ᠪᠥᠬᠦ ᠠᠶᠢᠮᠠᠭ ᠤᠨ ᠬᠤᠸᠠ ᠰᠢ ᠦᠬᠡᠷ ᠤᠨ ᠡᠭᠦᠯᠳᠡᠷ ᠪᠣᠶᠢᠵᠢᠭᠤᠯᠤᠯᠲᠠ ᠶᠢ ᠮᠠᠭᠠᠳᠯᠠᠨ ᠲᠣᠭᠲᠠᠭᠠᠬᠤ ᠵᠢᠴᠢ ᠬᠢᠨᠠᠯᠲᠠ ᠲᠠᠯᠪᠢᠬᠤ ᠳᠤᠭᠤᠶᠢᠯᠠᠩ ᠠᠯᠳᠠᠨᠬᠢᠯᠢ ᠰᠤᠮᠤᠨ ᠳᠤ ᠬᠦᠨᠵᠡᠭᠡᠶᠢᠷᠡᠵᠦ ᠬᠤᠸᠠ ᠰᠢ ᠦᠬᠡᠷ ᠤᠨ ᠡᠭᠦᠯᠳᠡᠷ ᠪᠣᠶᠢᠵᠢᠭᠤᠯᠤᠯᠲᠠ ᠶᠢ ᠮᠠᠭᠠᠳᠯᠠᠨ ᠲᠣᠭᠲᠠᠭᠠᠬᠤ ᠠᠵᠢᠯ ᠥᠷᠨᠢᠭᠦᠯᠪᠡ
ᠨᠡᠶᠢᠲᠡᠯᠡᠭᠰᠡᠨ ᠴᠠᠭ᠄
2023/6/2
      5 ᠳ᠋ᠤᠭᠠᠷ ᠰᠠᠷ᠎ᠠ ᠶᠢᠨ 28 -- 29 ᠤ ᠡᠳᠦᠷ᠂ ᠠᠶᠢᠮᠠᠭ ᠤᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠶᠢᠨ ᠬᠤᠸᠠ ᠰᠢ ᠦᠬᠡᠷ ᠤᠨ ᠡᠭᠦᠯᠳᠡᠷ ᠪᠣᠶᠢᠵᠢᠭᠤᠯᠤᠯᠲᠠ ᠶᠢ ᠮᠠᠭᠠᠳᠯᠠᠨ ᠲᠣᠭᠲᠠᠭᠠᠬᠤ ᠵᠢᠴᠢ ᠬᠢᠨᠠᠯᠲᠠ ᠲᠠᠯᠪᠢᠬᠤ ᠳᠦᠷᠪᠡᠳᠦᠭᠡᠷ ᠳᠤᠭᠤᠶᠢᠯᠠᠩ ᠤᠨ ᠬᠢᠨ ᠬᠤᠰᠢᠭᠤᠨ ᠤ ᠲᠠᠷᠢᠶᠠᠯᠠᠩ ᠮᠠᠯ ᠠᠵᠦ ᠠᠬᠤᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠳᠤᠪᠴᠢᠶᠠᠨ ᠤ ᠮᠠᠯ ᠠᠵᠤ ᠠᠬᠤᠢ ᠶᠢᠨ ᠠᠵᠢᠯᠯᠠᠬᠤ ᠦᠷᠳᠡᠭᠡᠨ ᠤ ᠬᠠᠮᠢᠶ᠎ᠠ ᠪᠦᠬᠦᠢ ᠬᠠᠷᠢᠭᠤᠴᠠᠯᠭᠠᠲᠠᠨ᠂ ᠰᠤᠮᠤᠨ ᠤ ᠬᠤᠪᠢᠳᠠᠨ ᠬᠠᠮᠢᠶᠠᠷᠬᠤ ᠤᠳᠤᠷᠢᠳᠤᠯᠭ᠎ᠠ ᠪᠠ ᠭᠤᠣᠯ ᠬᠠᠷᠢᠭᠤᠴᠠᠯᠭᠠᠲᠠᠨ ᠤ ᠪᠠᠷ᠎ᠠ ᠪᠣᠯᠣᠯᠭ᠎ᠠ ᠳᠣᠣᠷ᠎ᠠ᠂ ᠠᠯᠳᠠᠨᠬᠢᠯᠢ ᠰᠤᠮᠤᠨ ᠤ ᠪᠠᠶᠠᠨᠬᠠᠩᠭᠠᠢ ᠭᠠᠴᠠᠭᠠᠨ ᠤ ᠭᠠᠩᠰᠦ᠋ᠯᠳᠡ ᠶᠢᠨ ᠦᠬᠡᠷ ᠤᠨ ᠭᠤᠤᠯᠳᠠᠯᠭᠠᠲᠤ ᠰᠦᠷᠦᠭ᠂ ᠠᠯᠳᠠᠨᠬᠢᠯᠢ ᠭᠠᠴᠠᠭᠠᠨ ᠤ ᠲᠡᠭᠦᠰᠮᠦ᠋ᠩᠭᠡ ᠶᠢᠨ ᠦᠬᠡᠷ ᠤᠨ ᠭᠤᠤᠯᠳᠠᠯᠭᠠᠲᠤ ᠰᠦᠷᠦᠭ ᠲᠤ ᠭᠦᠨᠵᠡᠭᠡᠶᠢᠷᠡᠵᠦ᠂ ︽ᠬᠤᠸᠠ ᠰᠢ ᠦᠬᠡᠷ︾ ᠤᠨ ᠡᠭᠦᠯᠳᠡᠷ ᠪᠣᠶᠢᠵᠢᠭᠤᠯᠤᠯᠲᠠ ᠶᠢ ᠮᠠᠭᠠᠳᠯᠠᠨ ᠲᠣᠭᠲᠠᠭᠠᠬᠤ ᠠᠵᠢᠯ ᠢ ᠥᠷᠨᠢᠭᠦᠯᠪᠡ᠃      ᠬᠤᠸᠠ ᠰᠢ ᠦᠬᠡᠷ ᠤᠨ ᠬᠢᠨᠠᠨ ᠲᠣᠭᠲᠠᠭᠠᠯᠲᠠ ᠶᠢᠨ ᠲᠤᠬᠠᠢ ᠶᠢᠨ ᠲᠠᠯᠠᠪᠤᠷ ᠲᠤ᠂ ᠬᠢᠨᠠᠨ ᠲᠣᠭᠲᠠᠭᠠᠬᠤ ᠳᠤᠭᠤᠶᠢᠯᠠᠩ ᠤᠨ ᠳᠤᠰᠬᠠᠢ ᠮᠡᠷᠭᠡᠵᠢᠯᠳᠡᠳ ᠠᠴᠠ ᠦᠬᠡᠷ ᠤᠨ ᠪᠡᠶ᠎ᠡ ᠪᠢᠯᠳᠠᠷ᠂ ᠭᠠᠳᠠᠷ ᠳᠦᠷᠰᠦ ᠶᠢ ᠬᠢᠨᠡᠨ ᠦᠵᠡᠬᠦ᠂ ᠡᠭᠦᠯᠳᠡᠷ ᠤᠨ ᠤᠳᠤᠮᠯᠠᠯ ᠤᠨ ᠲᠠᠩᠰᠠ ᠡᠪᠬᠡᠮᠡᠯ ᠢ ᠪᠠᠶᠢᠴᠠᠭᠠᠨ ᠦᠵᠡᠬᠦ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠤᠷᠢᠳ ᠬᠤᠵᠢᠳ ᠮᠠᠨ ᠤ ᠰᠤᠮᠤᠨ ᠤ ᠪᠠᠶᠠᠨᠬᠠᠩᠭᠠᠢ ᠭᠠᠴᠠᠭᠠᠨ ᠤ ᠭᠠᠩᠰᠦ᠋ᠯᠳᠡ ᠶᠢᠨ ᠦᠬᠡᠷ ᠤᠨ ᠭᠤᠤᠯᠳᠠᠯᠭᠠᠲᠤ ᠰᠦᠷᠦᠭ ᠤᠨ 32 ᠦᠬᠡᠷ᠂ ᠠᠯᠳᠠᠨᠬᠢᠯᠢ ᠭᠠᠴᠠᠭᠠᠨ ᠤ ᠲᠡᠭᠦᠰᠮᠦ᠋ᠩᠭᠡ ᠶᠢᠨ ᠦᠬᠡᠷ ᠤᠨ ᠭᠤᠤᠯᠳᠠᠯᠭᠠᠲᠤ ᠰᠦᠷᠦᠭ ᠤᠨ 54 ᠦᠬᠡᠷ ᠲᠤ ᠮᠡᠷᠭᠡᠵᠢᠯ ᠤᠨ ᠬᠢᠨᠠᠨ ᠲᠣᠭᠲᠠᠭᠠᠯᠲᠠ ᠬᠢᠵᠡᠢ᠃ ᠮᠠᠭᠠᠳᠯᠠᠨ ᠲᠣᠭᠲᠠᠭᠠᠬᠤ ᠠᠵᠢᠯ ᠢ ᠤᠷᠤᠭᠰᠢᠲᠠᠢ ᠥᠷᠨᠢᠭᠦᠯᠦᠭᠰᠡᠨ ᠰᠠᠭᠤᠷᠢᠨ ᠳᠡᠭᠡᠷ᠎ᠡ᠂ ᠦᠷᠬᠦᠯᠵᠢᠯᠡᠨ ᠮᠢᠬᠠᠨ ᠤ ᠦᠬᠡᠷ ᠤᠨ ᠦᠢᠯᠡᠳᠪᠦᠷᠢᠯᠡᠯ ᠤᠨ ᠴᠢᠳᠠᠪᠬᠢ ᠶᠢ ᠬᠢᠨᠠᠨ ᠲᠣᠭᠲᠠᠭᠠᠬᠤ᠂ ᠴᠢᠰᠤᠨ ᠤ ᠥᠯᠢᠭᠡᠷ ᠡᠳ᠋ ᠴᠤᠭᠯᠠᠭᠤᠯᠬᠤ ᠪᠠ ᠤᠳᠤᠮᠰᠢᠯ ᠢ ᠦᠨᠡᠯᠡᠨ ᠵᠢᠱᠢᠬᠦ ᠠᠵᠢᠯ ᠢ ᠥᠷᠨᠢᠭᠦᠯᠦᠭᠰᠡᠨ ᠪᠥᠭᠡᠳ ᠮᠠᠭᠠᠳᠯᠠᠨ ᠳᠤᠭᠳᠠᠭᠠᠭᠰᠠᠨ ᠦᠬᠡᠷ ᠲᠤ ᠡᠭᠡᠮᠦᠭ ᠵᠡᠭᠦᠯᠭᠡᠵᠦ᠂ ᠡᠯᠧᠺᠲᠷᠣᠨ ᠲᠠᠩᠰᠠ ᠡᠪᠬᠡᠮᠡᠯ ᠢ ᠨᠠᠷᠢᠯᠢᠭ ᠪᠠᠶᠢᠭᠤᠯᠤᠭᠰᠠᠨ ᠪᠠᠶᠢᠨ᠎ᠠ᠃      ᠬᠤᠸᠠ ᠰᠢ ᠦᠬᠡᠷ ᠨᠢ 43 ᠵᠢᠯ ᠤᠨ ᠡᠭᠦᠯᠳᠡᠷ ᠰᠠᠶᠢᠵᠢᠷᠠᠭᠤᠯᠤᠯᠳᠠ ᠪᠠ ᠦᠷᠭᠦᠯᠵᠢᠯᠡᠨ ᠰᠣᠩᠭᠤᠨ ᠪᠣᠶᠢᠵᠢᠭᠤᠯᠬᠤ ᠪᠠᠷ ᠳᠡᠮᠵᠢᠨ᠂ ᠣᠳᠣᠬᠠᠨ ᠤ ᠮᠠᠯᠵᠢᠬᠤ ᠣᠷᠣᠨ ᠤ ᠲᠡᠵᠢᠭᠡᠨ ᠦᠷᠡᠵᠢᠭᠦᠯᠬᠦ ᠵᠠᠭᠪᠤᠷ ᠲᠤ ᠵᠣᠬᠢᠴᠠᠭᠰᠠᠨ ᠦᠢᠯᠡᠳᠪᠦᠷᠢᠯᠡᠯ ᠤᠨ ᠴᠢᠳᠠᠮᠵᠢ ᠨᠢ ᠲᠣᠪᠣᠶᠢᠮ᠎ᠠ᠂ ᠤᠳᠤᠮᠰᠢᠯ ᠤᠨ ᠴᠢᠳᠠᠮᠵᠢ ᠨᠢ ᠲᠣᠭᠲᠠᠪᠤᠷᠢᠲᠠᠢ᠂ ᠲᠤᠰᠬᠠᠶᠢᠵᠢᠭᠰᠠᠨ ᠮᠢᠬᠠᠨ ᠤ ᠦᠬᠡᠷ ᠤᠨ ᠰᠢᠨ᠎ᠡ ᠡᠭᠦᠯᠳᠡᠷ  ᠪᠤᠯᠤᠭᠰᠠᠨ ᠪᠠᠶᠢᠨ᠎ᠠ᠃ ᠴᠢᠳᠠᠪᠬᠢ ᠶᠢᠨ ᠲᠠᠯ᠎ᠠ ᠪᠠᠷ᠂ ᠬᠤᠸᠠ ᠰᠢ ᠦᠬᠡᠷ ᠤᠨ ᠰᠢᠨ᠎ᠡ ᠡᠭᠦᠯᠳᠡᠷ ᠤᠨ ᠤᠳᠤᠮᠰᠢᠯ ᠤᠨ ᠴᠢᠳᠠᠪᠬᠢ ᠨᠢ ᠲᠣᠭᠲᠠᠪᠤᠷᠢᠲᠠᠢ ᠪᠥᠭᠡᠳ ᠦᠢᠯᠡᠳᠪᠦᠷᠢᠯᠡᠯ ᠤᠨ ᠴᠢᠳᠠᠪᠬᠢ ᠨᠢ ᠰᠢᠯᠢᠳᠡᠭ ᠪᠠᠶᠢᠵᠦ ᠥᠰᠦᠯᠲᠡ ᠨᠢ ᠲᠦᠷᠭᠡᠨ᠂ ᠪᠡᠷᠬᠡ ᠬᠥᠩᠭᠡᠵᠢᠯᠲᠡ ᠶᠢᠨ ᠨᠣᠷᠮ᠎ᠠ ᠨᠢ ᠳᠣᠣᠷ᠎ᠠ᠂ ᠬᠡᠷᠡᠭᠯᠡᠭᠳᠡᠬᠦ ᠬᠡᠪᠴᠢᠶ᠎ᠡ ᠨᠢ ᠥᠷᠭᠡᠨ᠂ ᠠᠵᠤ ᠠᠬᠤᠢ ᠶᠢᠨ ᠦᠷ᠎ᠡ ᠠᠰᠢᠭ ᠨᠢ ᠢᠯᠡᠷᠬᠡᠢ ᠵᠡᠷᠭᠡ ᠳᠠᠪᠠᠭᠤᠯᠢᠭ ᠤᠨᠴᠠᠯᠢᠭ ᠲᠠᠢ ᠪᠠᠶᠢᠳᠠᠭ᠃ ᠬᠤᠸᠠ ᠰᠢ ᠦᠬᠡᠷ ᠤᠨ ᠪᠣᠶᠢᠵᠢᠭᠤᠯᠤᠯᠲᠠ ᠨᠢ ᠣᠳᠣᠬᠠᠨ ᠤ ᠮᠠᠨ ᠤ ᠤᠯᠤᠰ ᠤᠨ ᠮᠢᠬᠠᠨ ᠤ ᠦᠬᠡᠷ ᠤᠨ ᠭᠤᠣᠯ ᠡᠭᠦᠯᠳᠡᠷ ᠤᠨ ᠢᠷᠡᠯᠲᠡ ᠨᠢ ᠭᠤᠣᠯᠳᠠᠭᠤ ᠭᠠᠳᠠᠭᠠᠳᠤ ᠠᠴᠠ ᠣᠷᠣᠭᠤᠯᠬᠤ ᠳᠤ ᠲᠦᠰᠢᠭᠯᠡᠵᠦ ᠪᠠᠶᠢᠭ᠎ᠠ ᠬᠢᠵᠠᠭᠠᠷᠳᠠᠮᠠᠯ ᠪᠠᠶᠢᠳᠠᠯ ᠢ ᠡᠪᠳᠡᠵᠦ᠂ ᠳᠤᠮᠳᠠᠳᠤ ᠤᠯᠤᠰ ᠤᠨ ᠮᠢᠬᠠᠨ ᠤ ᠦᠬᠡᠷ ᠤᠨ ᠡᠭᠦᠯᠳᠡᠷ ᠢ ᠪᠡᠶ᠎ᠡ ᠪᠠᠨ ᠳᠠᠭᠠᠭᠠᠵᠤ ᠪᠣᠶᠢᠵᠢᠭᠤᠯᠬᠤ ᠶᠢᠨ ᠴᠢᠬᠤᠯᠠ ᠴᠢᠨᠠᠷ ᠢ ᠳᠣᠪᠤᠶᠢᠯᠭᠠᠭᠰᠠᠨ ᠪᠠᠶᠢᠨ᠎ᠠ᠃      ᠲᠠᠷᠠᠭᠠᠴᠢ ᠶᠢᠨ ᠠᠯᠬᠤᠮ ᠳᠤ᠂ ᠮᠠᠨ ᠤ ᠠᠯᠳᠠᠨᠬᠢᠯᠢ ᠰᠤᠮᠤ ᠨᠢ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠠᠲᠤ ᠪᠣᠶ ᠪᠣᠯᠭᠠᠵᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠪᠠᠶᠢᠭᠤᠯᠬᠤ ᠳᠤ ᠬᠦᠴᠦᠨ ᠨᠡᠮᠡᠷᠢᠯᠡᠵᠦ᠂ ᠥᠷᠭᠡᠨ ᠣᠯᠠᠨ ᠮᠠᠯᠴᠢᠳ ᠢ ᠬᠥᠲᠥᠯᠥᠨ ᠵᠢᠯᠤᠭᠤᠳᠴᠤ ᠪᠠᠶᠢᠭᠠᠳ ᠡᠭᠦᠯᠳᠡᠷ ᠰᠠᠶᠢᠵᠢᠷᠠᠭᠤᠯᠬᠤ᠂ ᠦᠷᠡᠵᠢᠭᠦᠯᠦᠨ ᠪᠣᠶᠢᠵᠢᠭᠤᠯᠬᠤ᠂ ᠲᠡᠵᠢᠭᠡᠨ ᠠᠷᠠᠴᠢᠯᠠᠬᠤ ᠪᠠ ᠬᠢᠵᠢᠭ ᠢ ᠰᠡᠷᠭᠡᠶᠢᠯᠡᠬᠦ ᠵᠡᠷᠭᠡ ᠴᠢᠳᠠᠮᠵᠢ ᠶᠢ ᠨᠢᠭᠡ ᠴᠣᠭᠴᠠᠵᠢᠭᠤᠯᠤᠭᠰᠠᠨ ᠣᠳᠣᠬᠢᠴᠢᠯᠠᠭᠰᠠᠨ᠂ ᠠᠵᠤ ᠦᠶᠢᠯᠡᠰᠵᠢᠭᠰᠡᠨ᠂ ᠬᠡᠪᠴᠢᠶᠡᠵᠢᠭᠰᠡᠨ ᠲᠡᠵᠢᠭᠡᠨ ᠦᠷᠡᠵᠢᠭᠦᠯᠬᠦ ᠰᠠᠭᠤᠷᠢᠨ ᠭᠠᠵᠠᠷ ᠢ ᠢᠳᠡᠪᠬᠢᠲᠡᠢ ᠪᠦᠲᠦᠭᠡᠨ ᠪᠠᠶᠢᠭᠤᠯᠵᠤ᠂ ᠣᠨᠴᠠᠯᠢᠭᠲᠤ ᠮᠠᠯ ᠠᠵᠤ ᠠᠬᠤᠢ ᠶᠢᠨ ᠦᠷᠭᠦᠯᠵᠢᠯᠡᠨ ᠡᠷᠡᠭᠦᠯ ᠢᠶᠠᠷ ᠬᠥᠭᠵᠢᠬᠦ ᠶᠢ ᠦᠷᠭᠦᠯᠵᠢᠯᠡᠨ ᠠᠬᠢᠭᠤᠯᠵᠤ᠂ ᠮᠠᠯᠴᠢᠳ ᠤᠨ ᠣᠷᠣᠯᠭ᠎ᠠ ᠶᠢ ᠨᠡᠮᠡᠭᠳᠡᠭᠦᠯᠬᠦ ᠪᠠ ᠬᠠᠮᠲᠤ ᠶᠢᠨ ᠠᠵᠤ ᠠᠬᠤᠢ ᠶᠢ ᠬᠥᠭᠵᠢᠭᠦᠯᠦᠨ ᠪᠤᠵᠠᠭᠠᠶᠢᠷᠠᠭᠤᠯᠬᠤ ᠶᠢ ᠴᠢᠷᠮᠠᠶᠢᠨ ᠪᠡᠶᠡᠯᠡᠭᠦᠯᠦᠨ᠎ᠡ᠃
 
ᠢᠷᠡᠯᠲᠡ᠄ ᠠᠯᠲᠠᠨᠬᠢᠯᠢ ᠰᠤᠮᠤ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号