ᠮᠠᠨ ᠤ ᠬᠤᠰᠢᠭᠤ ︽ᠵᠡᠮᠳᠡᠭᠴᠦᠳ ᠢ ᠲᠤᠰᠠᠯᠠᠬᠤ ᠡᠳᠦᠷ︾ ᠤᠨ ᠮᠡᠳᠡᠯᠭᠡ ᠶᠢᠨ ᠤᠷᠤᠯᠳᠤᠭᠠᠨ ᠦᠷᠨᠢᠭᠦᠯᠪᠡ
ᠨᠡᠶᠢᠲᠡᠯᠡᠭᠰᠡᠨ ᠴᠠᠭ᠄
2023/6/2
      2023 ᠣᠨ ᠤ 5 ᠰᠠᠷ᠎ᠠ ᠶᠢᠨ 21 ᠤ ᠡᠳᠦᠷ ᠪᠣᠯ ᠭᠤᠴᠢᠨ ᠭᠤᠷᠪᠠᠳᠤᠭᠠᠷ ᠤᠳᠠᠭᠠᠨ ᠤ ᠪᠥᠬᠦ ᠤᠯᠤᠰ  ᠤᠨ ᠵᠡᠮᠳᠡᠭᠴᠦᠳ ᠢ ᠲᠤᠰᠠᠯᠠᠬᠤ ᠡᠳᠦᠷ ᠪᠠᠶᠢᠵᠤ᠂ ᠭᠤᠤᠯ ᠰᠡᠳᠦᠪ ᠨᠢ ︽ᠵᠡᠮᠳᠡᠭᠴᠦᠳ ᠤᠨ ᠨᠡᠶᠢᠭᠡᠮ ᠤᠨ ᠪᠠᠲᠤᠯᠠᠭ᠎ᠠ ᠶᠢᠨ ᠲᠦᠷᠢᠮ ᠪᠠ ᠬᠠᠯᠠᠮᠵᠢᠯᠠᠨ ᠬᠠᠶᠢᠷᠠᠯᠠᠬᠤ ᠦᠶᠯᠡᠴᠢᠯᠡᠭᠡᠨ ᠤ ᠰᠢᠰᠲ᠋ᠧᠮ ᠢ ᠲᠡᠭᠦᠯᠳᠡᠷᠵᠢᠭᠦᠯᠵᠦ᠂ ᠵᠡᠮᠳᠡᠭᠴᠦᠳ ᠤᠨ ᠦᠶᠯᠡᠰ ᠤᠨ ᠪᠥᠬᠦ ᠲᠠᠯ᠎ᠠ ᠶᠢᠨ ᠬᠥᠭᠵᠢᠯᠲᠡ ᠶᠢ ᠠᠬᠢᠭᠤᠯᠤᠶ᠎ᠠ︾ ᠭᠡᠬᠦ ᠪᠤᠯᠤᠨ᠎ᠠ᠃ ᠬᠦᠴᠢᠷᠳᠡᠯᠳᠠᠢ ᠶᠢ ᠲᠡᠳᠬᠦᠵᠦ ᠵᠡᠮᠳᠡᠭᠴᠦᠳ ᠢ ᠲᠤᠰᠠᠯᠠᠬᠤ ᠤᠯᠠᠮᠵᠢᠯᠠᠯᠲᠤ ᠰᠠᠶᠢᠬᠠᠨ ᠰᠤᠷᠲᠠᠯ ᠢ ᠤᠯᠠᠮ ᠨᠢᠭᠡ ᠠᠯᠬᠤᠮ ᠪᠠᠳᠠᠷᠠᠭᠤᠯᠵᠤ᠂ ᠪᠥᠬᠦ ᠨᠡᠶᠢᠭᠡᠮ ᠢᠶᠠᠷ ᠢᠶᠠᠨ ᠵᠡᠮᠳᠡᠭᠴᠦᠳ ᠢ ᠣᠶᠢᠯᠠᠭᠠᠵᠤ ᠬᠠᠯᠠᠮᠵᠢᠯᠠᠬᠤ ᠰᠠᠶᠢᠨ ᠰᠠᠶᠢᠬᠠᠨ ᠠᠭᠤᠷ ᠠᠮᠢᠰᠬᠤᠯ ᠪᠠ ᠨᠡᠶᠢᠭᠡᠮ ᠤᠨ ᠣᠷᠴᠢᠨ ᠲᠣᠭᠤᠷᠢᠨ ᠢ ᠪᠣᠶ ᠪᠣᠯᠭᠠᠬᠤ ᠶᠢᠨ ᠲᠥᠯᠥᠭᠡ᠂ ᠮᠠᠨ ᠤ ᠬᠤᠰᠢᠭᠤᠨ  ᠤ ᠵᠡᠮᠳᠡᠭᠴᠦᠳ ᠤᠨ ᠬᠤᠯᠪᠣᠭᠠᠲᠤ ᠬᠤᠷᠠᠯ ᠨᠢ ᠬᠤᠰᠢᠭᠤ ᠰᠢᠨ᠎ᠡ ᠴᠠᠭ ᠦᠶ᠎ᠡ ᠶᠢᠨ ᠪᠣᠯᠪᠠᠰᠤᠨ ᠦᠶᠯᠡᠳᠦᠯᠭᠡ ᠶᠢᠨ ᠦᠶᠯᠡᠴᠢᠯᠡᠭᠡᠨ ᠤ ᠲᠥᠪ ᠲᠠᠢ ᠬᠤᠯᠪᠣᠭᠠᠯᠠᠨ᠂ 5 ᠰᠠᠷ᠎ᠠ ᠶᠢᠨ 23 ᠤ ᠡᠳᠦᠷ᠂ ᠬᠤᠰᠢᠭᠤ ︽ᠵᠡᠮᠳᠡᠭᠴᠦᠳ ᠢ ᠲᠤᠰᠠᠯᠠᠬᠤ ᠡᠳᠦᠷ︾ ᠤᠨ ᠮᠡᠳᠡᠯᠭᠡ ᠶᠢᠨ ᠤᠷᠤᠯᠳᠤᠭᠠᠨ ᠡᠷᠭᠢᠯᠡᠵᠦ᠂ ᠤᠯᠢᠶᠠᠰᠤᠲᠠᠢ ᠪᠠᠯᠭᠠᠰᠤᠨ ᠤ ᠡᠯ᠎ᠡ ᠨᠡᠶᠢᠭᠡᠮ ᠲᠣᠭᠤᠷᠢᠭ ᠵᠢᠴᠢ ᠬᠡᠰᠡᠭ ᠰᠤᠮᠤ ᠪᠠᠯᠭᠠᠰᠤᠨ ᠤ ᠲᠥᠯᠥᠭᠡᠯᠡᠭᠴᠢᠳ ᠤᠨ ᠠᠩᠭᠢ ᠤᠷᠤᠯᠳᠤᠭᠠᠨ ᠳᠤ ᠣᠷᠣᠯᠴᠠᠪᠠ᠃      ᠲᠣᠰ ᠤᠳᠠᠭᠠᠨ ᠤ ᠮᠡᠳᠡᠯᠭᠡ ᠶᠢᠨ ᠤᠷᠤᠯᠳᠤᠭᠠᠨ ᠳᠤ ᠡᠷᠬᠡᠪᠰᠢ ᠬᠠᠷᠢᠭᠤᠯᠬᠤ ᠰᠡᠳᠦᠪ᠂ ᠵᠠᠪᠳᠤᠨ ᠬᠠᠷᠢᠭᠤᠯᠬᠤ ᠰᠡᠳᠦᠪ ᠪᠠ ᠲᠦᠭᠰᠢᠭᠦᠷᠢᠲᠦ ᠰᠡᠳᠦᠪ ᠵᠡᠷᠭᠡ ᠭᠤᠷᠪᠠᠨ ᠭᠤᠭᠴᠤᠭ᠎ᠠ ᠶᠢ ᠲᠣᠬᠢᠷᠠᠭᠤᠯᠵᠤ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠡᠮᠳᠡᠭᠴᠦᠳ ᠤᠨ ᠪᠠᠲᠤᠯᠠᠭ᠎ᠠ ᠶᠢᠨ ᠬᠠᠤᠯᠢ︾᠂ ︽ᠵᠡᠮᠳᠡᠭᠴᠦᠳ ᠤᠨ ᠰᠤᠷᠭᠠᠨ ᠬᠥᠮᠦᠵᠢᠯ ᠤᠨ ᠲᠦᠷᠢᠮ︾᠂ ︽ᠵᠡᠮᠳᠡᠭᠴᠦᠳ ᠲᠤ ᠠᠵᠢᠯ ᠣᠯᠭᠤᠬᠤ ᠲᠦᠷᠢᠮ︾ ᠵᠡᠷᠭᠡ ᠠᠭᠤᠯᠭ᠎ᠠ ᠶᠢ ᠬᠠᠮᠤᠷᠴᠠᠢ᠃ ᠤᠷᠤᠯᠳᠤᠭᠠᠨ ᠤ ᠲᠤᠬᠠᠶ ᠶᠢᠨ ᠲᠠᠯᠠᠪᠠᠢ ᠳᠤ᠂ ᠤᠷᠤᠯᠳᠤᠭᠠᠨ ᠳᠤ ᠤᠷᠤᠯᠴᠠᠭᠰᠠᠳ ᠯᠠᠪᠳᠠᠭᠤᠨ ᠬᠢᠨᠠᠮᠠᠭᠠᠢ᠂ ᠨᠠᠷᠢᠨ ᠣᠨᠣᠪᠴᠢᠲᠠᠶ ᠪᠠᠷ  ᠬᠠᠷᠢᠭᠤᠯᠵᠤ᠂ ᠤᠷᠤᠯᠳᠤᠭᠠᠨ ᠬᠦᠷ ᠬᠦᠭᠵᠢᠶᠡᠨ᠂ ᠢᠳᠡ ᠬᠦᠭ ᠲᠠᠢ ᠶᠠᠪᠤᠭᠳᠠᠵᠠᠢ  ᠃      ᠬᠤᠷᠴᠠ ᠰᠢᠷᠦᠭᠦᠨ ᠥᠷᠢᠰᠥᠯᠳᠦᠭᠡᠨ ᠢᠶᠠᠷ ᠳᠠᠮᠵᠢᠨ᠂ ᠬᠥᠪᠴᠢᠨ ᠨᠡᠶᠢᠭᠡᠮ ᠲᠣᠭᠤᠷᠢᠭ ᠤᠨ ᠲᠦᠯᠦᠭᠡᠯᠡᠭᠴᠢ ᠠᠩᠭᠢ ᠨᠢᠭᠡᠳᠦᠭᠡᠷ ᠲᠡᠰ ᠲᠤ ᠲᠤᠳᠤᠷᠠᠵᠤ᠂ ᠦᠩᠲᠦ ᠨᠡᠶᠢᠭᠡᠮ ᠲᠣᠭᠤᠷᠢᠭ ᠤᠨ ᠲᠦᠯᠦᠭᠡᠯᠡᠭᠴᠢ ᠠᠩᠭᠢ ᠬᠤᠶᠠᠳᠤᠭᠠᠷ ᠳᠡᠰ ᠲᠤ ᠲᠤᠳᠤᠷᠠᠨ᠂ ᠮᠠᠨᠳᠤᠬᠤ ᠨᠡᠶᠢᠭᠡᠮ ᠲᠣᠭᠤᠷᠢᠭ ᠤᠨ  ᠲᠦᠯᠦᠭᠡᠯᠡᠭᠴᠢ ᠠᠩᠭᠢ ᠭᠤᠷᠪᠠᠳᠤᠭᠠᠷ ᠲᠡᠰ ᠲᠤ ᠲᠤᠳᠤᠷᠠᠵᠠᠢ  ᠃
 
ᠢᠷᠡᠯᠲᠡ᠄ ᠵᠡᠬᠦᠨ ᠦᠵᠦᠮᠦᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号