᠭᠡ ᠪᠠᠶᠢᠴᠠᠭᠠᠬᠤ ᠡᠭᠦᠷᠭᠡ ᠴᠢᠳᠠᠪᠤᠷᠢ ᠶᠢ ᠲᠠᠶᠢᠯᠪᠤᠷᠢᠯᠠᠬᠤ ᠪᠠ ᠠᠵᠤ ᠠᠬᠤᠶᠢᠯᠠᠯ ᠵᠢᠴᠢ ᠮᠠᠯᠵᠢᠬᠤ ᠡᠷᠦᠬᠡ ᠳᠤ《 ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠢᠷᠭᠡᠨ ᠤ ᠬᠠᠤᠯᠢ ᠶᠢᠨ ᠪᠢᠴᠢᠭ》︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠢᠯᠢ ᠪᠠᠷ ᠣᠷᠣᠵᠤ ᠭᠠᠷᠬᠤ ᠬᠠᠮᠢᠶᠠᠷᠤᠯᠲᠠ ᠶᠢᠨ ᠬᠠᠤᠯᠢ︾ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠯᠤᠰ ᠤᠨ ᠠᠮᠤᠷ ᠲᠦᠪᠰᠢᠨ ᠤ ᠬᠠᠤᠯᠢ︾ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠪᠣᠭᠤᠮᠲᠠ ᠶᠢᠨ ᠬᠠᠤᠯᠢ︾ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠡᠭᠡᠷ᠎ᠡ ᠶᠢᠨ ᠠᠮᠢᠲᠠᠨ ᠢ ᠬᠠᠮᠠᠭᠠᠯᠠᠬᠤ ᠬᠠᠤᠯᠢ︾ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠭᠠᠳᠠᠭᠠᠳᠤ ᠶᠢᠨ ᠬᠥᠮᠥᠨ ᠤ ᠬᠢᠯᠢ ᠪᠠᠷ ᠣᠷᠣᠵᠤ ᠭᠠᠷᠬᠤ ᠬᠠᠮᠢᠶᠠᠷᠤᠯᠲᠠ ᠶᠢᠨ ᠳᠦᠷᠢᠮ︾ ︽ᠵᠠᠬᠢᠳᠠᠯ ᠰᠣᠷᠪᠤᠯᠵᠢᠯᠠᠭ᠎ᠠ ᠶᠢᠨ ᠠᠵᠢᠯ ᠤᠨ ᠳᠦᠷᠢᠮ︾ ᠤᠨ ᠬᠠᠤᠯᠢ ᠴᠠᠭᠠᠵᠠ ᠶᠢᠨ ᠤᠬᠠᠭᠤᠯᠭ᠎ᠠ ᠶᠢᠨ ᠭᠠᠷ ᠳᠡᠪᠲᠡᠷ ᠢ ᠲᠠᠷᠬᠠᠭᠠᠬᠤ ᠪᠠᠷ ᠳᠠᠮᠵᠢᠭᠤᠯᠤᠨ᠂ ᠠᠵᠤ ᠠᠬᠤᠶᠢᠯᠠᠯ ᠤᠨ ᠬᠠᠤᠯᠢ ᠶᠢ ᠰᠠᠬᠢᠵᠤ ᠪᠡᠶ᠎ᠡ ᠪᠠᠨ ᠪᠠᠷᠢᠬᠤ ᠶᠢ ᠡᠵᠡᠩᠨᠡᠯᠲᠡ ᠶᠢᠨ ᠳᠤᠮᠳᠠ ᠬᠠᠤᠯᠢ ᠶᠢ ᠮᠡᠳᠡᠵᠦ ᠬᠠᠤᠯᠢ ᠶᠢ ᠣᠶᠢᠯᠠᠭᠠᠵᠤ ᠂ ᠪᠠᠶᠢᠴᠠᠭᠠᠬᠤ ᠪᠠᠶᠢᠭᠤᠯᠭ᠎ᠠ ᠶᠢᠨ ᠠᠷᠠᠳ ᠤᠨ ᠲᠥᠯᠥᠭᠡ ᠬᠠᠤᠯᠢ ᠴᠠᠭᠠᠵᠠ ᠶᠠᠪᠤᠭᠤᠯᠬᠤ᠂ ᠠᠵᠤ ᠠᠬᠤᠶᠢᠯᠠᠯ ᠤᠨ ᠲᠣᠭᠲᠠᠭᠠᠯ ᠳᠤ ᠨᠡᠶᠢᠴᠡᠭᠰᠡᠨ ᠥᠭᠡᠷᠡᠴᠢᠯᠡᠯᠲᠡ ᠬᠢᠬᠦ᠂ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠵᠠᠭᠠᠯᠳᠤᠯᠭ᠎ᠠ ᠭᠤᠮᠣᠳᠠᠯ ᠲᠣᠭᠠᠴᠢᠯᠲᠠ ᠶᠢᠨ ᠬᠡᠷᠡᠭ ᠢ ᠬᠦᠯᠢᠶᠡᠨ ᠠᠪᠴᠤ ᠰᠢᠢᠳᠪᠦᠷᠢᠯᠡᠬᠦ ᠵᠡᠷᠭᠡ ᠲᠠᠯ᠎ᠠ ᠪᠠᠷ ᠬᠢ ᠰᠠᠭᠠᠳ ᠦᠭᠡᠢ ᠨᠡᠪᠲᠡᠷᠡᠬᠦ ᠵᠠᠮ ᠢ ᠡᠬᠢᠯᠡᠭᠦᠯᠵᠦ᠂ ᠠᠵᠤ ᠠᠬᠤᠶᠢᠯᠠᠯᠲᠠᠨ ᠤ ᠮᠠᠳᠠᠭ ᠲᠠᠢ ᠠᠰᠠᠭᠤᠯᠲᠠ ᠶᠢ ᠨᠢ ᠲᠠᠶᠢᠯᠵᠤ᠂ ᠬᠢᠯᠢ ᠶᠢᠨ ᠱᠤᠭᠤᠮ ᠤᠨ ᠮᠠᠯᠵᠢᠬᠤ ᠡᠷᠦᠬᠡ ᠪᠠᠷ ᠲᠣᠭᠤᠷᠢᠨ ᠶᠠᠪᠤᠵᠤ᠂ ᠮᠠᠯᠴᠢᠨ ᠲᠦᠮᠡᠨ ᠤ ᠳᠡᠷᠭᠡᠳᠡᠬᠢ ᠶᠠᠪᠤᠳᠠᠯ ᠲᠠᠢ ᠤᠶᠠᠯᠳᠤᠭᠤᠯᠤᠨ᠂ ᠬᠡᠷᠡᠭ ᠤᠨ ᠵᠢᠱᠢᠶ᠎ᠡ ᠪᠠᠷ ᠬᠠᠤᠯᠢ ᠶᠢ ᠲᠠᠶᠢᠯᠪᠤᠷᠢᠯᠠᠵᠤ᠂ ᠲᠡᠳᠡᠨ ᠤ ᠠᠩᠬᠠᠷᠴᠤ ᠪᠠᠶᠢᠭ᠎ᠠ ᠬᠠᠤᠯᠢ ᠴᠠᠭᠠᠵᠠ ᠶᠢᠨ ᠠᠰᠠᠭᠤᠳᠠᠯ ᠵᠢᠴᠢ ᠡᠷᠬᠡ ᠪᠠᠨ ᠬᠠᠮᠠᠭᠠᠯᠠᠬᠤ ᠠᠷᠭ᠎ᠠ ᠬᠡᠯᠪᠡᠷᠢ ᠶᠢ ᠨᠠᠷᠢᠨ ᠲᠠᠶᠢᠯᠪᠤᠷᠢᠯᠠᠵᠤ᠂ ᠬᠢᠯᠢ ᠶᠢᠨ ᠬᠠᠮᠠᠭᠠᠯᠠᠯᠲᠠ ᠶᠢᠨ ᠬᠠᠤᠯᠢ ᠴᠠᠭᠠᠵᠠ ᠬᠠᠤᠯᠢ ᠲᠣᠭᠲᠠᠭᠠᠯ ᠢ ᠬᠥᠮᠥᠨ ᠪᠦᠬᠦᠨ ᠳᠤ ᠮᠡᠳᠡᠭᠦᠯᠵᠦ᠂ ᠲᠠᠷᠢᠬᠢ ᠲᠣᠯᠣᠭᠠᠢ ᠳᠤᠨᠢ ᠬᠠᠳᠠᠩᠰᠢᠭᠤᠯᠵᠤ᠂ ᠬᠢᠯᠢ ᠶᠢᠨ ᠪᠣᠭᠤᠮᠲᠠ ᠶᠢᠨ ᠭᠠᠵᠠᠷ ᠣᠷᠣᠨ ᠤ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠴᠣᠬᠢᠯᠲᠠ ᠥᠭᠬᠦ᠂ ᠬᠢᠯᠢ ᠶᠢᠨ ᠪᠣᠭᠤᠮᠲᠠ ᠶᠢᠨ ᠠᠵᠤ ᠠᠬᠤᠢ ᠶᠢᠨ ᠪᠦᠰᠡ ᠶᠢᠨ ᠤᠯᠠᠨ ᠨᠡᠶᠢᠲᠡ ᠶᠢᠨ ᠠᠰᠢᠭ ᠲᠤᠰᠠ ᠶᠢ ᠦᠨᠡᠨᠬᠦ ᠪᠠᠲᠤᠯᠠᠬᠤ᠂ ᠬᠠᠤᠯᠢ ᠪᠠᠷ ᠵᠠᠰᠠᠬᠤ ᠬᠢᠯᠢ ᠶᠢᠨ ᠪᠣᠭᠤᠮᠲᠠ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠳᠤ ᠬᠠᠮᠲᠤᠪᠠᠷ ᠢᠳᠡᠪᠬᠢᠲᠡᠢ ᠬᠤᠪᠢ ᠨᠡᠮᠡᠷᠢ ᠦᠵᠡᠭᠦᠯᠪᠡ᠃      ᠥᠪᠥᠷ ᠮᠣᠩᠭᠤᠯ ᠤᠨ ᠯᠢ ᠳ᠋ᠡ ᠣᠯᠠᠨ ᠤᠯᠤᠰ ᠤᠨ ᠪᠠᠷᠠᠭᠠᠨ ᠤ ᠲᠡᠭᠡᠭᠡᠪᠦᠷᠢ ᠶᠢᠨ ᠣᠷᠣᠯᠠᠭᠴᠢ ᠬᠢᠵᠠᠭᠠᠷᠲᠤ ᠺᠣᠮᠫᠠᠨᠢ᠂ ᠥᠪᠥᠷ ᠮᠣᠩᠭᠤᠯ ᠤᠨ ᠳᠠᠩ ᠴᠢ ᠪᠠᠷᠠᠭᠠᠨ ᠤ ᠲᠡᠭᠡᠭᠡᠪᠦᠷᠢ ᠶᠢᠨ ᠣᠷᠣᠯᠠᠭᠴᠢ ᠬᠢᠵᠠᠭᠠᠷᠲᠤ ᠺᠣᠮᠫᠠᠨᠢ᠂ ᠥᠪᠥᠷ ᠮᠣᠩᠭᠤᠯ ᠤᠨ ᠨᠠᠨ ᠳ᠋ᠢᠩ ᠨᠡᠭᠦᠷᠡᠰᠦᠨ ᠤ ᠠᠷᠠᠯᠵᠢᠶᠠᠨ ᠤ ᠬᠢᠵᠠᠭᠠᠷᠲᠤ ᠺᠣᠮᠫᠠᠨᠢ᠂ ᠵᠡᠭᠦᠨ ᠦᠵᠦᠮᠦᠴᠢᠨ ᠬᠤᠰᠢᠭᠤᠨ ᠤ ᠭᠤᠸᠠᠩ ᠨᠧᠩ ᠪᠠᠷᠠᠭᠠᠨ ᠤ ᠲᠡᠭᠡᠭᠡᠪᠦᠷᠢ ᠶᠢᠨ ᠣᠷᠣᠯᠠᠭᠴᠢ ᠬᠢᠵᠠᠭᠠᠷᠲᠤ ᠺᠣᠮᠫᠠᠨᠢ ᠳᠥᠷᠪᠡᠨ ᠪᠣᠭᠤᠮᠲᠠ ᠶᠢᠨ ᠠᠵᠤ ᠠᠬᠤᠶᠢᠯᠠᠯ ᠲᠤᠰ ᠤᠳᠠᠭᠠᠨ ᠤ ᠬᠠᠤᠯᠢ ᠲᠦᠭᠡᠮᠡᠯᠵᠢᠭᠦᠯᠬᠦ ᠤᠬᠠᠭᠤᠯᠭ᠎ᠠ ᠶᠢᠨ ᠠᠵᠢᠯᠯᠠᠭ᠎ᠠ ᠳᠤ ᠣᠷᠣᠯᠴᠠᠪᠠ᠃ ᠠᠵᠤ ᠠᠬᠤᠶᠢᠯᠠᠯ ᠤᠨ ᠬᠡᠷᠡᠭᠴᠡᠭᠡ ᠶᠢ ᠨᠢᠭᠤᠷᠳᠠᠨ ᠣᠶᠢᠯᠠᠭᠠᠵᠤ᠂ ᠠᠵᠤ ᠠᠬᠤᠶᠢᠯᠠᠯ ᠪᠣᠯᠣᠨ ᠪᠠᠶᠢᠴᠠᠭᠠᠬᠤ ᠪᠠᠶᠢᠭᠤᠯᠭ᠎ᠠ ᠶᠢᠨ ᠬᠠᠷᠢᠯᠴᠠᠭ᠎ᠠ ᠪᠠ ᠨᠡᠪᠲᠡᠷᠡᠯᠴᠡᠭᠡ ᠶᠢ ᠴᠢᠩᠭᠠᠳᠬᠠᠵᠤ᠂ ᠬᠠᠤᠯᠢ ᠪᠠᠷ ᠵᠠᠰᠠᠬᠤ ᠰᠠᠶᠢᠨ ᠰᠠᠶᠢᠬᠠᠨ ᠣᠷᠴᠢᠨ ᠨᠥᠬᠦᠴᠡᠯ ᠢ ᠬᠠᠮᠲᠤ ᠪᠠᠷ ᠪᠤᠢ ᠪᠣᠯᠭᠠᠵᠤ᠂ ᠬᠢᠯᠢ ᠶᠢᠨ ᠪᠣᠭᠤᠮᠲᠠ ᠶᠢᠨ ᠭᠠᠵᠠᠷ ᠣᠷᠣᠨ ᠤ ᠠᠵᠤ ᠠᠬᠤᠢ ᠨᠡᠶᠢᠭᠡᠮ ᠤᠨ ᠡᠮᠬᠢ ᠵᠢᠷᠤᠮ ᠡᠶ᠎ᠡ ᠵᠣᠬᠢᠴᠠᠯ ᠲᠠᠢ ᠲᠣᠭᠲᠠᠭᠤᠨ ᠪᠠᠶᠢᠳᠠᠯ ᠢ ᠬᠠᠮᠠᠭᠠᠯᠠᠪᠠ᠃      ᠠᠵᠢᠯᠯᠠᠭ᠎ᠠ ᠶᠢ ᠥᠷᠨᠢᠭᠦᠯᠦᠨ᠂ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠤᠬᠠᠭᠤᠯᠭ᠎ᠠ ᠶᠢᠨ ᠦᠷ᠎ᠡ ᠪᠦᠲᠦᠮᠵᠢ ᠶᠢ ᠪᠦᠲᠦᠮᠵᠢᠲᠡᠶ ᠪᠠᠷ ᠳᠡᠭᠡᠭᠰᠢᠯᠡᠭᠦᠯᠵᠦ᠂ ︽ᠬᠢᠯᠢ ᠬᠢᠵᠠᠭᠠᠷ ᠢ ᠰᠠᠬᠢᠨ ᠬᠠᠮᠠᠭᠠᠯᠠᠬᠤ ᠳᠤ ᠬᠥᠮᠥᠨ ᠪᠦᠬᠦᠨ ᠬᠠᠷᠢᠭᠤᠴᠠᠯᠭ᠎ᠠ ᠲᠠᠢ︾ ᠪᠠᠶᠢᠬᠤ ᠶᠡᠭᠡ ᠲᠠᠯ᠎ᠠ ᠶᠢᠨ ᠦᠵᠡᠯᠲᠡ ᠶᠢ ᠤᠯᠠᠮ ᠨᠢᠭᠡ ᠠᠯᠬᠤᠮ ᠪᠤᠢ ᠪᠣᠯᠭᠠᠵᠤ᠂ ᠬᠠᠤᠯᠢ ᠴᠠᠭᠠᠵᠠ ᠶᠢ ᠬᠢᠯᠢ ᠬᠢᠵᠠᠭᠠᠷ ᠲᠤ ᠬᠦᠷᠭᠡᠬᠦ᠂ ᠠᠵᠤ ᠠᠬᠤᠶᠢᠯᠠᠯ ᠢ ᠰᠤᠷᠪᠤᠯᠵᠢᠯᠠᠬᠤ ᠵᠡᠷᠭᠡ ᠠᠷᠭ᠎ᠠ ᠮᠠᠶ᠋ᠢᠭ ᠢ ᠤᠯᠠᠮ ᠨᠢᠭᠡ ᠠᠯᠬᠤᠮ ᠪᠤᠢ ᠪᠣᠯᠭᠠᠵᠤ᠂ ᠬᠠᠤᠯᠢ ᠪᠠᠷ ᠵᠠᠰᠠᠬᠤ ᠤᠬᠠᠭᠤᠯᠭ᠎ᠠ ᠬᠥᠮᠦᠵᠢᠯ ᠪᠠ ᠦᠢᠯᠡᠴᠢᠯᠡᠭᠡᠨ ᠤ ᠠᠷᠭ᠎ᠠ ᠵᠠᠮ ᠢ ᠢᠳᠡᠪᠬᠢᠲᠡᠢ ᠪᠠᠷ ᠥᠷᠭᠡᠳᠬᠡᠵᠦ᠂ ᠬᠠᠤᠯᠢ ᠴᠠᠭᠠᠵᠠ ᠶᠢ ᠬᠢᠯᠢ ᠳᠠᠭᠠᠤ ᠣᠷᠣᠨ ᠳᠤ ᠬᠦᠷᠭᠡᠬᠦ ᠪᠠᠶᠢᠴᠠᠭᠠᠬᠤ ᠡᠭᠦᠷᠭᠡ ᠴᠢᠳᠠᠪᠤᠷᠢ ᠶᠢ ᠤᠷᠲᠤᠳᠬᠠᠵᠤ᠂ ᠬᠢᠯᠢ ᠳᠠᠭᠠᠤ ᠣᠷᠣᠨ ᠤ ᠠᠵᠤ ᠠᠬᠤᠢ ᠨᠡᠶᠢᠭᠡᠮ ᠤᠨ ᠬᠥᠭᠵᠢᠯᠲᠡ ᠳᠤ ᠰᠠᠨᠠᠭᠠᠴᠢᠯᠠᠭ᠎ᠠ ᠠᠴᠠ ᠪᠠᠨ ᠠᠭᠤᠰᠤᠯᠴᠠᠪᠡ᠃
 
ᠢᠷᠡᠯᠲᠡ᠄ ᠵᠡᠭᠦᠨ ᠦᠵᠦᠮᠦᠴᠢᠨ ᠬᠤᠰᠢᠭᠤᠨ ᠤ ᠵᠠᠰᠠᠭ ᠤᠨ ᠣᠷᠳᠣᠨ ᠤ ᠠᠯᠪᠠᠨ ᠬᠡᠷ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号