ᠮᠠᠨᠳᠤᠬᠤᠪᠤᠯᠠᠭ ᠪᠠᠯᠭᠠᠰᠤᠨ ᠤ ᠪᠠᠶᠠᠨᠪᠦ᠋ᠷᠢᠳᠦ ᠭᠠᠴᠠᠭ᠎ᠠ ᠵᠠᠩ ᠳᠠᠳᠬᠠᠯ ᠢ ᠥᠭᠡᠷᠡᠴᠢᠯᠡᠬᠦ᠂ ᠣᠷᠤᠨ ᠨᠤᠲᠤᠭ ᠤᠨ ᠪᠣᠯᠪᠠᠰᠤᠨ ᠰᠤᠷᠲᠠᠯ ᠤᠨ ᠠᠮᠠᠯᠠᠯᠲᠠ ᠶᠢᠨ ᠭᠠᠷ ᠤᠨ ᠥᠰᠥᠭ ᠵᠢᠷᠤᠬᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2023/6/2
      ᠨᠡᠶᠢᠭᠡᠮ ᠤᠨ ᠪᠣᠯᠪᠠᠰᠤᠨ ᠰᠢᠨ᠎ᠡ ᠬᠡᠪ ᠰᠤᠷᠲᠠᠯ ᠢ ᠪᠠᠳᠠᠷᠠᠭᠤᠯᠵᠤ᠂ ᠵᠠᠩ ᠳᠠᠳᠬᠠᠯ ᠢ ᠥᠭᠡᠷᠡᠴᠢᠯᠡᠬᠦ ᠠᠵᠢᠯ ᠢ ᠠᠬᠢᠭᠤᠯᠬᠤ ᠶᠢᠨ ᠲᠥᠯᠥᠭᠡ᠂ 5 ᠰᠠᠷ᠎ᠠ ᠶᠢᠨ 22 ᠤᠨ ᠡᠳᠦᠷ᠂ ᠮᠠᠨᠳᠤᠬᠤᠪᠤᠯᠠᠭ ᠪᠠᠯᠭᠠᠰᠤᠨ ᠤ ᠪᠠᠶᠠᠨᠪᠦ᠋ᠷᠢᠳᠦ ᠭᠠᠴᠠᠭ᠎ᠠ ᠵᠠᠩ ᠳᠠᠳᠬᠠᠯ ᠢ ᠥᠭᠡᠷᠡᠴᠢᠯᠡᠬᠦ᠂ ᠣᠷᠤᠨ ᠨᠤᠲᠤᠭ ᠤᠨ ᠪᠣᠯᠪᠠᠰᠤᠨ ᠰᠤᠷᠲᠠᠯ ᠤᠨ ᠠᠮᠠᠯᠠᠯᠲᠠ ᠳᠤ ᠭᠠᠷ ᠤᠨ ᠥᠰᠥᠭ ᠵᠢᠷᠤᠬᠤ ᠠᠵᠢᠯᠯᠠᠭ᠎ᠠ ᠥᠷᠨᠢᠭᠦᠯᠪᠡ᠃  ᠭᠠᠴᠠᠭ᠎ᠠ ᠳᠠᠭᠠᠭᠠᠴᠢᠯᠠᠭᠰᠠᠨ ᠺᠠᠳ᠋ᠷ᠂ ᠭᠠᠴᠠᠭᠠᠨ ᠤ ︽ᠬᠤᠶᠠᠷ ᠵᠥᠪᠯᠡᠯ︾ ᠤᠨ ᠭᠡᠰᠢᠭᠦᠨ᠂ ᠨᠠᠮ ᠤᠨ ᠭᠡᠰᠢᠭᠦᠨ᠂ ︽ᠬᠤᠶᠠᠷ ᠲᠥᠯᠥᠭᠡᠯᠡᠭᠴᠢ ᠨᠢᠭᠡ ᠭᠡᠰᠢᠭᠦᠨ︾᠂ ᠮᠠᠯᠴᠢᠨ ᠲᠥᠯᠥᠭᠡᠯᠡᠭᠴᠢ ᠵᠡᠷᠭᠡ ᠬᠥᠮᠥᠰ ᠲᠦᠷᠦᠭᠦᠯᠡᠨ ᠣᠪᠣᠷ ᠢᠶᠠᠨ ᠢᠯᠡᠳᠬᠡᠵᠦ᠂ ᠠᠮᠠᠯᠠᠯᠲᠠ ᠪᠠᠨ ᠤᠬᠠᠮᠰᠠᠷ ᠠᠴᠠ ᠪᠠᠨ ᠵᠢᠷᠤᠮᠯᠠᠨ᠂ ᠰᠠᠶᠢᠲᠤᠷ ᠥᠯᠢᠭᠡᠷ ᠳᠠᠭᠤᠷᠢᠶᠠᠯ ᠪᠣᠯᠵᠤ ᠬᠥᠲᠥᠯᠥᠨ ᠳᠠᠭᠠᠭᠤᠯᠤᠭᠰᠠᠨ ᠪᠠᠶᠢᠨ᠎ᠠ᠃      ᠠᠵᠢᠯᠯᠠᠭ᠎ᠠ ᠳᠤ ᠭᠤᠣᠯᠳᠠᠭᠤ ᠵᠣᠬᠢᠰᠲᠠᠢ ᠬᠡᠪᠴᠢᠶᠡᠨ ᠳᠤ ᠵᠢᠯ ᠣᠷᠣᠬᠤ ᠶᠢ ᠤᠬᠠᠭᠤᠯᠤᠨ᠂ ᠪᠦᠷᠢᠯᠭᠡᠨ ᠰᠦᠢᠳᠭᠡᠬᠦ ᠶᠢ ᠡᠰᠡᠷᠭᠦᠴᠡᠵᠦ᠂ ᠵᠠᠩ ᠳᠠᠳᠬᠠᠯ ᠢ ᠥᠭᠡᠷᠡᠴᠢᠯᠡᠬᠦ ᠶᠢᠨ ᠴᠢᠬᠤᠯᠠ ᠴᠢᠨᠠᠷ ᠲᠠᠶᠢᠯᠪᠤᠷᠢᠯᠠᠨ᠂ ᠬᠤᠷᠠᠯ ᠳᠤ ᠣᠷᠣᠯᠴᠠᠭᠰᠠᠳ ᠢ ᠬᠥᠲᠥᠯᠥᠨ ᠵᠢᠯᠤᠭᠤᠳᠴᠤ ᠠᠵᠢᠯᠯᠠᠭ᠎ᠠ ᠳᠤ ᠣᠷᠣᠯᠴᠠᠬᠤ ᠳᠤᠮᠳᠠ ᠪᠠᠨ ᠪᠦᠳᠦᠭᠦᠯᠢᠭ ᠵᠠᠩ ᠳᠠᠭᠠᠳᠬᠠᠯ ᠢ ᠨᠢ ᠲᠦᠷᠦᠭᠦᠯᠡᠨ ᠲᠠᠶᠠᠭᠳᠠᠭᠤᠯᠵᠤ᠂ ᠰᠢᠨᠵᠢᠯᠡᠬᠦ ᠤᠬᠠᠭᠠᠨᠴᠢ ᠪᠣᠯᠪᠠᠰᠤᠨ ᠠᠮᠢᠳᠤᠷᠠᠯ ᠤᠨ ᠣᠶᠢᠯᠠᠭᠠᠭᠳᠠᠬᠤᠨ ᠢ ᠪᠤᠢ ᠪᠣᠯᠭᠠᠨ᠂ ᠠᠵᠢᠯᠴᠢ ᠠᠷᠪᠢᠴᠢ ᠪᠠᠷ ᠠᠷᠪᠢᠯᠠᠨ ᠭᠠᠮᠨᠠᠬᠤ ᠰᠢᠯᠢᠳᠡᠭ ᠤᠯᠠᠮᠵᠢᠯᠠᠯ ᠪᠠ ᠪᠣᠯᠪᠠᠰᠤᠨ ᠡᠷᠡᠭᠦᠯ ᠨᠡᠶᠢᠭᠡᠮ ᠤᠨ ᠰᠢᠨ᠎ᠡ ᠬᠡᠪ ᠰᠤᠷᠲᠠᠯ ᠢ ᠪᠠᠳᠠᠷᠠᠭᠤᠯᠪᠠ᠃      ᠠᠵᠢᠯᠯᠠᠭ᠎ᠠ ᠳᠤ ᠣᠷᠤᠯᠴᠠᠭᠰᠠᠨ ᠨᠥᠬᠦᠳ ᠬᠠᠮᠲᠤ ᠪᠠᠷ ᠣᠳᠣᠬᠠᠨ ᠤ ᠭᠠᠴᠠᠭᠠᠨ ᠤ ᠣᠶᠤᠨ ᠤ ᠪᠣᠯᠪᠠᠰᠤᠨ ᠤ ᠪᠠᠶᠢᠭᠤᠯᠤᠯᠲᠠ᠂ ᠵᠠᠩ ᠳᠠᠳᠬᠠᠯ ᠢ ᠥᠭᠡᠷᠡᠴᠢᠯᠡᠬᠦ ᠠᠵᠢᠯ ᠤᠨ ᠳᠤᠮᠳᠠ ᠣᠷᠣᠰᠢᠵᠤ ᠪᠠᠶᠢᠭ᠎ᠠ ᠬᠦᠴᠢᠷ ᠠᠰᠠᠭᠤᠳᠠᠯ ᠢ ᠰᠤᠳᠤᠯᠤᠨ ᠶᠠᠷᠢᠯᠴᠠᠬᠤ ᠶᠢᠨ ᠬᠠᠮᠲᠤ ᠵᠣᠬᠢᠴᠠᠩᠭᠤᠢ ᠰᠢᠢᠳᠪᠦᠷᠢᠯᠡᠬᠦ ᠠᠷᠭ᠎ᠠ ᠬᠡᠮᠵᠢᠶ᠎ᠡ ᠶᠢ ᠳᠤᠷᠠᠳᠤᠨ ᠭᠠᠷᠭᠠᠵᠠᠢ᠃ ᠣᠯᠠᠨ ᠢᠶᠠᠷ ᠢᠶᠠᠨ ᠠᠮᠢᠳᠤᠷᠠᠯ ᠢᠶᠠᠨ ᠰᠠᠶᠢᠬᠠᠨ ᠴᠣᠭᠴᠠᠯᠠᠬᠤ ᠳᠤ ᠮᠠᠯᠴᠢᠳ ᠤᠨ ᠦᠵᠡᠯ ᠰᠠᠨᠠᠭ᠎ᠠ ᠶᠢ ᠬᠤᠪᠢᠷᠠᠭᠤᠯᠬᠤ  ᠨᠢ ᠮᠠᠰᠢ ᠴᠢᠬᠤᠯᠠ ᠶᠤᠮ᠂ ᠭᠠᠴᠠᠭᠠᠨ ᠤ ᠨᠢᠭᠡ ᠬᠤᠪᠢ ᠪᠣᠯᠤᠭᠰᠠᠨ ᠤ ᠬᠤᠪᠢ ᠳᠤ ᠮᠠᠯᠴᠢᠨ ᠲᠦᠮᠡᠨ ᠳᠤ ᠬᠡᠪ ᠳᠠᠭᠤᠷᠢᠶᠠᠯ ᠪᠣᠯᠵᠤ᠂ ᠬᠡᠪ ᠵᠠᠩᠰᠢᠯ ᠢ ᠥᠭᠡᠷᠡᠴᠢᠯᠡᠬᠦ ᠶᠢ ᠤᠬᠠᠭᠤᠯᠤᠨ ᠰᠠᠨᠠᠭᠠᠴᠢᠯᠠᠵᠤ᠂ ᠪᠣᠯᠪᠠᠰᠤᠨ ᠰᠢᠨ᠎ᠡ ᠰᠤᠷᠲᠠᠯ ᠤᠨ ᠢᠳᠡᠪᠬᠢᠲᠡᠢ ᠰᠠᠨᠠᠭᠠᠴᠢᠯᠠᠭᠴᠢ ᠪᠠ ᠤᠬᠠᠮᠰᠠᠷ ᠠᠴᠠ ᠪᠠᠨ ᠦᠢᠯᠡᠳᠦᠯᠭᠡᠵᠢᠭᠦᠯᠦᠭᠴᠢ ᠪᠣᠯᠵᠤ᠂ ᠪᠥᠬᠦ ᠪᠠᠯᠭᠠᠰᠤᠨ ᠤ ᠣᠶᠤᠨ ᠤ ᠪᠣᠯᠪᠠᠰᠤᠨ ᠤ ᠪᠠᠶᠢᠭᠤᠯᠤᠯᠲᠠ ᠳᠤ ᠥᠪᠡᠷ ᠤᠨ ᠬᠦᠴᠦᠨ ᠴᠢᠳᠠᠯ ᠢᠶᠠᠨ ᠡᠷᠭᠦᠬᠦ ᠬᠡᠷᠡᠭᠲᠡᠢ ᠭᠡᠵᠦ ᠰᠠᠨᠠᠯ ᠨᠢᠭᠡᠲᠡᠢ ᠦᠵᠡᠵᠦ ᠪᠠᠶᠢᠯ᠎ᠠ᠃ ᠣᠯᠠᠨ ᠢᠶᠠᠷ ᠢᠶᠠᠨ ᠢᠳᠡᠪᠬᠢᠲᠡᠢ ᠪᠠᠷ ᠭᠠᠷ ᠤᠨ ᠦᠰᠦᠭ ᠵᠢᠷᠤᠵᠤ ᠢᠲᠡᠭᠡᠯ ᠵᠣᠷᠢᠭ ᠢᠶᠠᠨ ᠢᠯᠡᠳᠬᠡᠵᠡᠢ᠃
 
ᠢᠷᠡᠯᠲᠡ᠄ ᠮᠠᠨᠳᠣᠬᠤᠪᠣᠯᠠᠭ ᠪᠠᠯᠭᠠᠰᠤ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号