ᠣᠶᠢᠷ᠎ᠠ ᠳᠤ᠂ ᠵᠡᠭᠦᠨ ᠦᠵᠦᠮᠦᠴᠢᠨ ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠪᠠ ᠰᠢᠨᠵᠢᠯᠡᠬᠦ | ᠤᠬᠠᠭᠠᠨ ᠮᠡᠷᠭᠡᠵᠢᠯ ᠤᠨ ᠲᠣᠪᠴᠢᠶ᠎ᠠ ︽ᠵᠡᠭᠦᠨ ᠦᠵᠦᠮᠦᠴᠢᠨ ᠬᠤᠰᠢᠭᠤᠨ ᠤ 2023 ᠣᠨ ᠳᠤ ᠠᠷᠭᠠᠯ ᠬᠤᠷᠭᠤᠯ | ᠴᠡᠪᠡᠷᠯᠡᠬᠦ ᠵᠢᠵᠢᠭ ᠬᠡᠯᠪᠡᠷᠢ ᠶᠢᠨ ᠠᠴᠢᠶᠠᠨ ᠤ ᠮᠠᠰᠢᠨ ᠬᠤᠳᠠᠯᠳᠤᠨ ᠠᠪᠬᠤ ᠳᠤ ᠨᠥᠬᠦᠪᠦᠷᠢ ᠥᠭᠬᠦ ᠬᠡᠷᠡᠭᠵᠢᠭᠦᠯᠬᠦ | ᠲᠥᠰᠥᠯ︾ ︵ᠵᠡᠭᠦᠨ ᠲᠠᠷᠢᠶᠠᠯᠠᠩ ᠮᠠᠯ ᠠᠵᠤ ᠠᠬᠤᠢ ᠪᠠ ᠰᠢᠨᠵᠢᠯᠡᠬᠦ ᠤᠬᠠᠭᠠᠨ ᠮᠡᠷᠭᠡᠵᠢᠯ ﹇2023﹈ 104 | ᠲᠣᠭᠠᠲᠤ︶ ᠢ ᠳᠠᠷᠤᠮᠠᠯᠯᠠᠨ ᠲᠠᠷᠬᠠᠭᠠᠪᠠ᠃ ᠨᠡᠶᠢᠭᠡᠮ ᠨᠡᠶᠢᠲᠡ ᠪᠠᠷ ᠢᠶᠠᠨ ᠲᠥᠰᠥᠯ ᠤᠨ ᠬᠠᠮᠢᠶ᠎ᠠ ᠪᠦᠬᠦᠢ | ᠠᠭᠤᠯᠭ᠎ᠠ ᠶᠢ ᠥᠷᠭᠡᠨ ᠢᠶᠠᠷ ᠣᠶᠢᠯᠠᠭᠠᠬᠤ ᠪᠠ ᠵᠥᠪ ᠣᠶᠢᠯᠠᠭᠠᠬᠤ ᠳᠤ ᠲᠥᠬᠦᠮ ᠦᠵᠡᠭᠦᠯᠬᠦ ᠶᠢᠨ ᠲᠥᠯᠦᠭᠡ᠂ ᠣᠳᠤ | ᠳᠣᠣᠷᠠᠬᠢ ᠮᠡᠲᠦ ᠲᠠᠶᠢᠯᠤᠮᠵᠢ ᠬᠢᠶ᠎ᠠ᠃ | ᠨᠢᠭᠡ᠂ ︽ᠵᠡᠭᠦᠨ ᠦᠵᠦᠮᠦᠴᠢᠨ ᠬᠤᠰᠢᠭᠤᠨ ᠤ 2023 ᠣᠨ ᠳᠤ ᠠᠷᠭᠠᠯ ᠬᠤᠷᠭᠤᠯ ᠴᠡᠪᠡᠷᠯᠡᠬᠦ ᠵᠢᠵᠢᠭ | ᠬᠡᠯᠪᠡᠷᠢ ᠶᠢᠨ ᠠᠴᠢᠶᠠᠨ ᠤ ᠮᠠᠰᠢᠨ ᠬᠤᠳᠠᠯᠳᠤᠨ ᠠᠪᠬᠤ ᠳᠤ ᠨᠥᠬᠦᠪᠦᠷᠢ ᠥᠭᠬᠦ ᠬᠡᠷᠡᠭᠵᠢᠭᠦᠯᠬᠦ ᠲᠥᠰᠥᠯ︾ ᠢ | ᠨᠡᠶᠢᠲᠡᠯᠡᠭᠰᠡᠨ ᠠᠬᠤᠢ ᠪᠠᠶᠢᠳᠠᠯ ᠨᠢ ᠶᠠᠭᠤ ᠪᠣᠶ︖ | ᠪᠦᠬᠦ ᠬᠤᠰᠢᠭᠤᠨ ᠤ ᠬᠥᠮᠥᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠰᠠᠶᠢᠵᠢᠷᠠᠭᠤᠯᠬᠤ | ᠠᠵᠢᠯ ᠢ ᠠᠬᠢᠭᠤᠯᠬᠤ ᠶᠢᠨ ᠲᠥᠯᠥᠭᠡ᠂ ᠠᠷᠭᠠᠯ ᠬᠤᠷᠭᠤᠯ ᠴᠡᠪᠡᠷᠯᠡᠬᠦ ᠵᠢᠵᠢᠭ ᠬᠡᠯᠪᠡᠷᠢ ᠶᠢᠨ ᠠᠴᠢᠶᠠᠨ ᠤ ᠮᠠᠰᠢᠨ | ᠬᠤᠳᠠᠯᠳᠤᠨ ᠠᠪᠬᠤ ᠳᠤ ᠨᠥᠬᠦᠪᠦᠷᠢ ᠣᠯᠭᠤᠬᠤ ᠶᠢ ᠵᠢᠷᠤᠮᠵᠢᠭᠤᠯᠵᠤ᠂ ︽ᠰᠢᠯᠢ ᠶᠢᠨ ᠭᠤᠣᠯ ᠠᠶᠢᠮᠠᠭ ᠤᠨ 2021 | ︱ 2023 ᠣᠨ ᠤ ᠲᠠᠷᠢᠶᠠᠯᠠᠩ ᠤᠨ ᠮᠠᠰᠢᠨ ᠬᠤᠳᠠᠯᠳᠤᠨ ᠠᠪᠬᠤ ᠳᠤ ᠨᠥᠬᠦᠪᠦᠷᠢ ᠥᠭᠬᠦ ᠬᠡᠷᠡᠭᠵᠢᠭᠦᠯᠬᠦ ᠲᠥᠰᠥᠯ | ︾ ᠢ ᠦᠨᠳᠦᠰᠦᠯᠡᠨ᠂ ᠮᠠᠨ ᠤ ᠬᠤᠰᠢᠭᠤᠨ ᠤ ᠪᠣᠳᠠᠲᠠᠢ ᠲᠠᠢ ᠪᠠᠨ ᠤᠶᠠᠯᠳᠤᠭᠤᠯᠤᠨ᠂ 2023 ᠣᠨ ᠤ 5 | ᠰᠠᠷ᠎ᠠ ᠶᠢᠨ 11 ᠤ ᠡᠳᠦᠷ᠂ ᠵᠡᠭᠦᠨ ᠦᠵᠦᠮᠦᠴᠢᠨ ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠪᠠ ᠰᠢᠨᠵᠢᠯᠡᠬᠦ | ᠤᠬᠠᠭᠠᠨ ᠮᠡᠷᠭᠡᠵᠢᠯ ᠤᠨ ᠲᠣᠪᠴᠢᠶ᠎ᠠ ︽ᠵᠡᠭᠦᠨ ᠦᠵᠦᠮᠦᠴᠢᠨ ᠬᠤᠰᠢᠭᠤᠨ ᠤ 2023 ᠣᠨ ᠳᠤ ᠠᠷᠭᠠᠯ ᠬᠤᠷᠭᠤᠯ | ᠴᠡᠪᠡᠷᠯᠡᠬᠦ ᠵᠢᠵᠢᠭ ᠬᠡᠯᠪᠡᠷᠢ ᠶᠢᠨ ᠠᠴᠢᠶᠠᠨ ᠤ ᠮᠠᠰᠢᠨ ᠬᠤᠳᠠᠯᠳᠤᠨ ᠠᠪᠬᠤ ᠳᠤ ᠨᠥᠬᠦᠪᠦᠷᠢ ᠥᠭᠬᠦ ᠬᠡᠷᠡᠭᠵᠢᠭᠦᠯᠬᠦ | ᠲᠥᠰᠥᠯ︾ ︵ᠵᠡᠭᠦᠨ ᠲᠠᠷᠢᠶᠠᠯᠠᠩ ᠮᠠᠯ ᠠᠵᠤ ᠠᠬᠤᠢ ᠪᠠ ᠰᠢᠨᠵᠢᠯᠡᠬᠦ ᠤᠬᠠᠭᠠᠨ ᠲᠠᠷᠬᠠᠭᠠᠭᠰᠠᠨ ﹇2023﹈ | 104 ᠲᠣᠭᠠᠲᠤ︶ ᠢ ᠳᠠᠷᠤᠮᠠᠯᠯᠠᠨ ᠲᠠᠷᠬᠠᠭᠠᠪᠠ᠃ | ᠬᠤᠶᠠᠷ᠂ ᠨᠥᠬᠦᠪᠦᠷᠢ ᠥᠭᠬᠦ ᠮᠠᠰᠢᠨ ᠪᠠᠭᠠᠵᠢ ᠶᠢᠨ ᠬᠡᠪᠴᠢᠶ᠎ᠡ ᠪᠠ ᠦᠢᠯᠡᠳᠪᠦᠷᠢᠯᠡᠵᠦ ᠪᠣᠷᠣᠯᠠᠭᠤᠯᠬᠤ ᠠᠵᠤ | ᠠᠬᠤᠶᠢᠯᠠᠯ ᠤᠨ ᠬᠢᠷᠢ ᠬᠡᠮ ᠨᠢ ᠶᠠᠭᠤ ᠪᠤᠢ︖ | ︵ᠨᠢᠭᠡ︶ ᠨᠥᠬᠦᠪᠦᠷᠢ ᠥᠭᠬᠦ ᠮᠠᠰᠢᠨ ᠪᠠᠭᠠᠵᠢ ᠶᠢᠨ ᠬᠡᠪᠴᠢᠶ᠎ᠡ᠃ ᠨᠥᠬᠦᠪᠦᠷᠢ ᠲᠠᠢ ᠮᠠᠰᠢᠨ ᠪᠠᠭᠠᠵᠢ ᠶᠢᠨ | ᠬᠥᠮᠥᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠠᠵᠢᠯ ᠢ ᠥᠷᠨᠢᠭᠦᠯᠬᠦ ᠳᠤ ᠬᠡᠷᠡᠭᠰᠡᠬᠦ | ᠠᠷᠭᠠᠯ ᠬᠤᠷᠭᠤᠯ ᠶᠢ ᠴᠡᠪᠡᠷᠯᠡᠬᠦ ᠵᠢᠵᠢᠭ ᠬᠡᠯᠪᠡᠷᠢ ᠶᠢᠨ ᠠᠴᠢᠶᠠᠯᠠᠬᠤ ᠮᠠᠰᠢᠨ ︵ᠬᠥᠳᠡᠯᠭᠡᠭᠦᠷ ᠤᠨ ᠮᠣᠷᠢᠨ ᠬᠦᠴᠦ ᠶᠢ | 90kw ᠠᠴᠠ ᠬᠡᠲᠦᠷᠡᠭᠦᠯᠵᠦ ᠪᠣᠯᠬᠤ ᠦᠭᠡᠢ︶᠃ ᠨᠥᠬᠦᠪᠦᠷᠢ ᠥᠭᠬᠦ ᠮᠠᠰᠢᠨ ᠪᠠᠭᠠᠵᠢ ᠨᠢ ᠡᠷᠬᠡᠪᠰᠢ ᠳᠣᠣᠷᠠᠬᠢ | ᠬᠢᠷᠢ ᠬᠡᠮ ᠢ ᠪᠦᠷᠢᠯᠳᠦᠭᠦᠯᠦᠭᠰᠡᠨ ᠪᠠᠶᠢᠬᠤ ᠬᠡᠷᠡᠭᠲᠡᠢ᠄⒈ CMA ᠢᠯᠡᠳᠬᠡᠮᠵᠢ ᠲᠡᠮᠳᠡᠭ ︵ᠰᠢᠯᠭᠠᠨ ᠪᠠᠶᠢᠴᠠᠭᠠᠵᠤ | ᠪᠠᠶᠢᠴᠠᠭᠠᠨ ᠬᠡᠮᠵᠢᠬᠦ ᠪᠠᠶᠢᠭᠤᠯᠤᠮᠵᠢ ᠶᠢᠨ ᠬᠢᠷᠢ ᠬᠡᠮ ᠢ ᠮᠠᠭᠠᠳᠯᠠᠨ ᠲᠣᠭᠲᠠᠭᠠᠬᠤ︶ ᠢ ᠣᠯᠣᠭᠰᠠᠨ ᠦᠢᠯᠡᠳᠪᠦᠷᠢ ᠶᠢᠨ | ᠰᠢᠯᠭᠠᠨ ᠪᠠᠶᠢᠴᠠᠭᠠᠭᠰᠠᠨ ᠮᠡᠳᠡᠭᠦᠯᠦᠯᠲᠡ ᠶᠢ ᠣᠯᠣᠭᠰᠠᠨ ᠪᠥᠭᠡᠳ ᠮᠡᠳᠡᠭᠦᠯᠦᠯᠲᠡ ᠨᠢ ᠬᠦᠴᠦᠨ ᠲᠠᠢ | ᠬᠤᠭᠤᠴᠠᠭᠠᠨ ᠳᠠᠭᠠᠨ ᠪᠠᠶᠢᠬᠤ︔⒉ᠤᠯᠤᠰ ᠤᠨ ᠳᠥᠷᠪᠡᠳᠦᠭᠡᠷ ᠱᠠᠲᠤᠨ ᠤ ᠢᠯᠭᠠᠨ ᠬᠠᠶᠠᠬᠤ ᠪᠠᠷᠢᠮᠵᠢᠶ᠎ᠠ | ︵ᠤᠯᠤᠰ ᠤᠨ ᠳᠥᠷᠪᠡᠳᠦᠭᠡᠷ ᠱᠠᠲᠤᠨ ᠤ ᠢᠯᠭᠠᠨ ᠬᠠᠶᠠᠬᠤ ᠪᠠᠷᠢᠮᠵᠢᠶ᠎ᠠ︶ ᠳᠤ ᠬᠦᠷᠦᠭᠰᠡᠨ︔⒊ᠨᠥᠬᠦᠪᠦᠷᠢ ᠥᠭᠬᠦ | ᠮᠠᠰᠢᠨ ᠪᠠᠭᠠᠵᠢ ᠨᠢ ᠡᠷᠬᠡᠪᠰᠢ ᠢᠯᠡᠷᠬᠡᠢ ᠭᠠᠵᠠᠷ ᠲᠤ ᠦᠢᠯᠡᠳᠪᠦᠷᠢᠯᠡᠬᠦ ᠠᠵᠤ ᠠᠬᠤᠶᠢᠯᠠᠯ᠂ ᠦᠢᠯᠡᠳᠬᠦᠨ ᠤ | ᠨᠡᠷᠡᠶᠢᠳᠦᠯ ᠪᠠ ᠬᠡᠯᠪᠡᠷᠢ ᠮᠠᠶ᠋ᠢᠭ᠂ ᠦᠢᠯᠡᠳᠪᠦᠷᠢ ᠠᠴᠠ ᠭᠠᠷᠬᠤ ᠳ᠋ᠤᠭᠠᠷ᠂ ᠦᠢᠯᠡᠳᠪᠦᠷᠢᠯᠡᠭᠰᠡᠨ ᠡᠳᠦᠷ ᠬᠤᠭᠤᠴᠠᠭ᠎ᠠ | ᠂ ᠮᠠᠰᠢᠨ ᠣᠷᠴᠢᠨ ᠠᠬᠤᠢ ᠶᠢ ᠬᠠᠮᠠᠭᠠᠯᠠᠬᠤ ᠣᠷᠣᠯᠠᠬᠤ ᠨᠣᠮᠧᠷ ᠵᠡᠷᠭᠡ ᠮᠡᠳᠡᠭᠡ ᠵᠠᠩᠭᠢ ᠶᠢᠨ ᠥᠨᠢᠳᠡ ᠶᠢᠨ ᠴᠢᠨᠠᠷᠲᠠᠢ | ᠪᠢᠴᠢᠭᠡᠰᠦ ᠲᠠᠢ ᠪᠠᠶᠢᠬᠤ ᠬᠡᠷᠡᠭᠲᠡᠢ᠃ | ︵ᠬᠤᠶᠠᠷ︶ ᠦᠢᠯᠡᠳᠪᠦᠷᠢᠯᠡᠯ ᠪᠣᠷᠤᠯᠠᠭᠤᠯᠭ᠎ᠠ ᠶᠢᠨ ᠠᠵᠤ ᠠᠬᠤᠶᠢᠯᠠᠯ ᠤᠨ ᠬᠢᠷᠢ ᠬᠡᠮ᠃ ᠨᠥᠬᠦᠪᠦᠷᠢ | ᠥᠭᠬᠦ ᠳᠤ ᠣᠷᠣᠯᠴᠠᠭᠰᠠᠨ ᠦᠢᠯᠡᠳᠪᠦᠷᠢᠯᠡᠵᠦ ᠪᠣᠷᠣᠯᠠᠭᠤᠯᠬᠤ ᠠᠵᠤ ᠠᠬᠤᠶᠢᠯᠠᠯ ᠨᠢ ᠰᠠᠶᠢᠨ ᠳᠤᠷ᠎ᠠ ᠠᠴᠠ ᠪᠠᠨ | ᠮᠡᠳᠡᠭᠦᠯᠦᠨ ᠳᠠᠩᠰᠠᠯᠠᠭᠤᠯᠵᠤ᠂ ᠠᠶᠢᠮᠠᠭ ᠣᠷᠣᠨ ᠤ ᠳᠣᠲᠣᠷ᠎ᠠ ᠪᠣᠷᠤᠯᠠᠭᠤᠯᠭ᠎ᠠ ᠶᠢᠨ ᠳᠡᠯᠭᠡᠭᠦᠷ ᠭᠠᠷᠭᠠᠬᠤ ᠴᠢᠬᠤᠯᠠᠲᠠᠢ | ᠂ ᠪᠣᠷᠣᠯᠠᠭᠤᠯᠤᠭᠰᠠᠨ ᠤ ᠳᠠᠷᠠᠭᠠᠬᠢ ᠦᠢᠯᠡᠴᠢᠯᠡᠭᠡᠨ᠂ ᠰᠡᠯᠪᠢᠨ ᠵᠠᠰᠠᠬᠤ ᠵᠡᠷᠭᠡ ᠲᠤᠬᠠᠶᠢᠯᠠᠭᠰᠠᠨ ᠠᠵᠢᠯ ᠨᠢ | ᠪᠠᠲᠤᠯᠠᠭ᠎ᠠ ᠲᠠᠢ ᠪᠠᠶᠢᠵᠤ᠂ ᠣᠶᠢᠷ᠎ᠠ ᠶᠢᠨ ᠬᠤᠶᠠᠷ ᠵᠢᠯ ᠤᠨ ᠨᠥᠬᠦᠪᠦᠷᠢ ᠥᠭᠬᠦ ᠮᠠᠰᠢᠨ ᠪᠠᠭᠠᠵᠢ ᠶᠢᠨ | ᠪᠣᠷᠤᠯᠠᠭᠤᠯᠭ᠎ᠠ ᠶᠢᠨ ᠡᠬᠡ ᠲᠠᠩᠰᠠ ᠶᠢ ᠪᠠᠶᠢᠴᠠᠭᠠᠨ ᠰᠢᠯᠭᠠᠵᠤ ᠪᠣᠯᠣᠨ᠎ᠠ᠃ ᠨᠥᠬᠦᠪᠦᠷᠢ ᠥᠭᠬᠦ ᠠᠴᠠ ᠡᠮᠦᠨ᠎ᠡ᠂ | ᠦᠢᠯᠡᠳᠪᠦᠷᠢᠯᠡᠯ ᠪᠣᠷᠤᠯᠠᠭᠤᠯᠭ᠎ᠠ ᠶᠢᠨ ᠠᠵᠤ ᠠᠬᠤᠶᠢᠯᠠᠯ ᠨᠢ ᠬᠤᠰᠢᠭᠤᠨ ᠤ ᠲᠠᠷᠢᠶᠠᠯᠠᠩ ᠤᠨ ᠰᠢᠨᠵᠢᠯᠡᠬᠦ ᠤᠬᠠᠭᠠᠨ ᠤ | ᠲᠣᠪᠴᠢᠶ᠎ᠠ ᠶᠢᠨ ᠲᠠᠷᠢᠶᠠᠯᠠᠩ ᠮᠠᠯ ᠠᠵᠤ ᠠᠬᠤᠢ ᠶᠢᠨ ᠮᠡᠷᠭᠡᠵᠢᠯ ᠳᠡᠯᠭᠡᠷᠡᠭᠦᠯᠬᠦ ᠲᠥᠪ ᠲᠤ ᠰᠢᠯᠭᠠᠨ ᠪᠠᠶᠢᠴᠠᠭᠠᠭᠰᠠᠨ | ᠮᠡᠳᠡᠭᠦᠯᠦᠯᠲᠡ᠂ ᠪᠣᠷᠤᠯᠠᠭᠤᠯᠭ᠎ᠠ ᠶᠢᠨ ᠡᠬᠡ ᠲᠠᠩᠰᠠ ᠵᠢᠴᠢ ᠪᠤᠰᠤᠳ ᠬᠠᠮᠢᠶ᠎ᠠ ᠪᠦᠬᠦᠢ ᠭᠡᠷᠡᠴᠢ ᠮᠠᠲ᠋ᠧᠷᠢᠶᠠᠯ | ᠬᠠᠩᠭᠠᠵᠤ ᠳᠠᠩᠰᠠᠯᠠᠭᠤᠯᠤᠨ ᠪᠠᠶᠢᠴᠠᠭᠠᠬᠤ ᠳᠤ ᠪᠡᠯᠡᠳᠬᠡᠨ᠎ᠡ᠃ | ᠭᠤᠷᠪᠠ᠂ ᠨᠥᠬᠦᠪᠦᠷᠢ ᠥᠭᠬᠦ ᠡᠲᠡᠭᠡᠳ ᠪᠠ ᠨᠥᠬᠦᠪᠦᠷᠢ ᠥᠭᠬᠦ ᠪᠠᠷᠢᠮᠵᠢᠶ᠎ᠠ ᠨᠢ ᠶᠠᠭᠤ ᠪᠤᠢ︖ | ︵ᠨᠢᠭᠡ︶ ᠨᠥᠬᠦᠪᠦᠷᠢ ᠣᠯᠭᠤᠬᠤ ᠡᠲᠡᠭᠡᠳ᠃ ᠨᠥᠬᠦᠪᠦᠷᠢ ᠣᠯᠭᠤᠬᠤ ᠡᠲᠡᠭᠡᠳ ᠨᠢ ᠪᠥᠬᠦ ᠬᠤᠰᠢᠭᠤᠨ ᠤ | ᠮᠠᠯ ᠠᠵᠤ ᠠᠬᠤᠢ ᠶᠢᠨ ᠦᠢᠯᠡᠳᠪᠦᠷᠢᠯᠡᠯ ᠡᠷᠭᠢᠯᠡᠵᠦ ᠪᠠᠶᠢᠭ᠎ᠠ ᠬᠤᠪᠢ ᠬᠥᠮᠥᠨ ︵ᠳᠣᠷᠣᠭᠰᠢ ︽ᠮᠠᠰᠢᠨ ᠬᠤᠳᠠᠯᠳᠤᠨ | ᠠᠪᠤᠭᠴᠢ︾ ᠭᠡᠵᠦ ᠲᠣᠪᠴᠢᠯᠠᠨ᠎ᠠ︶ ᠪᠣᠯᠣᠨ᠎ᠠ᠃ ︽ᠤᠷᠢᠳᠠᠪᠠᠷ ᠲᠤᠷᠰᠢᠯᠲᠠ ᠬᠢᠵᠦ᠂ ᠬᠡᠪᠴᠢᠶ᠎ᠡ ᠶᠢ ᠠᠯᠬᠤᠮ | ᠠᠯᠬᠤᠮ ᠢᠶᠠᠷ ᠥᠷᠭᠡᠳᠬᠡᠬᠦ︾ ᠵᠠᠷᠴᠢᠮ ᠶᠣᠰᠣᠭᠠᠷ᠂ 2023 ᠣᠨ ᠤ ᠠᠶᠢᠮᠠᠭ ᠤᠨ ᠱᠠᠲᠤᠨ ᠤ ᠬᠥᠳᠡᠭᠡ | ᠲᠣᠰᠬᠤᠨ ᠢ ᠬᠥᠭᠵᠢᠭᠦᠯᠦᠨ ᠮᠠᠨᠳᠤᠭᠤᠯᠬᠤ ᠵᠢᠱᠢᠶ᠎ᠡ ᠦᠵᠡᠭᠦᠯᠬᠦ ᠭᠠᠴᠠᠭ᠎ᠠ ︵ᠤᠯᠢᠶᠠᠰᠤᠲᠠᠢ ᠪᠠᠯᠭᠠᠰᠤᠨ ᠤ | ᠠᠮᠤᠭᠤᠯᠠᠩᠪᠣᠯᠠᠭ ᠭᠠᠴᠠᠭ᠎ᠠ᠂ ᠡᠵᠢᠨᠠᠭᠤᠷ ᠪᠠᠯᠭᠠᠰᠤ ᠶᠢᠨ ᠰᠠᠶᠢᠬᠤᠰᠤ ᠭᠠᠴᠠᠭ᠎ᠠ᠂ ᠬᠠᠲᠠᠪᠴᠢ ᠪᠠᠯᠭᠠᠰᠤ ᠶᠢᠨ | ᠪᠠᠶᠠᠨᠳᠤᠯᠠᠭᠠᠨ ᠭᠠᠴᠠᠭ᠎ᠠ︶ ᠪᠣᠯᠣᠨ ᠠᠶᠢᠮᠠᠭ ᠤᠨ ᠱᠠᠲᠤᠨ ᠤ ᠬᠥᠮᠥᠰ ᠤᠨ ᠣᠷᠣᠰᠢᠨ ᠰᠠᠭᠤᠬᠤ ᠣᠷᠴᠢᠨ | ᠲᠣᠭᠤᠷᠢᠨ ᠢ ᠴᠡᠭᠴᠡᠯᠡᠨ ᠵᠠᠰᠠᠬᠤ ᠭᠤᠣᠯᠳᠠᠯᠭ᠎ᠠ ᠲᠠᠢ ᠭᠠᠴᠠᠭ᠎ᠠ ︵ᠤᠯᠢᠶᠠᠰᠤᠲᠠᠢ ᠪᠠᠯᠭᠠᠰᠤ ᠶᠢᠨ ᠠᠮᠤᠭᠤᠯᠠᠨᠪᠤᠯᠠᠭ | ᠭᠠᠴᠠᠭ᠎ᠠ᠂ ᠡᠵᠢᠨᠠᠭᠤᠷ ᠪᠠᠯᠭᠠᠰᠤ ᠶᠢᠨ ᠬᠤᠩᠭᠤᠷ ᠭᠠᠴᠠᠭ᠎ᠠ︶ ᠳᠠᠬᠢ ᠮᠠᠯ ᠠᠵᠤ ᠠᠬᠤᠢ ᠶᠢᠨ ᠦᠢᠯᠡᠳᠪᠦᠷᠢᠯᠡᠯ | ᠡᠷᠬᠢᠯᠡᠵᠦ ᠪᠠᠶᠢᠭ᠎ᠠ ᠬᠤᠪᠢ ᠬᠥᠮᠥᠨ᠃ ᠨᠥᠬᠦᠪᠦᠷᠢ ᠲᠠᠢ ᠠᠴᠢᠶᠠᠨ ᠤ ᠮᠠᠰᠢᠨ ᠢ ᠨᠢᠭᠡᠨᠲᠡ ᠡᠳ᠋ᠯᠡᠵᠦ ᠥᠩᠭᠡᠷᠡᠭᠰᠡᠨ | ᠮᠠᠯᠵᠢᠬᠤ ᠡᠷᠦᠬᠡ ᠨᠢ ᠲᠣᠰ ᠵᠢᠯ ᠤᠨ ᠨᠥᠬᠦᠪᠦᠷᠢ ᠲᠠᠢ ᠡᠲᠡᠭᠡᠳ ᠤᠨ ᠬᠡᠪᠴᠢᠶᠡᠨ ᠳᠤ ᠪᠠᠭᠲᠠᠬᠤ ᠦᠭᠡᠢ᠃ | ︵ᠬᠤᠶᠠᠷ︶ ᠨᠥᠬᠦᠪᠦᠷᠢ ᠥᠭᠬᠦ ᠮᠠᠰᠢᠨ ᠤ ᠲᠤᠭ᠎ᠠ᠃ ᠮᠠᠰᠢᠨ ᠬᠤᠳᠠᠯᠳᠤᠨ ᠠᠪᠤᠭᠴᠢ ᠡᠷᠦᠬᠡ ᠪᠦᠷᠢ ᠳᠤ | ᠵᠥᠪᠬᠡᠨ 1 ᠰᠠᠤᠷᠢ ᠨᠥᠬᠦᠪᠦᠷᠢ ᠲᠠᠢ ᠮᠠᠰᠢᠨ ᠬᠤᠳᠠᠯᠳᠤᠨ ᠠᠪᠬᠤ ᠪᠠᠷ ᠬᠢᠵᠠᠭᠠᠷᠯᠠᠨ᠎ᠠ᠃ | ︵ᠭᠤᠷᠪᠠ︶ ᠨᠥᠬᠦᠪᠦᠷᠢ ᠥᠭᠬᠦ ᠪᠠᠷᠢᠮᠵᠢᠶ᠎ᠠ᠃ ︽ᠰᠢᠯᠢ ᠶᠢᠨ ᠭᠤᠣᠯ ᠠᠶᠢᠮᠠᠭ ᠤᠨ ᠴᠢᠨᠠᠷ ᠰᠠᠶᠢᠲᠠᠢ ᠰᠠᠶᠢᠨ | ᠡᠭᠦᠯᠳᠡᠷ ᠤᠨ ᠠᠯᠠᠰᠢᠨ ᠦᠬᠡᠷ ᠤᠨ ᠠᠵᠤ ᠦᠢᠯᠡᠰ ᠤᠨ ᠬᠥᠭᠵᠢᠯᠲᠡ ᠶᠢ ᠲᠡᠳᠬᠦᠬᠦ ᠠᠷᠭ᠎ᠠ ︵2022 ︱ | 2023 ᠣᠨ︶︾ ᠶᠢᠨ ᠶᠣᠰᠣᠭᠠᠷ᠂ ᠭᠠᠭᠴᠠ ᠮᠠᠰᠢᠨ ᠪᠠᠭᠠᠵᠢ ᠶᠢᠨ ᠨᠥᠬᠦᠪᠦᠷᠢ ᠶᠢᠨ ᠬᠠᠷᠢᠴᠠᠯ ᠨᠢ ᠬᠤᠳᠠᠯᠳᠤᠬᠤ | ᠦᠨ᠎ᠡ ᠶᠢᠨ 30% ᠪᠠᠶᠢᠵᠤ᠂ ᠨᠥᠬᠦᠪᠦᠷᠢ ᠶᠢᠨ ᠲᠤᠭ᠎ᠠ ᠶᠢᠨ ᠳᠡᠭᠡᠳᠦ ᠬᠢᠵᠠᠭᠠᠷ ᠨᠢ 1.5 ᠲᠦᠮᠡᠨ ᠲᠥᠭᠦᠷᠢᠭ | ᠪᠣᠯᠣᠨ᠎ᠠ᠃ | ᠳᠥᠷᠪᠡ᠂ ᠨᠥᠬᠦᠪᠦᠷᠢ ᠥᠭᠬᠦ ᠠᠵᠢᠯ ᠤᠨ ᠳᠡᠰ ᠳᠠᠷᠠᠭᠠᠯᠠᠯ ᠪᠠ ᠬᠤᠯᠪᠣᠭᠳᠠᠯ ᠪᠦᠬᠦᠢ ᠵᠦᠢᠯᠡᠰ ᠤᠨ | ᠱᠠᠭᠠᠷᠳᠠᠯᠭ᠎ᠠ ᠨᠢ ᠶᠠᠭᠤ ᠪᠤᠢ︖ | ︵ᠨᠢᠭᠡ︶ ᠪᠡᠯᠡ ᠮᠥᠩᠭᠦ ᠶᠢ ᠵᠠᠳᠠᠯᠬᠤ᠃ 2023 ᠣᠨ ᠳᠤ᠂ ᠠᠶᠢᠮᠠᠭ ᠤᠨ ᠲᠠᠷᠢᠶᠠᠯᠠᠩ ᠮᠠᠯ ᠠᠵᠤ | ᠠᠬᠤᠢ ᠶᠢᠨ ᠲᠣᠪᠴᠢᠶ᠎ᠠ ᠠᠴᠠ ᠠᠶᠢᠮᠠᠭ ᠲᠠᠰ ᠤᠨ ᠠᠷᠭᠠᠯ ᠬᠤᠷᠭᠤᠯ ᠴᠡᠪᠡᠷᠯᠡᠬᠦ ᠵᠢᠵᠢᠭ ᠬᠡᠯᠪᠡᠷᠢ ᠶᠢᠨ ᠠᠴᠢᠶᠠᠯᠠᠬᠤ | ᠮᠠᠰᠢᠨ ᠤ ᠲᠤᠰᠬᠠᠢ ᠵᠦᠢᠯ ᠤᠨ ᠨᠥᠬᠦᠪᠦᠷᠢ ᠶᠢᠨ ᠪᠡᠯᠡ ᠮᠥᠩᠭᠦ ᠶᠢ ᠨᠡᠶᠢᠲᠡ 150 ᠲᠦᠮᠡᠨ ᠲᠥᠭᠦᠷᠢᠭ ᠪᠠᠭᠤᠯᠭᠠᠪᠠ | ᠃ ᠮᠠᠨ ᠤ ᠬᠤᠰᠢᠭᠤ ᠲᠥᠰᠥᠯ ᠨᠡᠶᠢᠲᠡᠯᠡᠭᠰᠡᠨ ᠡᠳᠦᠷ ᠠᠴᠠ ᠡᠬᠢᠯᠡᠨ ᠠᠷᠭᠠᠯ ᠬᠤᠷᠭᠤᠯ ᠴᠡᠪᠡᠷᠯᠡᠬᠦ ᠵᠢᠵᠢᠭ | ᠬᠡᠯᠪᠡᠷᠢ ᠶᠢᠨ ᠠᠴᠢᠶᠠᠨ ᠤ ᠮᠠᠰᠢᠨ ᠬᠤᠳᠠᠯᠳᠤᠨ ᠠᠪᠬᠤ ᠨᠥᠬᠦᠪᠦᠷᠢ ᠶᠢ ᠭᠦᠢᠴᠡᠳᠬᠡᠨ᠎ᠡ᠃ 6 ᠳ᠋ᠤᠭᠠᠷ ᠰᠠᠷ᠎ᠠ ᠶᠢᠨ | 30 ᠤ ᠡᠳᠦᠷ ᠪᠣᠯᠲᠠᠯ᠎ᠠ᠂ ᠲᠤᠷᠰᠢᠯᠲᠠ ᠶᠢᠨ ᠴᠢᠭ᠋ ᠤᠨ ᠭᠠᠴᠠᠭ᠎ᠠ ᠶᠢᠨ ᠮᠠᠰᠢᠨ ᠬᠤᠳᠠᠯᠳᠤᠨ ᠠᠪᠬᠤ ᠳᠤ | ᠦᠯᠡᠳᠡᠪᠦᠷᠢ ᠲᠠᠢ ᠪᠠᠶᠢᠪᠠᠯ᠂ ᠭᠤᠶᠤᠴᠢᠯᠠᠯ ᠤᠨ ᠡᠮᠦᠨ᠎ᠡ ᠬᠤᠶᠢᠨᠠᠬᠢ ᠲᠠᠰ ᠳᠠᠷᠠᠭᠠᠯᠠᠯ ᠢᠶᠠᠷ ᠵᠡᠭᠦᠨ ᠦᠵᠦᠮᠦᠴᠢᠨ | ᠬᠤᠰᠢᠭᠤᠨ ᠤ ᠪᠤᠰᠤᠳ ᠭᠠᠴᠠᠭ᠎ᠠ ᠶᠢᠨ ᠲᠠᠷᠢᠶᠠᠯᠠᠩ ᠮᠠᠯ ᠠᠵᠤ ᠠᠬᠤᠢ ᠶᠢᠨ ᠦᠢᠯᠡᠳᠪᠦᠷᠢᠯᠡᠯ ᠡᠷᠭᠢᠯᠡᠵᠦ ᠪᠠᠶᠢᠭ᠎ᠠ | ᠮᠠᠰᠢᠨ ᠬᠤᠳᠠᠯᠳᠤᠨ ᠠᠪᠤᠭᠴᠢ ᠳᠤ ᠨᠥᠬᠦᠪᠦᠷᠢ ᠣᠯᠭᠤᠬᠤ ᠡᠲᠡᠭᠡᠳ ᠢ ᠥᠷᠭᠡᠳᠬᠡᠵᠦ᠂ ᠨᠥᠬᠦᠪᠦᠷᠢ ᠮᠥᠩᠭᠦ ᠶᠢ | ᠬᠡᠷᠡᠭᠯᠡᠵᠦ ᠪᠠᠷᠠᠮᠠᠭᠴᠠ ᠵᠣᠭᠰᠣᠭᠠᠨ᠎ᠠ᠂ ᠳᠠᠪᠠᠭᠤᠯᠤᠨ ᠦᠭᠴᠦ ᠲᠡᠶᠢᠯᠭᠦ ᠦᠭᠡᠢ᠃ | ︵ᠬᠤᠶᠠᠷ︶ ᠦᠪᠡᠷᠲᠡᠭᠡᠨ ᠮᠠᠰᠢᠨ ᠬᠤᠳᠠᠯᠳᠤᠨ ᠠᠪᠬᠤ᠃ ᠮᠠᠰᠢᠨ ᠬᠤᠳᠠᠯᠳᠤᠨ ᠠᠪᠤᠭᠴᠢ ᠵᠠᠬ᠎ᠠ | ᠳᠡᠯᠭᠡᠭᠦᠷᠴᠢᠯᠡᠬᠦ ᠵᠠᠷᠴᠢᠮ ᠶᠣᠰᠣᠭᠠᠷ᠂ ᠲᠠᠷᠢᠶᠠᠯᠠᠩ ᠤᠨ ᠮᠠᠰᠢᠨ ᠦᠢᠯᠡᠳᠪᠦᠷᠢᠯᠡᠵᠦ ᠪᠣᠷᠣᠯᠠᠭᠤᠯᠬᠤ ᠠᠵᠤ | ᠠᠬᠤᠶᠢᠯᠠᠯ ᠢ ᠦᠪᠡᠷᠲᠡᠭᠡᠨ ᠰᠣᠩᠭᠤᠵᠤ ᠮᠠᠰᠢᠨ ᠬᠤᠳᠠᠯᠳᠤᠨ ᠠᠪᠴᠤ᠂ ᠪᠡᠯᠡᠨ ᠵᠣᠭᠤᠰᠤᠨ ᠤ ᠪᠤᠰᠤ ᠠᠷᠭ᠎ᠠ | ᠮᠠᠶ᠋ᠢᠭ ᠢᠶᠠᠷ ᠮᠠᠰᠢᠨ ᠬᠤᠳᠠᠯᠳᠤᠨ ᠠᠪᠬᠤ ᠵᠣᠭᠤᠰ ᠢᠶᠠᠨ ᠥᠭᠬᠦ ᠶᠢ ᠵᠣᠷᠢᠭᠵᠢᠭᠤᠯᠵᠤ᠂ ᠬᠤᠳᠠᠯᠳᠤᠨ ᠠᠪᠬᠤ | ᠠᠵᠢᠯᠯᠠᠭ᠎ᠠ ᠵᠢᠴᠢ ᠪᠡᠯᠡ ᠮᠥᠩᠭᠦ ᠶᠢᠨ ᠬᠠᠷᠢᠯᠴᠠᠭᠠᠨ ᠤ ᠪᠦᠬᠦ ᠶᠠᠪᠤᠴᠠ ᠳᠤ ᠳᠠᠩᠰᠠ ᠦᠯᠡᠳᠡᠭᠡᠵᠦ ᠪᠠᠶᠢᠴᠠᠭᠠᠬᠤ ᠳᠤ | ᠲᠦᠭᠦᠮ ᠦᠵᠡᠭᠦᠯᠦᠨ᠎ᠡ᠃ ᠮᠠᠰᠢᠨ ᠬᠤᠳᠠᠯᠳᠤᠨ ᠠᠪᠤᠭᠰᠠᠨ ᠤ ᠲᠠᠷᠠᠭ᠎ᠠ᠂ ᠮᠠᠰᠢᠨ ᠬᠤᠳᠠᠯᠳᠤᠨ ᠠᠪᠤᠭᠴᠢ ᠨᠢ | ᠦᠢᠯᠡᠳᠪᠦᠷᠢᠯᠡᠵᠦ ᠪᠣᠷᠣᠯᠠᠭᠤᠯᠬᠤ ᠠᠵᠤ ᠠᠬᠤᠶᠢᠯᠠᠯ ᠠᠴᠠ ᠮᠠᠰᠢᠨ ᠬᠤᠳᠠᠯᠳᠤᠨ ᠠᠪᠤᠭᠰᠠᠨ ᠪᠠᠷᠢᠮᠲᠠ᠂ ᠬᠢᠷᠢ | ᠲᠡᠩᠴᠡᠭᠰᠡᠨ ᠦᠨᠡᠮᠯᠡᠯ᠂ ᠮᠠᠰᠢᠨ ᠪᠠᠭᠠᠵᠢ ᠶᠢᠨ ᠦᠨᠳᠦᠰᠦᠨ ᠮᠡᠳᠡᠭᠡ ᠵᠠᠩᠭᠢ ᠶᠢᠨ ᠬᠠᠭᠤᠳᠠᠰᠤ ᠶᠢ ᠠᠪᠬᠤ ᠬᠡᠷᠡᠭᠲᠡᠢ᠂ | ᠮᠠᠰᠢᠨ ᠪᠠᠭᠠᠵᠢ ᠶᠢᠨ ᠪᠠᠷᠢᠮᠲᠠ ᠶᠢᠨ ᠲᠠᠶᠢᠯᠪᠤᠷᠢ ᠬᠦᠰᠦᠨᠦᠭ ᠲᠤ ᠦᠢᠯᠡᠳᠪᠦᠷᠢᠯᠡᠭᠰᠡᠨ ᠠᠵᠤ ᠠᠬᠤᠶᠢᠯᠠᠯ ᠤᠨ | ᠨᠡᠷᠡᠶᠢᠳᠦᠯ ᠪᠠ ᠦᠢᠯᠡᠳᠪᠦᠷᠢ ᠠᠴᠠ ᠭᠠᠷᠭᠠᠬᠤ ᠳ᠋ᠤᠭᠠᠷ᠂ ᠮᠠᠰᠢᠨ ᠮᠧᠬᠠᠨᠢᠭ ᠤᠨ ᠣᠷᠴᠢᠨ ᠠᠬᠤᠢ ᠶᠢ ᠬᠠᠮᠠᠭᠠᠯᠠᠬᠤ | ᠺᠣᠳ᠋ ᠪᠠ ᠣᠷᠴᠢᠨ ᠠᠬᠤᠢ ᠶᠢ ᠬᠠᠮᠠᠭᠠᠯᠠᠬᠤ ᠮᠡᠳᠡᠭᠡ ᠵᠠᠩᠭᠢ ᠶᠢ ᠢᠯᠡ ᠪᠣᠯᠭᠠᠬᠤ ᠳ᠋ᠤᠭᠠᠷ ᠢ ᠲᠣᠳᠣᠷᠬᠠᠶᠢᠯᠠᠬᠤ | ᠬᠡᠷᠡᠭᠲᠡᠢ᠃ ᠮᠠᠰᠢᠨ ᠬᠤᠳᠠᠯᠳᠤᠨ ᠠᠪᠬᠤ ᠠᠵᠢᠯᠯᠠᠭ᠎ᠠ ᠳᠠᠭᠤᠰᠤᠭᠰᠠᠨ ᠤ ᠲᠠᠷᠠᠭ᠎ᠠ᠂ ᠮᠠᠰᠢᠨ ᠬᠤᠳᠠᠯᠳᠤᠨ ᠠᠪᠤᠭᠴᠢ | ᠦᠪᠡᠷᠲᠡᠭᠡᠨ ᠬᠤᠰᠢᠭᠤ ᠲᠠᠷᠢᠶᠠᠯᠠᠩ ᠮᠠᠯ ᠠᠵᠤ ᠠᠬᠤᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ᠲᠣᠪᠴᠢᠶ᠎ᠠ ᠳᠤ ᠨᠥᠬᠦᠪᠦᠷᠢ ᠮᠥᠩᠭᠦ ᠭᠤᠶᠤᠴᠢᠯᠠᠬᠤ ᠵᠦᠢᠯ ᠢᠶᠠᠨ ᠳᠤᠷᠠᠳᠴᠤ᠂ ᠠᠷᠭᠠᠯ ᠬᠤᠷᠭᠤᠯ ᠶᠢ ᠴᠡᠪᠡᠷᠯᠡᠬᠦ | ᠵᠢᠵᠢᠭ ᠬᠡᠯᠪᠡᠷᠢ ᠶᠢᠨ ᠠᠴᠢᠶᠠᠨ ᠤ ᠮᠠᠰᠢᠨ ᠤ ᠨᠥᠬᠦᠪᠦᠷᠢ ᠮᠥᠩᠭᠦ ᠭᠤᠶᠤᠴᠢᠯᠠᠬᠤ ᠬᠦᠰᠦᠨᠦᠭᠲᠦ ᠳᠤ ᠭᠠᠷ ᠤᠨ | ᠦᠰᠦᠭ ᠵᠢᠷᠤᠵᠤ᠂ ᠬᠤᠯᠪᠣᠭᠳᠠᠯ ᠪᠤᠶᠢᠭᠦᠢ ᠲᠣᠭᠲᠠᠭᠠᠯ ᠶᠣᠰᠣᠭᠠᠷ ᠨᠥᠬᠦᠪᠦᠷᠢ ᠮᠥᠩᠭᠦ ᠭᠤᠶᠤᠴᠢᠯᠠᠨ ᠠᠪᠤᠨ᠎ᠠ᠃ | ᠮᠠᠰᠢᠨ ᠬᠤᠳᠠᠯᠳᠤᠨ ᠠᠪᠤᠭᠴᠢ ᠨᠢ ᠬᠤᠳᠠᠯᠳᠤᠨ ᠠᠪᠬᠤ ᠠᠵᠢᠯᠯᠠᠭ᠎ᠠ᠂ ᠮᠠᠰᠢᠨ ᠬᠤᠳᠠᠯᠳᠤᠨ ᠠᠪᠤᠭᠰᠠᠨ | ᠪᠠᠷᠢᠮᠲᠠ ᠶᠢᠨ ᠦᠨ᠎ᠡ ᠬᠠᠩᠰᠢ ᠵᠢᠴᠢ ᠲᠤᠰᠢᠶᠠᠭᠰᠠᠨ ᠭᠤᠶᠤᠴᠢᠯᠠᠯ ᠤᠨ ᠮᠠᠲ᠋ᠧᠷᠢᠶᠠᠯ ᠤᠨ ᠦᠨᠡᠨ ᠪᠣᠳᠠᠲᠤ ᠴᠢᠨᠠᠷ᠂ | ᠪᠦᠷᠢᠨ ᠪᠦᠲᠦᠨ ᠴᠢᠨᠠᠷ ᠪᠠ ᠪᠦᠲᠦᠮᠵᠢᠲᠦ ᠴᠢᠨᠠᠷ ᠲᠤ ᠬᠠᠷᠢᠭᠤᠴᠠᠬᠤ ᠶᠢᠨ ᠬᠠᠮᠲᠤ ᠵᠣᠬᠢᠴᠠᠩᠭᠤᠢ ᠬᠠᠤᠯᠢ ᠶᠢᠨ | ᠬᠠᠷᠢᠭᠤᠴᠠᠯᠭ᠎ᠠ ᠶᠢ ᠡᠭᠦᠷᠭᠡᠯᠡᠨ᠎ᠡ᠃ | ︵ᠭᠤᠷᠪᠠ︶ ᠨᠥᠬᠦᠪᠦᠷᠢ ᠠᠪᠬᠤ ᠪᠠᠷ ᠭᠤᠶᠤᠴᠢᠯᠠᠬᠤ᠃ ᠮᠠᠰᠢᠨ ᠬᠤᠳᠠᠯᠳᠤᠨ ᠠᠪᠤᠭᠴᠢ ᠲᠣᠰ ᠬᠥᠮᠥᠨ | ᠮᠠᠰᠢᠨ ᠬᠤᠳᠠᠯᠳᠤᠨ ᠠᠪᠤᠭᠰᠠᠨ ᠪᠠᠷᠢᠮᠲᠠ᠂ ᠨᠥᠬᠦᠪᠦᠷᠢ ᠥᠭᠬᠦ ᠮᠠᠰᠢᠨ ᠪᠠᠭᠠᠵᠢ ᠶᠢᠨ ᠦᠨᠳᠦᠰᠦᠨ ᠮᠡᠳᠡᠭᠡ | ᠵᠠᠩᠭᠢ ᠶᠢᠨ ᠬᠠᠭᠤᠳᠠᠰᠤ᠂ ᠬᠥᠮᠥᠨ ᠪᠠ ᠮᠠᠰᠢᠨ ᠤ ᠬᠠᠮᠲᠤ ᠶᠢᠨ ᠬᠡᠷᠡᠯ ᠵᠢᠷᠤᠭ ᠤᠨ ᠡᠯᠧᠺᠲᠷᠣᠨ ᠬᠡᠪᠯᠡᠯ᠂ | ᠮᠠᠯᠴᠢᠳ ᠲᠤ ᠠᠰᠢᠭ ᠬᠦᠷᠲᠡᠭᠡᠬᠦ ︽ᠪᠦᠬᠦᠨ ᠳᠤ ᠲᠣᠬᠢᠷᠠᠬᠤ ᠺᠠᠷᠲ︾ ︵ᠪᠠᠩᠬᠢ ᠶᠢᠨ ᠺᠠᠷᠲ︶ ᠪᠣᠯᠣᠨ ᠪᠡᠶ᠎ᠡ ᠶᠢᠨ | ᠦᠨᠡᠮᠯᠡᠯ᠂ ᠡᠷᠦᠬᠡ ᠠᠮᠠ ᠶᠢᠨ ᠳᠡᠪᠲᠡᠷ᠂ ᠨᠤᠲᠤᠭ ᠪᠡᠯᠴᠢᠭᠡᠷ ᠤᠨ ᠳᠠᠭᠠᠭᠠᠴᠢᠯᠠᠨ ᠡᠵᠡᠩᠨᠡᠬᠦ ᠡᠷᠬᠡ ᠶᠢᠨ | ᠦᠨᠡᠮᠯᠡᠯ ᠤᠨ ᠤᠭ ᠮᠠᠲ᠋ᠧᠷᠢᠶᠠᠯ ᠵᠢᠴᠢ ᠪᠠᠶᠢᠭ᠎ᠠ ᠭᠠᠴᠠᠭ᠎ᠠ ᠨᠡᠶᠢᠲᠡ ᠶᠢᠨ ᠭᠠᠷᠭᠠᠭᠰᠠᠨ ᠭᠡᠷᠡᠴᠢ ᠪᠠᠨ ᠠᠪᠴᠤ᠂ ᠵᠡᠭᠦᠨ | ᠦᠵᠦᠮᠦᠴᠢᠨ ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ᠲᠣᠪᠴᠢᠶ᠎ᠠ ᠶᠢᠨ ᠲᠠᠷᠢᠶᠠᠯᠠᠩ ᠮᠠᠯ ᠠᠵᠤ ᠠᠬᠤᠢ ᠶᠢᠨ ᠮᠡᠷᠭᠡᠵᠢᠯ ᠳᠡᠯᠭᠡᠷᠡᠭᠦᠯᠬᠦ ᠲᠥᠪ ᠲᠤ ᠰᠠᠨᠠᠭᠠᠴᠢᠯᠠᠭ᠎ᠠ ᠠᠴᠠ ᠪᠠᠨ | ᠬᠦᠷᠴᠦ ᠨᠥᠬᠦᠪᠦᠷᠢ ᠮᠥᠩᠭᠦ ᠭᠤᠶᠤᠴᠢᠯᠠᠬᠤ ᠭᠠᠷᠳᠠᠮ ᠢ ᠭᠦᠢᠴᠡᠳᠬᠡᠨ᠎ᠡ︔ | ︵ᠳᠥᠷᠪᠡ︶ ᠢᠯᠡ ᠪᠠᠷ ᠵᠠᠷᠯᠠᠵᠤ ᠭᠥᠯᠢᠶᠡᠨ ᠠᠪᠴᠤ ᠰᠢᠢᠳᠪᠦᠷᠢᠯᠡᠬᠦ᠃ ᠬᠤᠰᠢᠭᠤ ᠲᠠᠷᠢᠶᠠᠯᠠᠩ ᠮᠠᠯ ᠠᠵᠤ | ᠠᠬᠤᠢ ᠶᠢᠨ ᠮᠡᠷᠭᠡᠵᠢᠯ ᠤᠨ ᠳᠡᠯᠭᠡᠷᠡᠭᠦᠯᠦᠯᠲᠡ ᠶᠢᠨ ᠲᠥᠪ ᠨᠢ ︽ᠢᠯᠡ᠂ ᠲᠥᠪ ᠭᠤᠣᠯᠴᠢ᠂ ᠡᠷᠬᠡ ᠲᠡᠭᠰᠢ︾ | ᠵᠠᠷᠴᠢᠮ ᠤᠨ ᠶᠣᠰᠣᠭᠠᠷ᠂ ᠮᠠᠰᠢᠨ ᠬᠤᠳᠠᠯᠳᠤᠨ ᠠᠪᠤᠭᠴᠢ ᠶᠢᠨ ᠲᠤᠬᠠᠢ ᠶᠢᠨ ᠲᠠᠯᠠᠪᠤᠷ ᠤᠨ ᠭᠤᠶᠤᠴᠢᠯᠠᠯ ᠤᠨ | ᠡᠮᠦᠨ᠎ᠡ ᠬᠤᠶᠢᠨᠠᠬᠢ ᠳᠠᠷᠠᠭᠠᠯᠠᠯ ᠢᠶᠠᠷ ᠭᠥᠯᠢᠶᠡᠨ ᠠᠪᠴᠤ᠂ ᠪᠠᠷᠢᠮᠲᠠ᠂ ᠬᠢᠷᠢ ᠲᠡᠩᠴᠡᠭᠰᠡᠨ ᠦᠨᠡᠮᠯᠡᠯ᠂ ᠮᠠᠰᠢᠨ | ᠪᠠᠭᠠᠵᠢ ᠶᠢᠨ ᠦᠨᠳᠦᠰᠦᠨ ᠮᠡᠳᠡᠭᠡ ᠵᠠᠩᠭᠢ ᠶᠢᠨ ᠬᠠᠭᠤᠳᠠᠰᠤ᠂ ᠬᠥᠮᠥᠨ ᠪᠠ ᠮᠠᠰᠢᠨ ᠤ ᠬᠠᠮᠲᠤ ᠶᠢᠨ ᠰᠡᠭᠦᠳᠡᠷ ᠤᠨ | ᠮᠡᠳᠡᠭᠡ ᠵᠠᠩᠭᠢ ᠵᠡᠷᠭᠡ ᠨᠥᠬᠦᠪᠦᠷᠢ ᠶᠢᠨ ᠬᠠᠮᠢᠶ᠎ᠠ ᠪᠦᠬᠦᠢ ᠭᠤᠶᠤᠴᠢᠯᠠᠯ ᠤᠨ ᠮᠠᠲ᠋ᠧᠷᠢᠶᠠᠯ ᠢ ᠬᠢᠨᠠᠨ ᠬᠠᠷᠭᠤᠭᠤᠯᠵᠤ᠂ | ᠠᠯᠳᠠᠭ᠎ᠠ ᠦᠭᠡᠢ ᠭᠡᠵᠦ ᠲᠣᠭᠲᠠᠭᠠᠭᠰᠠᠨ ᠤ ᠳᠠᠷᠠᠭ᠎ᠠ ᠨᠥᠬᠦᠪᠦᠷᠢ ᠶᠢᠨ ᠮᠡᠳᠡᠭᠡ ᠵᠠᠩᠭᠢ ᠶᠢ ᠪᠢᠴᠢᠵᠦ ᠣᠷᠣᠭᠤᠯᠤᠨ᠂ | ᠠᠷᠭᠠᠯ ᠬᠤᠷᠭᠤᠯ ᠴᠡᠪᠡᠷᠯᠡᠬᠦ ᠵᠢᠵᠢᠭ ᠬᠡᠯᠪᠡᠷᠢ ᠶᠢᠨ ᠠᠴᠢᠶᠠᠨ ᠤ ᠮᠠᠰᠢᠨ ᠤ ᠨᠥᠬᠦᠪᠦᠷᠢ ᠮᠥᠩᠭᠦ ᠶᠢᠨ | ᠭᠤᠶᠤᠴᠢᠯᠠᠯ ᠤᠨ ᠬᠦᠰᠦᠨᠦᠭᠲᠦ ᠶᠢ ᠬᠢᠨᠠᠨ ᠭᠠᠷ ᠤᠨ ᠥᠰᠥᠭ ᠵᠢᠷᠤᠵᠤ᠂ ᠨᠢᠭᠡ ᠬᠡᠯᠪᠡᠷᠢ ᠳᠥᠷᠪᠡᠨ ᠬᠤᠪᠢ᠂ | ᠬᠤᠰᠢᠭᠤ ᠮᠠᠯ ᠠᠵᠤ ᠠᠬᠤᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠣᠪᠴᠢᠶ᠎ᠠ᠂ ᠡᠳ᠋ ᠤᠨ ᠵᠠᠰᠠᠭ ᠤᠨ | ᠲᠣᠪᠴᠢᠶ᠎ᠠ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ᠪᠠ ᠮᠠᠰᠢᠨ ᠬᠤᠳᠠᠯᠳᠤᠨ ᠠᠪᠤᠭᠴᠢ | ᠲᠣᠰ ᠪᠦᠷᠢ ᠨᠢᠭᠡ ᠬᠤᠪᠢ ᠠᠪᠴᠤ ᠲᠠᠩᠰᠠ ᠡᠪᠬᠡᠮᠡᠯ ᠳᠤ ᠣᠷᠣᠭᠤᠯᠤᠨ᠎ᠠ᠃ | ᠬᠤᠰᠢᠭᠤ ᠲᠠᠷᠢᠶᠠᠯᠠᠩ ᠮᠠᠯ ᠠᠵᠤ ᠠᠬᠤᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠣᠪᠴᠢᠶ᠎ᠠ ᠨᠢ | ᠨᠥᠬᠦᠪᠦᠷᠢ ᠥᠭᠬᠦ ᠮᠠᠰᠢᠨ ᠪᠠᠭᠠᠵᠢ ᠵᠢᠴᠢ ᠮᠠᠰᠢᠨ ᠬᠤᠳᠠᠯᠳᠤᠨ ᠠᠪᠬᠤ ᠮᠠᠲ᠋ᠧᠷᠢᠶᠠᠯ ᠢ ᠬᠢᠨᠠᠨ ᠬᠠᠷᠭᠤᠭᠤᠯᠵᠤ ᠬᠢᠨᠠᠨ | ᠪᠠᠶᠢᠴᠠᠭᠠᠭᠰᠠᠨ ᠤ ᠳᠠᠷᠠᠭ᠎ᠠ᠂ ᠲᠠᠷᠢᠶᠠᠯᠠᠩ ᠤᠨ ᠮᠠᠰᠢᠨ ᠬᠤᠳᠠᠯᠳᠤᠨ ᠠᠪᠬᠤ ᠨᠥᠬᠦᠪᠦᠷᠢ ᠶᠢᠨ ᠮᠡᠳᠡᠭᠡ ᠵᠠᠩᠭᠢ ᠶᠢ | ᠨᠡᠶᠢᠲᠡᠯᠡᠬᠦ ᠲᠤᠰᠬᠠᠢ ᠪᠤᠯᠤᠩ ᠳᠤ ᠨᠥᠬᠦᠪᠦᠷᠢ ᠭᠤᠶᠤᠴᠢᠯᠠᠬᠤ ᠮᠡᠳᠡᠭᠡ ᠵᠠᠩᠭᠢ ᠶᠢ ᠨᠡᠶᠢᠲᠡᠯᠡᠨ᠎ᠡ᠂ ᠵᠠᠷᠯᠠᠨ ᠨᠡᠶᠢᠲᠡᠯᠡᠬᠦ | ᠴᠠᠭ ᠨᠢ 5 ᠠᠵᠢᠯᠯᠠᠬᠤ ᠡᠳᠦᠷ ᠪᠠᠶᠢᠵᠤ᠂ ᠣᠨᠳᠣᠣ ᠰᠠᠨᠠᠯ ᠦᠭᠡᠢ ᠪᠣᠯ ᠬᠦᠴᠦᠨ ᠲᠠᠢ ᠪᠣᠯᠣᠨ᠎ᠠ᠃ ᠬᠡᠷᠪᠡ ᠣᠨᠳᠣᠣ | ᠰᠠᠨᠠᠯ ᠲᠠᠢ ᠪᠠᠶᠢᠵᠤ᠂ ᠠᠰᠠᠭᠤᠳᠠᠯ ᠲᠠᠢ ᠪᠠᠶᠢᠬᠤ ᠶᠢ ᠪᠠᠶᠢᠴᠠᠭᠠᠨ ᠲᠣᠳᠤᠯᠠᠵᠤ ᠨᠥᠬᠦᠪᠦᠷᠢ ᠥᠭᠬᠦ ᠬᠢᠷᠢ ᠬᠡᠮ ᠢ ᠨᠢ | ᠬᠠᠰᠤᠬᠤ ᠶᠢᠨ ᠬᠠᠮᠲᠤ ᠮᠠᠰᠢᠨ ᠬᠤᠳᠠᠯᠳᠤᠨ ᠠᠪᠤᠭᠴᠢ ᠳᠤ ᠴᠠᠭ ᠲᠤᠬᠠᠢ ᠳᠤᠨᠢ ᠮᠡᠳᠡᠭᠳᠡᠭᠰᠡᠨ ᠤ ᠲᠠᠷᠠᠭ᠎ᠠ | ᠭᠤᠶᠤᠴᠢᠯᠠᠯ ᠢ ᠨᠢ ᠪᠤᠴᠠᠭᠠᠨ᠎ᠠ᠃ | ︵ᠲᠠᠪᠤ︶ ᠪᠡᠯᠡ ᠮᠥᠩᠭᠦ ᠶᠢ ᠥᠭᠬᠦ᠃ ᠮᠠᠰᠢᠨ ᠬᠤᠳᠠᠯᠳᠤᠨ ᠠᠪᠤᠭᠴᠢ ᠶᠢᠨ ᠨᠥᠬᠦᠪᠦᠷᠢ ᠠᠪᠬᠤ ᠪᠠᠷ | ᠭᠤᠶᠤᠴᠢᠯᠠᠭᠰᠠᠨ ᠡᠮᠦᠨ᠎ᠡ ᠬᠤᠶᠢᠨᠠᠬᠢ ᠲᠡᠰ ᠳᠠᠷᠠᠭᠠᠯᠠᠯ ᠤᠨ ᠶᠣᠰᠣᠭᠠᠷ᠂ ᠨᠥᠬᠦᠪᠦᠷᠢ ᠪᠡᠯᠡ ᠮᠥᠩᠭᠦ ᠶᠢ ᠲᠡᠰ | ᠳᠠᠷᠠᠭᠠᠯᠠᠨ ᠥᠭᠭᠦᠨ᠎ᠡ᠂ ᠲᠤᠰ ᠵᠢᠯ ᠳᠡᠭᠡᠨ ᠣᠯᠭᠤᠵᠤ ᠪᠠᠷᠠᠮᠠᠭᠴᠠ ᠨᠦᠬᠦᠪᠦᠷᠢ ᠥᠭᠬᠦ ᠶᠢ ᠵᠣᠭᠰᠣᠭᠠᠨ᠎ᠠ᠂ | ᠳᠠᠪᠠᠭᠤᠯᠤᠨ ᠣᠯᠭᠤᠵᠤ ᠪᠣᠯᠬᠤ ᠦᠭᠡᠢ᠃ ᠬᠤᠰᠢᠭᠤ ᠡᠳ᠋ ᠤᠨ ᠵᠠᠰᠠᠭ ᠤᠨ ᠲᠣᠪᠴᠢᠶ᠎ᠠ ᠨᠢ ᠲᠠᠷᠢᠶᠠᠯᠠᠩ ᠮᠠᠯ ᠠᠵᠤ | ᠠᠬᠤᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠣᠪᠴᠢᠶ᠎ᠠ ᠶᠢᠨ ᠲᠤᠰᠢᠶᠠᠭᠰᠠᠨ ᠪᠡᠯᠡ ᠮᠥᠩᠭᠦ ᠥᠭᠬᠦ | ᠭᠤᠶᠤᠴᠢᠯᠠᠯ ᠵᠢᠴᠢ ᠬᠠᠮᠢᠶ᠎ᠠ ᠪᠦᠬᠦᠢ ᠮᠠᠲ᠋ᠧᠷᠢᠶᠠᠯ ᠢ ᠬᠢᠨᠠᠨ ᠬᠠᠷᠭᠤᠭᠤᠯᠤᠭᠠᠳ ᠠᠯᠳᠠᠭ᠎ᠠ ᠦᠭᠡᠢ ᠪᠣᠯ᠂ ᠬᠠᠮᠢᠶ᠎ᠠ | ᠪᠦᠬᠦᠢ ᠲᠣᠭᠲᠠᠭᠠᠯ ᠶᠣᠰᠣᠭᠠᠷ ᠱᠠᠭᠠᠷᠳᠠᠯᠭ᠎ᠠ ᠳᠤ ᠨᠡᠶᠢᠴᠡᠭᠰᠡᠨ ᠮᠠᠰᠢᠨ ᠬᠤᠳᠠᠯᠳᠤᠨ ᠠᠪᠤᠭᠴᠢ ᠳᠤ ᠨᠥᠬᠦᠪᠦᠷᠢ | ᠮᠥᠩᠭᠦ ᠶᠢ ᠨᠢᠭᠡ ᠤᠳᠠᠭ᠎ᠠ ᠶᠢᠨ ᠴᠢᠨᠠᠷᠲᠠᠢ ᠪᠠᠷ ᠥᠭᠴᠦ᠂ ᠱᠠᠭᠠᠷᠳᠠᠯᠭ᠎ᠠ ᠳᠤ ᠨᠡᠶᠢᠴᠡᠭᠰᠡᠨ ᠮᠠᠰᠢᠨ ᠬᠤᠳᠠᠯᠳᠤᠨ | ᠠᠪᠤᠭᠴᠢ ᠶᠢᠨ ᠮᠠᠯᠴᠢᠳ ᠲᠤ ᠠᠰᠢᠭ ᠬᠦᠷᠲᠡᠭᠡᠬᠦ ︽ ᠨᠢᠭᠡ ᠺᠠᠷᠲ ᠢᠶᠠᠷ ᠭᠦᠢᠴᠡᠳᠭᠡᠬᠦ︾ ︵ᠪᠠᠩᠬᠢ ᠶᠢᠨ ᠺᠠᠷᠲ︶ | ᠲᠠᠩᠰᠠᠨ ᠡᠷᠦᠬᠡ ᠳᠤ ᠰᠢᠯᠵᠢᠭᠦᠯᠦᠨ ᠥᠭᠭᠦᠨ᠎ᠡ᠃11 ᠰᠠᠷ᠎ᠠ ᠶᠢᠨ 30 ᠤ ᠡᠳᠦᠷ ᠠᠴᠠ ᠡᠮᠦᠨ᠎ᠡ᠂ ᠲᠣᠰ ᠵᠢᠯ ᠤᠨ | ᠨᠥᠬᠦᠪᠦᠷᠢ ᠶᠢᠨ ᠪᠡᠯᠡ ᠮᠥᠩᠭᠦ ᠶᠢᠨ ᠵᠠᠷᠤᠯᠭ᠎ᠠ ᠶᠢᠨ ᠭᠠᠷᠳᠠᠮ ᠢ ᠬᠦᠢᠴᠡᠳᠭᠡᠨ᠎ᠡ᠃ | ᠲᠠᠪᠤ᠂ ᠬᠠᠮᠢᠶᠠᠷᠤᠯᠲᠠ ᠶᠢ ᠬᠡᠷᠬᠢᠨ ᠵᠢᠷᠤᠮᠵᠢᠭᠤᠯᠵᠤ᠂ ᠭᠠᠷᠳᠠᠨ ᠬᠢᠬᠦ ᠦᠢᠯᠡᠴᠢᠯᠡᠭᠡᠨ ᠤ ᠬᠢᠷᠢ ᠲᠦᠪᠰᠢᠨ ᠢ | ᠬᠡᠷᠬᠢᠨ ᠳᠡᠭᠡᠭᠰᠢᠯᠡᠭᠦᠯᠬᠦ ᠪᠤᠢ︖ | ︵ᠨᠢᠭᠡ︶ ᠵᠣᠬᠢᠶᠠᠨ ᠪᠠᠶᠢᠭᠤᠯᠤᠯᠲᠠ ᠶᠢᠨ ᠠᠬᠢᠭᠤᠯᠤᠯᠲᠠ ᠶᠢ ᠴᠢᠩᠭᠠᠳᠬᠠᠬᠤ ᠬᠡᠷᠡᠭᠲᠡᠢ᠃ ᠬᠤᠰᠢᠭᠤ | ᠲᠠᠷᠢᠶᠠᠯᠠᠩ ᠮᠠᠯ ᠠᠵᠤ ᠠᠬᠤᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠣᠪᠴᠢᠶ᠎ᠠ᠂ ᠡᠳ᠋ ᠤᠨ ᠵᠠᠰᠠᠭ ᠤᠨ | ᠲᠣᠪᠴᠢᠶ᠎ᠠ ᠨᠢ ᠠᠵᠢᠯ ᠤᠨ ᠰᠠᠬᠢᠯᠭ᠎ᠠ ᠪᠠᠲᠤ ᠶᠢ ᠴᠢᠩᠭ᠎ᠠ ᠰᠠᠬᠢᠵᠤ᠂ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢ | ᠴᠢᠩᠭᠠᠳᠬᠠᠨ᠂ ᠲᠠᠷᠢᠶᠠᠯᠠᠩ ᠤᠨ ᠮᠠᠰᠢᠨ ᠬᠤᠳᠠᠯᠳᠤᠨ ᠠᠪᠬᠤ ᠪᠠ ᠬᠡᠷᠡᠭᠯᠡᠬᠦ ᠳᠤ ᠨᠥᠬᠦᠪᠦᠷᠢ ᠥᠭᠬᠦ ᠲᠥᠷᠥ ᠶᠢᠨ | ᠪᠣᠳᠣᠯᠭ᠎ᠠ ᠶᠢᠨ ᠱᠠᠭᠠᠷᠳᠠᠯᠭ᠎ᠠ ᠶᠣᠰᠣᠭᠠᠷ᠂ ᠡᠭᠦᠷᠭᠡ ᠬᠠᠷᠢᠭᠤᠴᠠᠯᠭ᠎ᠠ ᠪᠠᠨ ᠢᠯᠡ᠂ ᠡᠷᠬᠡ ᠲᠡᠭᠰᠢ᠂ ᠲᠥᠪ | ᠭᠤᠥᠯᠴᠢ ᠪᠠᠷ ᠭᠦᠢᠴᠡᠳᠬᠡᠵᠦ᠂ ᠲᠥᠷᠥ ᠶᠢᠨ ᠪᠣᠳᠣᠯᠭ᠎ᠠ ᠶᠢᠨ ᠬᠡᠷᠡᠭᠵᠢᠭᠦᠯᠦᠯᠲᠡ ᠶᠢ ᠵᠢᠱᠢᠭᠰᠡᠨ ᠦᠷ᠎ᠡ ᠳ᠋ᠦᠩ ᠳᠤ | ᠬᠦᠷᠦᠭᠦᠯᠬᠦ ᠶᠢ ᠪᠠᠲᠤᠯᠠᠬᠤ ᠬᠡᠷᠡᠭᠲᠡᠢ᠃ ᠬᠤᠰᠢᠭᠤ ᠲᠠᠷᠢᠶᠠᠯᠠᠩ ᠮᠠᠯ ᠠᠵᠤ ᠠᠬᠤᠢ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠲᠣᠪᠴᠢᠶ᠎ᠠ ᠨᠢ ᠵᠣᠬᠢᠶᠠᠨ ᠪᠠᠶᠢᠭᠤᠯᠤᠨ ᠬᠡᠷᠡᠭᠵᠢᠭᠦᠯᠬᠦ᠂ ᠬᠢᠨᠠᠨ ᠬᠠᠷᠭᠤᠭᠤᠯᠬᠤ ᠪᠠ ᠬᠢᠨᠠᠨ ᠬᠠᠮᠢᠶᠠᠷᠬᠤ | ᠬᠠᠷᠢᠭᠤᠴᠠᠯᠭ᠎ᠠ ᠶᠢ ᠡᠭᠦᠷᠭᠡᠯᠡᠵᠦ᠂ ᠡᠳ᠋ ᠤᠨ ᠵᠠᠰᠠᠭ᠂ ᠬᠢᠨᠠᠨ ᠪᠤᠳᠤᠬᠤ ᠰᠠᠯᠠᠭ᠎ᠠ ᠮᠥᠴᠢᠷ ᠨᠢ ᠪᠡᠯᠡ ᠮᠥᠩᠭᠦ ᠥᠭᠬᠦ᠂ | ᠪᠡᠯᠡ ᠮᠥᠩᠭᠦ ᠶᠢ ᠬᠢᠨᠠᠨ ᠬᠠᠮᠢᠶᠠᠷᠬᠤ ᠬᠠᠷᠢᠭᠤᠴᠠᠯᠭ᠎ᠠ ᠶᠢ ᠡᠭᠦᠷᠭᠡᠯᠡᠵᠦ᠂ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠲᠣᠪᠴᠢᠶ᠎ᠠ ᠨᠢ ᠪᠡᠯᠡ ᠮᠥᠩᠭᠦ ᠶᠢᠨ ᠬᠤᠪᠢᠶᠠᠷᠢᠯᠠᠯᠲᠠ ᠵᠢᠴᠢ ᠠᠵᠢᠯ ᠤᠨ ᠦᠷ᠎ᠡ ᠪᠦᠲᠦᠮᠵᠢ ᠶᠢ ᠬᠢᠨᠠᠨ | ᠰᠢᠯᠭᠠᠬᠤ ᠬᠠᠷᠢᠭᠤᠴᠠᠯᠭ᠎ᠠ ᠶᠢ ᠡᠭᠦᠷᠭᠡᠯᠡᠬᠦ ᠬᠡᠷᠡᠭᠲᠡᠢ᠃ | ︵ᠬᠤᠶᠠᠷ︶ ᠡᠵᠡᠩᠨᠡᠯᠲᠡ ᠶᠢᠨ ᠠᠵᠢᠯᠯᠠᠭ᠎ᠠ ᠶᠢ ᠴᠢᠩᠭᠠᠳᠬᠠᠬᠤ ᠬᠡᠷᠡᠭᠲᠡᠢ᠃ ᠨᠥᠬᠦᠪᠦᠷᠢ ᠥᠭᠬᠦ | ᠦᠢᠯᠡᠳᠬᠦᠨ ᠢ ᠳᠠᠮᠵᠢᠭᠤᠯᠤᠨ ᠪᠣᠷᠣᠯᠠᠭᠤᠯᠬᠤ ᠠᠵᠤ ᠠᠬᠤᠶᠢᠯᠠᠯ ᠪᠦᠬᠦᠨ ᠨᠢ ᠮᠠᠰᠢᠨ ᠬᠤᠳᠠᠯᠳᠤᠨ ᠠᠪᠤᠭᠴᠢᠳ ᠤᠨ | ᠠᠵᠢᠯᠯᠠᠭᠤᠯᠵᠤ ᠬᠡᠷᠡᠭᠯᠡᠬᠦ ᠪᠣᠯᠪᠠᠰᠤᠷᠠᠭᠤᠯᠤᠯ ᠬᠢᠭᠡᠳ ᠪᠣᠷᠣᠯᠠᠭᠤᠯᠤᠭᠰᠠᠨ ᠤ ᠳᠠᠷᠠᠭᠠᠬᠢ ᠦᠢᠯᠡᠴᠢᠯᠡᠭᠡᠨ ᠵᠡᠷᠭᠡ | ᠡᠭᠦᠷᠭᠡ ᠬᠠᠷᠢᠭᠤᠴᠠᠯᠭ᠎ᠠ ᠶᠢ ᠡᠭᠦᠷᠭᠡᠯᠡᠵᠦ᠂ ᠦᠨᠡᠨᠴᠢ ᠢᠲᠡᠭᠡᠮᠵᠢᠲᠡᠢ ᠪᠠᠷ ᠡᠵᠡᠩᠨᠡᠬᠦ᠂ ᠵᠢᠷᠤᠮᠵᠢᠯ ᠲᠠᠢ ᠠᠵᠢᠯᠯᠠᠬᠤ ᠶᠢ | ᠭᠦᠢᠴᠡᠳᠬᠡᠬᠦ ᠬᠡᠷᠡᠭᠲᠡᠢ᠃ ᠭᠠᠷᠭᠠᠵᠤ ᠥᠭᠭᠦᠭᠰᠡᠨ ᠰᠢᠯᠭᠠᠨ ᠪᠠᠶᠢᠴᠠᠭᠠᠭᠰᠠᠨ ᠮᠡᠳᠡᠭᠦᠯᠦᠯᠲᠡ᠂ ᠬᠢᠷᠢ ᠲᠡᠩᠴᠡᠭᠰᠡᠨ | ᠭᠡᠷᠡᠴᠢ᠂ ᠮᠠᠰᠢᠨ ᠪᠠᠭᠠᠵᠢ ᠶᠢᠨ ᠦᠨᠳᠦᠰᠦᠨ ᠮᠡᠳᠡᠭᠡ ᠵᠠᠩᠭᠢ ᠶᠢᠨ ᠬᠠᠭᠤᠳᠠᠰᠤ᠂ ᠪᠠᠷᠢᠮᠲᠠ ᠶᠢᠨ ᠵᠣᠭᠤᠰ ᠤᠨ | ᠲᠤᠭ᠎ᠠ ᠵᠡᠷᠭᠡ ᠮᠠᠲ᠋ᠧᠷᠢᠶᠠᠯ ᠤᠨ ᠦᠨᠡᠨ ᠪᠣᠳᠠᠲᠤ ᠴᠢᠨᠠᠷ ᠲᠤ ᠵᠣᠬᠢᠴᠠᠩᠭᠤᠢ ᠬᠠᠷᠢᠭᠤᠴᠠᠯᠭ᠎ᠠ ᠡᠭᠦᠷᠭᠡᠯᠡᠵᠦ᠂ | ᠡᠭᠦᠨ ᠠᠴᠠ ᠪᠣᠯᠤᠭᠰᠠᠨ ᠵᠢᠭᠤᠷᠠᠯᠳᠤᠭᠠᠨ ᠪᠠ ᠠᠵᠤ ᠠᠬᠤᠢ ᠶᠢᠨ ᠬᠤᠬᠢᠷᠠᠯ ᠢ ᠲᠣᠭᠲᠠᠭᠠᠯ ᠠᠴᠠ ᠵᠥᠷᠢᠴᠡᠨ | ᠦᠢᠯᠡᠳᠪᠦᠷᠢᠯᠡᠵᠦ ᠡᠵᠡᠩᠨᠡᠨ ᠪᠣᠷᠣᠯᠠᠭᠤᠯᠬᠤ ᠠᠵᠤ ᠠᠬᠤᠶᠢᠯᠠᠯ ᠥᠪᠡᠰᠦᠪᠡᠨ ᠡᠭᠦᠷᠭᠡᠯᠡᠬᠦ ᠬᠡᠷᠡᠭᠲᠡᠢ᠃ | ︵ᠭᠤᠷᠪᠠ︶ ᠬᠢᠨᠠᠯᠲᠠ ᠬᠠᠮᠢᠶᠠᠷᠤᠯᠲᠠ ᠶᠢ ᠴᠢᠩᠭᠠᠷᠠᠭᠤᠯᠬᠤ ᠬᠡᠷᠡᠭᠲᠡᠢ᠃ ᠬᠤᠰᠢᠭᠤ ᠲᠠᠷᠢᠶᠠᠯᠠᠩ ᠮᠠᠯ ᠠᠵᠤ | ᠠᠬᠤᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ ᠵᠡᠷᠭᠡ ᠰᠠᠯᠠᠭ᠎ᠠ | ᠮᠥᠴᠢᠷ ᠨᠢ ᠠᠷᠭᠠᠯ ᠬᠤᠷᠭᠤᠯ ᠴᠡᠪᠡᠷᠯᠡᠬᠦ ᠵᠢᠵᠢᠭ ᠬᠡᠯᠪᠡᠷᠢ ᠶᠢᠨ ᠠᠴᠢᠶᠠᠯᠠᠬᠤ ᠮᠠᠰᠢᠨ ᠢ ᠠᠶᠢᠮᠠᠭ ᠤᠨ ᠲᠠᠰ ᠤᠨ | ᠭᠤᠣᠯᠳᠠᠯᠭ᠎ᠠ ᠲᠠᠢ ᠬᠢᠨᠠᠨ ᠪᠠᠶᠢᠴᠠᠭᠠᠬᠤ ᠮᠠᠰᠢᠨ ᠪᠠᠭᠠᠵᠢ ᠪᠣᠯᠭᠠᠵᠤ ᠲᠣᠭᠲᠠᠮᠠᠯ ᠪᠤᠰᠤ ᠬᠤᠭᠤᠴᠠᠭ᠎ᠠ ᠲᠠᠢ ᠪᠠᠷ | ᠰᠤᠭᠤᠴᠢᠨ ᠪᠠᠶᠢᠴᠠᠭᠠᠬᠤ ᠬᠡᠷᠡᠭᠲᠡᠢ︔ ᠡᠯ᠎ᠡ ᠰᠤᠮᠤᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ | ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠬᠠᠷᠢᠭᠤᠴᠠᠯᠭ᠎ᠠ ᠪᠠ ᠬᠡᠪ ᠤᠨ ᠪᠤᠰᠤ ᠪᠠᠶᠢᠳᠠᠯ ᠢ ᠰᠠᠨᠠᠭᠠᠴᠢᠯᠠᠭ᠎ᠠ ᠠᠴᠠ ᠪᠠᠨ | ᠮᠡᠳᠡᠭᠦᠯᠬᠦ ᠳᠦᠷᠢᠮ ᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠭᠠᠷᠴᠤ ᠮᠡᠳᠡᠬᠦ ᠠᠶᠤᠯᠭᠦᠢ ᠦᠢᠯᠡᠳᠪᠦᠷᠢᠯᠡᠯ ᠤᠨ | ᠲᠦᠭᠰᠢᠭᠦᠷᠢ ᠶᠢ ᠪᠠᠶᠢᠴᠠᠭᠠᠵᠤ᠂ ᠬᠢᠨᠠᠯᠲᠠ ᠲᠠᠯᠪᠢᠵᠤ᠂ ᠮᠠᠰᠢᠨ ᠪᠠᠭᠠᠵᠢ ᠶᠢ ᠬᠠᠷᠭᠤᠭᠤᠯᠤᠨ ᠪᠠᠶᠢᠴᠠᠭᠠᠬᠤ ᠠᠵᠢᠯ ᠤᠨ | ᠡᠷᠴᠢᠮ ᠢᠶᠠᠨ ᠴᠢᠩᠭᠠᠳᠬᠠᠨ᠂ ᠢᠲᠡᠭᠡᠮᠵᠢ ᠶᠢᠨ ᠬᠠᠮᠢᠶᠠᠷᠤᠯᠲᠠ ᠪᠠ ᠲᠠᠷᠢᠶᠠᠯᠠᠩ ᠤᠨ ᠮᠠᠰᠢᠨ ᠪᠣᠷᠣᠯᠠᠭᠤᠯᠬᠤ ᠠᠵᠤ | ᠠᠬᠤᠶᠢᠯᠠᠯ ᠤᠨ ᠠᠮᠠᠯᠠᠯᠲᠠ ᠶᠢᠨ ᠳᠦᠷᠢᠮ ᠢ ᠴᠢᠩᠭᠠᠳᠬᠠᠵᠤ᠂ ᠲᠣᠭᠲᠠᠭᠠᠯ ᠠᠴᠠ ᠵᠥᠷᠢᠴᠡᠭᠰᠡᠨ ᠲᠣᠪᠣᠶᠢᠮ᠎ᠠ ᠦᠶᠯᠡ | ᠠᠵᠢᠯᠯᠠᠭ᠎ᠠ ᠶᠢ ᠴᠢᠩᠭ᠎ᠠ ᠴᠡᠭᠴᠡᠯᠡᠨ ᠵᠠᠰᠠᠵᠤ᠂ ᠲᠥᠷᠥ ᠶᠢᠨ ᠪᠣᠳᠣᠯᠭ᠎ᠠ ᠶᠢᠨ ᠬᠡᠷᠡᠭᠵᠢᠭᠦᠯᠦᠯᠲᠡ ᠶᠢᠨ ᠰᠠᠶᠢᠨ | ᠰᠠᠶᠢᠬᠠᠨ ᠡᠮᠬᠢ ᠵᠢᠷᠤᠮ ᠢ ᠪᠦᠲᠦᠮᠵᠢᠲᠡᠶ ᠬᠠᠮᠠᠭᠠᠯᠠᠬᠤ ᠬᠡᠷᠡᠭᠲᠡᠢ᠃ ᠨᠥᠬᠦᠪᠦᠷᠢ ᠣᠯᠭᠤᠬᠤ ᠠᠷᠭᠠᠯ ᠬᠤᠷᠭᠤᠯ | ᠴᠡᠪᠡᠷᠯᠡᠬᠦ ᠠᠴᠢᠶᠠᠯᠠᠬᠤ ᠮᠠᠰᠢᠨ ᠢ ᠰᠠᠷᠢᠭᠠᠯᠠᠨ ᠬᠤᠳᠠᠯᠳᠤᠭᠠᠯᠠᠬᠤ᠂ ᠨᠥᠬᠦᠪᠦᠷᠢ ᠶᠢ ᠤᠬᠠᠭᠠᠯᠠᠨ ᠠᠪᠬᠤ ᠶᠢ ᠴᠢᠩᠭ᠎ᠠ | ᠴᠠᠭᠠᠵᠠᠯᠠᠵᠤ᠂ ᠨᠥᠬᠦᠪᠦᠷᠢ ᠣᠯᠭᠤᠬᠤ ᠠᠷᠭᠠᠯ ᠬᠤᠷᠭᠤᠯ ᠴᠡᠪᠡᠷᠯᠡᠬᠦ ᠠᠴᠢᠶᠠᠯᠠᠬᠤ ᠮᠠᠰᠢᠨ ᠢ 2 ᠵᠢᠯ ᠤᠨ ᠳᠣᠲᠣᠷ᠎ᠠ | ᠬᠤᠳᠠᠯᠳᠤᠵᠤ ᠪᠣᠯᠬᠤ ᠦᠭᠡᠢ᠂ ᠬᠡᠷᠪᠡ ᠲᠣᠭᠲᠠᠭᠠᠯ ᠢ ᠵᠥᠷᠢᠴᠡᠨ ᠨᠥᠬᠦᠪᠦᠷᠢ ᠣᠯᠭᠤᠭᠰᠠᠨ ᠮᠠᠰᠢᠨ ᠪᠠᠭᠠᠵᠢ ᠶᠢ | ᠰᠠᠷᠢᠭᠠᠯᠠᠨ ᠬᠤᠳᠠᠯᠳᠤᠭᠠᠯᠠᠭᠰᠠᠨ ᠪᠠᠶᠢᠪᠠᠯ᠂ ᠪᠥᠬᠦ ᠨᠥᠬᠦᠪᠦᠷᠢ ᠶᠢᠨ ᠪᠡᠯᠡ ᠮᠥᠩᠭᠦ ᠶᠢ ᠪᠠᠶᠢᠴᠠᠭᠠᠨ ᠲᠣᠳᠤᠯᠠᠵᠤ᠂ | ᠬᠠᠤᠯᠢ ᠴᠠᠭᠠᠵᠠ ᠶᠢᠨ ᠬᠠᠷᠢᠭᠤᠴᠠᠯᠭ᠎ᠠ ᠨᠡᠬᠡᠮᠵᠢᠯᠡᠨ᠎ᠡ᠃ | |