ᠮᠠᠨ ᠤ ᠬᠤᠰᠢᠭᠤ ᠦᠨᠳᠦᠰᠦᠲᠡᠨ ᠤ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠰᠠᠷ᠎ᠠ ᠶᠢᠨ  ︽ᠰᠦᠯᠵᠢᠶ᠎ᠡ ᠳᠤ ᠣᠷᠣᠬᠤ︾ ᠤᠬᠠᠭᠤᠯᠭ᠎ᠠ ᠶᠢᠨ ᠠᠵᠢᠯᠯᠠᠭ᠎ᠠ ᠦᠷᠨᠢᠭᠦᠯᠪᠡ
ᠨᠡᠶᠢᠲᠡᠯᠡᠭᠰᠡᠨ ᠴᠠᠭ᠄
2023/6/2
      5 ᠰᠠᠷ᠎ᠠ ᠶᠢᠨ 22 ᠤᠨ ᠡᠳᠦᠷ ᠤᠨ ᠦᠳᠡ ᠶᠢᠨ ᠬᠤᠶᠢᠨ᠎ᠠ᠂ ᠮᠠᠨ ᠤ ᠬᠤᠰᠢᠭᠤᠨ ᠤ ᠬᠠᠮ ᠵᠠᠭᠤᠴᠢᠯᠠᠭᠤᠷ ᠤᠨ ᠲᠥᠪ ᠨᠢ ᠬᠤᠰᠢᠭᠤ ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ ᠲᠠᠢ ᠬᠠᠮᠲᠤᠷᠠᠨ ᠦᠨᠳᠦᠰᠦᠲᠡᠨ ᠤ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠰᠠᠷ᠎ᠠ ᠶᠢᠨ ︽ᠰᠦᠯᠵᠢᠶᠡᠨ ᠳᠤ ᠤᠷᠤᠭᠤᠯᠬᠤ︾ ᠤᠬᠠᠭᠤᠯᠭ᠎ᠠ ᠶᠢᠨ ᠠᠵᠢᠯᠯᠠᠭ᠎ᠠ ᠶᠢ ᠥᠷᠨᠢᠭᠦᠯᠪᠡ᠃      ᠠᠵᠢᠯᠯᠠᠭᠠᠨ ᠳᠤ᠂ ᠬᠤᠰᠢᠭᠤ ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ ᠤᠨ ᠬᠠᠮᠢᠶ᠎ᠠ ᠪᠥᠬᠦᠶ ᠬᠠᠷᠢᠭᠤᠴᠠᠯᠭᠠᠲᠠᠨ ᠠᠴᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠠᠬᠢᠭᠤᠯᠬᠤ ᠲᠦᠷᠢᠮ︾ ᠢ ᠨᠠᠷᠢᠨ ᠲᠠᠶᠢᠯᠪᠤᠷᠢᠯᠠᠵᠤ᠂ ᠪᠥᠬᠦ ᠠᠶᠢᠮᠠᠭ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶᠡᠴᠢ ᠬᠤᠪᠢ ᠬᠥᠮᠦᠨ ᠢ ᠤᠷᠢᠵᠤ ᠤᠬᠠᠭᠤᠯᠤᠨ ᠲᠠᠶᠢᠯᠪᠤᠷᠢᠯᠠᠯᠲᠠ ᠬᠢᠵᠦ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠠᠬᠢᠭᠤᠯᠬᠤ ᠲᠦᠷᠢᠮ︾᠂  ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ 〈 ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠥᠰᠥᠭ ᠪᠢᠴᠢᠭ ᠤᠨ ᠬᠠᠤᠯᠢ 〉 ᠶᠢ ᠬᠡᠷᠡᠭᠵᠢᠭᠦᠯᠬᠦ ᠠᠷᠭ᠎ᠠ︾᠂ ︽ᠳᠤᠮᠳᠠᠳᠤ ᠶᠢᠨ ᠦᠨᠳᠦᠰᠦᠲᠡᠨ︾ ᠵᠢᠷᠤᠭᠲᠤ ᠰᠡᠳᠬᠦᠯ ᠵᠡᠷᠭᠡ ᠤᠬᠠᠭᠤᠯᠭ᠎ᠠ ᠶᠢᠨ ᠮᠠᠲ᠋ᠧᠷᠢᠶᠠᠯ ᠢ ᠲᠠᠷᠬᠠᠭᠠᠵᠤ᠂ ᠦᠨᠳᠦᠰᠦᠲᠡᠨ ᠤ ᠲᠥᠷᠥ ᠶᠢᠨ ᠪᠣᠳᠣᠯᠭ᠎ᠠ ᠪᠠ ᠦᠨᠳᠦᠰᠦᠲᠡᠨ ᠤ ᠬᠠᠤᠯᠢ ᠴᠠᠭᠠᠵᠠ ᠬᠠᠤᠯᠢ ᠲᠣᠭᠲᠠᠭᠠᠯ ᠢ ᠭᠦᠨᠵᠡᠭᠡᠶ ᠤᠬᠠᠭᠤᠯᠵᠠᠢ᠃      ᠲᠠᠷᠠᠭᠠᠴᠢ ᠶᠢᠨ ᠠᠯᠬᠤᠮ ᠳᠤ᠂ ᠬᠤᠰᠢᠭᠤ ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ ᠨᠢ ︽ᠢᠨᠲ᠋ᠧᠷ ᠰᠦᠯᠵᠢᠶ᠎ᠡ + ᠦᠨᠳᠦᠰᠦᠲᠡᠨ ᠤ ᠪᠦᠯᠬᠦᠮᠳᠡᠯ︾ ᠤᠨ ᠠᠵᠢᠯᠯᠠᠭ᠎ᠠ ᠶᠢ ᠬᠠᠮᠲᠤ ᠪᠠᠷ ᠠᠬᠢᠭᠤᠯᠵᠤ᠂ ᠰᠦᠯᠵᠢᠶᠡᠨ ᠤ ᠰᠢᠨ᠎ᠡ ᠵᠠᠭᠤᠴᠢᠯᠠᠭᠤᠷ ᠢ ᠭᠦᠶᠴᠡᠳ ᠠᠰᠢᠭᠯᠠᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠤᠬᠠᠭᠤᠯᠭ᠎ᠠ ᠬᠥᠮᠦᠵᠢᠯ ᠢ ᠥᠷᠨᠢᠭᠦᠯᠵᠦ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠰᠠᠶᠢᠨ ᠲᠠᠭᠤᠨ ᠢ ᠳᠠᠮᠵᠢᠭᠤᠯᠵᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠰᠠᠶᠢᠨ ᠥᠯᠢᠭᠡᠷ ᠢ ᠶᠠᠷᠢᠵᠤ᠂ ᠶᠠᠷᠢᠶ᠎ᠠ ᠬᠡᠯᠡᠯᠴᠡᠭᠡᠨ ᠤ ᠠᠭᠤᠷ ᠠᠮᠢᠰᠬᠤᠯ ᠢ ᠪᠣᠶ ᠪᠣᠯᠭᠠᠵᠤ᠂ ᠢᠨᠲ᠋ᠧᠷ ᠰᠦᠯᠵᠢᠶ᠎ᠡ ᠶᠢ ᠦᠨᠳᠦᠰᠦᠲᠡᠨ ᠨᠦᠭᠦᠳ ᠤᠨ ᠬᠠᠮᠲᠤ ᠶᠢᠨ ᠣᠶᠤᠨ ᠰᠠᠨᠠᠭᠠᠨ  ᠤ ᠬᠡᠷ ᠣᠷᠣᠨ ᠢ ᠪᠠᠶᠢᠭᠤᠯᠬᠤ ᠬᠠᠮᠤᠭ ᠤᠨ ᠶᠡᠭᠡ ᠨᠡᠮᠡᠭᠳᠡᠯ ᠬᠦᠴᠦᠨ ᠪᠣᠯᠭᠠᠵᠤ᠂ ᠰᠦᠯᠵᠢᠶᠡᠨ ᠤ ᠣᠷᠣᠨ ᠵᠠᠶ ᠳᠠᠬᠢ ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠢ ᠠᠬᠢᠭᠤᠯᠵᠤ᠂ ᠬᠡᠶᠢᠰᠪᠦᠷᠢ ᠠᠴᠠ ᠪᠣᠳᠠᠲᠤ ᠠᠬᠤᠶ᠂ ᠰᠦᠯᠵᠢᠶᠡᠨ ᠠᠴᠠ ᠰᠦᠯᠵᠢᠶᠡᠨ ᠭᠠᠳᠠᠨ᠎ᠠ ᠬᠦᠷᠲᠡᠯ᠎ᠡ ︽ᠲᠠᠪᠤᠨ ᠬᠠᠮᠲᠤ ᠶᠢᠨ ᠲᠠᠨᠢᠯᠲᠠ︾ ᠶᠢ ᠪᠠᠲᠤᠳᠬᠠᠵᠤ᠂ ᠰᠢᠨ᠎ᠡ ᠴᠠᠭ ᠦᠶ᠎ᠡ ᠳᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠦᠵᠡᠯ ᠤᠬᠠᠮᠰᠠᠷ ᠤᠨ ᠰᠦᠯᠵᠢᠶᠡᠨ ᠤ  ᠰᠠᠭᠤᠷᠢᠨ ᠭᠠᠵᠠᠷ ᠤᠨ ᠪᠥᠲᠥᠭᠡᠨ ᠪᠠᠶᠢᠭᠤᠯᠤᠯᠲᠠ ᠳᠤ ᠢᠳᠡᠪᠬᠢᠲᠡᠶ ᠬᠤᠪᠢ ᠨᠡᠮᠡᠷᠢ ᠦᠵᠡᠭᠦᠯᠬᠦ ᠪᠤᠯᠤᠨ᠎ᠠ  ᠃
 
ᠢᠷᠡᠯᠲᠡ᠄ ᠵᠡᠬᠦᠨ ᠦᠵᠦᠮᠦᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号