ᠵᠡᠭᠦᠨ ᠦᠵᠦᠮᠦᠴᠢᠨ ᠴᠠᠬᠢᠯᠭᠠᠨ ᠬᠠᠩᠭᠠᠬᠤ ᠺᠣᠮᠫᠠᠨᠢ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠭᠤᠣᠯ ᠰᠡᠳᠦᠪᠲᠦ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠦᠷᠨᠢᠭᠦᠯᠪᠡ
ᠨᠡᠶᠢᠲᠡᠯᠡᠭᠰᠡᠨ ᠴᠠᠭ᠄
2023/6/2
      ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠤᠯᠠᠮ ᠨᠢᠭᠡ ᠠᠯᠬᠤᠮ ᠪᠠᠲᠤᠳᠬᠠᠵᠤ᠂ ᠥᠷᠭᠡᠨ ᠣᠯᠠᠨ ᠺᠠᠳ᠋ᠷ ᠠᠵᠢᠯᠲᠠᠨ ᠤ ᠨᠠᠮ ᠤᠨ ᠠᠴᠢ ᠳᠤ ᠲᠠᠯᠠᠷᠬᠠᠵᠤ᠂ ᠨᠠᠮ ᠤᠨ ᠦᠭᠡ ᠶᠢ ᠰᠤᠨᠤᠰᠤᠨ᠂ ᠨᠠᠮ ᠢᠶᠠᠨ ᠳᠠᠭᠠᠬᠤ ᠶᠢ ᠬᠥᠮᠦᠵᠢᠭᠦᠯᠦᠨ ᠵᠢᠯᠣᠭᠤᠳᠬᠤ ᠶᠢᠨ ᠲᠥᠯᠥᠭᠡ᠂ 5 ᠰᠠᠷ᠎ᠠ ᠶᠢᠨ 23 ᠤ ᠡᠳᠦᠷ᠂ ᠵᠡᠭᠦᠨ ᠦᠵᠦᠮᠦᠴᠢᠨ ᠴᠠᠬᠢᠯᠭᠠᠨ ᠬᠠᠩᠭᠠᠬᠤ ᠺᠣᠮᠫᠠᠨᠢ ᠨᠢ ᠬᠤᠰᠢᠭᠤ ᠨᠠᠮ ᠤᠨ ᠰᠤᠷᠭᠠᠭᠤᠯᠢ ᠶᠢᠨ ᠪᠠᠭᠰᠢ ᠵᠣᠷᠢᠭᠲᠤ ᠶᠢ ᠤᠷᠢᠵᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠭᠤᠣᠯ ᠰᠡᠳᠦᠪᠲᠦ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠥᠷᠨᠢᠭᠦᠯᠵᠦ᠂ ᠴᠠᠬᠢᠯᠭᠠᠨ ᠬᠠᠩᠭᠠᠬᠤ ᠺᠣᠮᠫᠠᠨᠢ ᠶᠢᠨ ᠺᠠᠳ᠋ᠷ ᠠᠵᠢᠯᠲᠠᠨ ᠠᠵᠢᠯᠯᠠᠭ᠎ᠠ ᠳᠤ ᠣᠷᠣᠯᠴᠠᠪᠠ᠃      ᠠᠵᠢᠯᠯᠠᠭᠠᠨ ᠳᠤ᠂ ᠵᠣᠷᠢᠭᠲᠤ ᠪᠠᠭᠰᠢ ᠠᠴᠠ ︽ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠬᠥᠮᠦᠵᠢᠯ ᠢ ᠭᠦᠨᠵᠡᠭᠡᠶᠢᠷᠡᠭᠦᠯᠵᠦ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠣᠶ ᠪᠣᠯᠭᠠᠶ᠎ᠠ︾ ᠭᠡᠬᠦ ᠰᠡᠳᠦᠪ ᠢᠶᠠᠷ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠶᠢ ᠳᠤᠷᠠᠳᠤᠭᠰᠠᠨ ᠶᠠᠪᠤᠴᠠ ᠪᠠ ᠭᠤᠤᠯ ᠠᠭᠤᠯᠭ᠎ᠠ᠂ ᠶᠡᠷᠦᠩᠬᠡᠶ ᠱᠦᠵᠢ ᠰᠢ ᠶᠢᠨ ᠫᠢᠩ ᠤᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠶ ᠴᠢᠬᠤᠯᠠ ᠦᠵᠡᠯ ᠰᠠᠨᠠᠭ᠎ᠠ ᠦᠶᠯᠡᠳᠦᠯᠭᠡ ᠶᠢᠨ ᠱᠠᠭᠠᠷᠳᠠᠯᠭ᠎ᠠ ᠵᠡᠷᠭᠡ ᠲᠠᠯ᠎ᠠ ᠪᠠᠷ ᠭᠦᠨᠵᠡᠭᠡᠶ ᠪᠥᠭᠡᠳ ᠣᠶᠢᠯᠠᠭᠠᠮᠵᠢᠲᠠᠶ ᠤᠬᠠᠭᠤᠯᠤᠨ ᠲᠠᠶᠢᠯᠪᠤᠷᠢᠯᠠᠵᠤ᠂ ᠥᠷᠭᠡᠨ ᠣᠯᠠᠨ ᠴᠠᠬᠢᠯᠭᠠᠨ ᠬᠦᠴᠦᠨ ᠤ ᠺᠠᠳ᠋ᠷ ᠠᠵᠢᠯᠲᠠᠨ ᠢ ᠬᠥᠲᠥᠯᠥᠨ ᠵᠢᠯᠣᠭᠤᠳᠴᠤ ᠪᠠᠶᠢᠭᠠᠳ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠣᠶ ᠪᠣᠯᠭᠠᠵᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ᠂ ᠨᠡᠶᠢᠭᠡᠮ ᠤᠨ ᠡᠶ᠎ᠡ ᠵᠣᠬᠢᠴᠠᠯ ᠲᠣᠭᠲᠠᠭᠤᠨ ᠰᠠᠶᠢᠨ ᠰᠠᠶᠢᠬᠠᠨ ᠠᠭᠤᠷ ᠠᠮᠢᠰᠬᠤᠯ ᠢ ᠪᠣᠶ  ᠪᠤᠯᠭᠠᠵᠠᠢ  ᠃      ᠳᠦᠭᠦᠮ ᠣᠶᠢᠯᠠᠭᠠᠮᠵᠢᠲᠠᠶ ᠦᠭᠡ ᠶᠠᠷᠢᠶ᠎ᠠ᠂ ᠠᠮᠢᠳᠤᠯᠢᠭ ᠪᠣᠳᠠᠲᠠᠶ ᠵᠢᠱᠢᠶ᠎ᠡ ᠨᠢ ᠣᠯᠠᠨ ᠳᠤ ᠭᠦᠨ ᠰᠡᠩᠬᠡᠷᠡᠭᠦᠯᠦᠯ ᠦᠭᠴᠦ᠂ ᠣᠯᠠᠨ ᠢᠶᠠᠷ ᠢᠶᠠᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠠᠵᠢᠯ ᠢ ᠪᠥᠬᠦ ᠲᠠᠯ᠎ᠠ ᠪᠠᠷ ᠯᠠᠪᠳᠠᠭᠤᠨ ᠪᠠᠲᠤᠲᠠᠶ ᠥᠷᠨᠢᠭᠦᠯᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠤᠯᠠᠮ ᠨᠢᠭᠡ ᠠᠯᠬᠤᠮ ᠪᠠᠲᠤ ᠪᠣᠶ ᠪᠣᠯᠭᠠᠵᠤ᠂  ︽ᠲᠠᠪᠤᠨ ᠬᠠᠮᠲᠤ ᠶᠢᠨ ᠲᠠᠨᠢᠯᠲᠠ︾᠂ ︽ᠭᠤᠷᠪᠠᠨ ᠰᠠᠯᠵᠤ ᠪᠣᠯᠤᠰᠢ ᠥᠬᠡᠶ︾ ᠦᠵᠡᠯ ᠰᠠᠨᠠᠭ᠎ᠠ ᠶᠢ ᠲᠠᠰᠤᠷᠠᠯᠲᠠ ᠥᠬᠡᠶ ᠴᠢᠩᠭᠠᠳᠬᠠᠵᠤ᠂  ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠢ ᠪᠥᠬᠦ ᠲᠠᠯ᠎ᠠ ᠪᠠᠷ ᠪᠥᠲᠥᠭᠡᠨ ᠪᠠᠶᠢᠭᠤᠯᠬᠤ ᠠᠵᠢᠯ ᠤᠨ ᠳᠤᠮᠳᠠ ᠡᠭᠦᠷᠭᠡᠯᠡᠯ᠂ ᠵᠢᠳᠬᠦᠯ ᠴᠢᠷᠮᠠᠶᠢᠯᠭ᠎ᠠ ᠪᠠᠨ ᠢᠯᠡᠷᠡᠭᠦᠯᠵᠦ᠂ ᠬᠦᠴᠦᠨ ᠴᠢᠳᠠᠯ ᠢᠶᠠᠨ ᠡᠷᠭᠦᠨ᠎ᠡ ᠭᠡᠵᠦ ᠢᠯᠡᠳᠬᠡᠵᠡᠭᠡᠪᠡ᠃
 
ᠢᠷᠡᠯᠲᠡ᠄ ᠵᠡᠬᠦᠨ ᠦᠵᠦᠮᠦᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号