ᠮᠠᠨᠳᠣᠬᠤᠪᠤᠯᠠᠭ ᠪᠠᠯᠭᠠᠰᠣᠨ ᠤ ᠬᠤᠯᠪᠤᠭ᠎ᠠ ᠭᠠᠴᠠᠭ᠎ᠠ ᠣᠷᠴᠢᠨ ᠲᠣᠭᠤᠷᠢᠨ ᠢ ᠴᠡᠭᠴᠡᠯᠡᠨ ᠵᠠᠰᠠᠬᠤ ᠠᠵᠢᠯ ᠢ ᠢᠳᠡᠪᠬᠢᠲᠡᠢ ᠠᠬᠢᠭᠤᠯᠵᠤ᠂ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠢ ᠴᠣᠭᠴᠠᠯᠠᠨ ᠪᠠᠶᠢᠭᠤᠯᠪᠠ
ᠨᠡᠶᠢᠲᠡᠯᠡᠭᠰᠡᠨ ᠴᠠᠭ᠄
2023/6/2
      5 ᠰᠠᠷ᠎ᠠ ᠶᠢᠨ 23 ᠤ ᠡᠳᠦᠷ᠂ ᠮᠠᠨᠳᠤᠬᠤᠪᠤᠠᠯᠭ ᠪᠠᠯᠭᠠᠰᠤᠨ ᠤ ᠬᠤᠯᠪᠤᠭ᠎ᠠ ᠭᠠᠴᠠᠭᠠᠨ ᠤ ᠬᠤᠶᠠᠷ ᠵᠥᠪᠯᠡᠯ ᠠᠴᠠ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ︽ᠶᠡᠭᠡ ᠴᠡᠪᠡᠷᠯᠡᠯᠲᠡ︾ ᠶᠢᠨ ᠠᠵᠢᠯᠯᠠᠭ᠎ᠠ ᠥᠷᠨᠢᠭᠦᠯᠵᠦ᠂ ᠮᠠᠯᠵᠢᠬᠤ ᠣᠷᠣᠨ ᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠱᠠᠭᠠᠷᠳᠠᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠤᠨ᠂ ᠤᠯᠠᠨ ᠲᠦᠮᠡᠨ ᠤ ᠣᠷᠣᠰᠢᠨ ᠰᠠᠭᠤᠬᠤ ᠳᠤ ᠲᠣᠬᠢᠷᠠᠮᠵᠢᠲᠠᠢ ᠰᠠᠶᠢᠨ ᠰᠠᠶᠢᠬᠠᠨ ᠣᠷᠴᠢᠨ ᠲᠣᠭᠤᠷᠢᠨ ᠢ  ᠪᠣᠶ ᠪᠣᠯᠭᠠᠵᠤ᠂ ᠬᠦᠳᠡᠭᠡ ᠲᠣᠰᠬᠤᠨ ᠤ ᠳᠦᠷᠰᠦ ᠪᠠᠶᠢᠳᠠᠯ ᠤᠨ ︽ᠴᠤᠭ ᠵᠢᠪᠬᠤᠭ᠎ᠠ︾ ᠶᠢ ᠳᠡᠭᠡᠭᠰᠢᠯᠡᠭᠦᠯᠪᠡ᠃      ᠲᠣᠰ ᠣᠳᠠᠭᠠᠨ ᠤ ᠬᠦᠳᠡᠯᠭᠡᠭᠡᠨ ᠨᠢ ᠪᠠᠯᠭᠠᠰᠣᠨ ᠤ ᠭᠤᠣᠯ ᠵᠠᠮ ᠢᠶᠠᠷ ᠡᠬᠢᠯᠡᠯᠲᠡ ᠶᠢᠨ ᠴᠡᠭ ᠪᠣᠯᠭᠠᠵᠤ᠂ ᠭᠠᠴᠠᠭᠠᠨ ᠤ ᠡᠷᠬᠢᠨ ᠲᠣᠭᠤᠷᠢᠨ ᠵᠢᠴᠢ ᠵᠠᠮ ᠤᠨ ᠬᠠᠵᠠᠭᠤ ᠶᠢ ᠭᠤᠣᠯᠳᠠᠯᠭ᠎ᠠ ᠲᠠᠢ ᠴᠡᠪᠡᠷᠯᠡᠵᠦ ᠴᠡᠭᠴᠡᠯᠡᠨ ᠵᠠᠰᠠᠪᠠ᠃ ᠴᠡᠪᠡᠷᠯᠡᠬᠦ ᠠᠵᠢᠯᠯᠠᠭᠠᠨ ᠤ ᠳᠤᠮᠳᠠ᠂ ᠮᠠᠨᠳᠤᠬᠤᠪᠤᠯᠠᠭ ᠪᠠᠯᠭᠠᠰᠤᠨ ᠤ ᠬᠤᠯᠪᠤᠭ᠎ᠠ ᠭᠠᠴᠠᠭᠠᠨ ᠤ ᠬᠤᠶᠠᠷ ᠵᠥᠪᠯᠡᠯ ᠤᠨ ᠠᠵᠢᠯᠲᠠᠳ ᠬᠤᠭ ᠤᠨ ᠬᠠᠪᠴᠢᠭᠤᠷ᠂ ᠬᠤᠭ ᠤᠨ ᠤᠭᠤᠲᠠ ᠵᠡᠷᠭᠡ ᠴᠡᠪᠡᠷᠯᠡᠬᠦ ᠪᠠᠭᠠᠵᠢ ᠬᠡᠷᠡᠭᠰᠡᠯ ᠢᠶᠠᠨ ᠪᠠᠷᠢᠵᠤ᠂ ᠡᠪᠡᠰᠦᠨ ᠪᠤᠲᠠ᠂ ᠪᠤᠯᠤᠩ ᠳᠠᠬᠢ ᠴᠠᠭᠠᠨᠰᠣ᠂ ᠰᠦᠯᠢᠶᠥᠦ ᠤᠭᠤᠲᠠ ᠵᠡᠷᠭᠡ ᠬᠤᠭ ᠨᠣᠪᠰᠢ ᠶᠢ ᠨᠠᠷᠢᠨ ᠬᠢᠨᠠᠮᠠᠭᠠᠢ ᠴᠡᠪᠡᠷᠯᠡᠵᠡᠢ᠃ ᠡᠭᠦᠨ ᠤ ᠬᠠᠮᠲᠤ᠂ ᠮᠠᠨᠳᠤᠬᠤᠪᠤᠯᠠᠭ ᠪᠠᠯᠭᠠᠰᠤᠨ ᠤ ᠬᠤᠯᠪᠤᠭ᠎ᠠ ᠭᠠᠴᠠᠭᠠᠨ ᠤ ᠬᠤᠶᠠᠷ ᠵᠥᠪᠯᠡᠯ ᠠᠴᠠ ᠣᠯᠠᠨ ᠲᠦᠮᠡᠨ ᠳᠤ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠶᠢᠨ ᠴᠢᠬᠤᠯᠠ ᠴᠢᠨᠠᠷ ᠢ ᠢᠳᠡᠪᠬᠢᠲᠡᠢ ᠤᠬᠠᠭᠤᠯᠵᠤ᠂ ᠡᠷᠡᠭᠦᠯ ᠰᠠᠷᠠᠭᠤᠯ ᠪᠣᠯᠪᠠᠰᠤᠨ ᠠᠮᠢᠳᠤᠷᠠᠯ ᠤᠨ ᠰᠢᠨ᠎ᠡ ᠬᠡᠪ ᠰᠤᠷᠲᠠᠯ ᠢ ᠪᠣᠶ ᠪᠣᠯᠭᠠᠨ᠂ ᠰᠠᠭᠤᠭᠠᠯᠢ ᠠᠷᠠᠳ ᠤᠨ ᠪᠣᠯᠪᠠᠰᠤᠨ ᠤ ᠤᠬᠠᠮᠰᠠᠷ᠂ ᠡᠷᠡᠭᠦᠯ ᠬᠠᠮᠠᠭᠠᠯᠠᠯ ᠤᠨ ᠤᠬᠠᠮᠰᠠᠷ ᠪᠠ ᠣᠷᠴᠢᠨ ᠲᠣᠭᠤᠷᠢᠨ ᠤ ᠤᠬᠠᠮᠰᠠᠷ ᠢ ᠤᠯᠠᠮ ᠨᠢᠭᠡ ᠠᠯᠬᠤᠮ ᠴᠢᠩᠭᠠᠳᠬᠠᠵᠤ᠂ ᠠᠷᠢᠭᠤᠨ ᠴᠡᠪᠡᠷ᠂ ᠡᠮᠬᠢ ᠵᠢᠷᠤᠮ ᠲᠠᠢ ᠲᠣᠰᠬᠤᠨ ᠤ ᠣᠷᠣᠰᠢᠨ ᠰᠠᠭᠤᠬᠤ ᠣᠷᠴᠢᠨ ᠲᠣᠭᠤᠷᠢᠨ ᠢ ᠬᠠᠮᠲᠤ ᠪᠠᠷ ᠪᠣᠶ ᠪᠣᠯᠭᠠᠬᠤ ᠶᠢ ᠰᠠᠨᠠᠭᠠᠴᠢᠯᠠᠪᠠ᠃      ᠳᠠᠷᠠᠭᠠᠴᠢ ᠶᠢᠨ ᠠᠯᠬᠤᠮ ᠳᠤ᠂ ᠮᠠᠨᠳᠤᠬᠤᠪᠤᠯᠠᠭ ᠪᠠᠯᠭᠠᠰᠤᠨ ᠤ ᠬᠤᠯᠪᠤᠭ᠎ᠠ ᠭᠠᠴᠠᠭ᠎ᠠ ᠨᠢ ᠣᠷᠴᠢᠨ ᠲᠣᠭᠤᠷᠢᠨ ᠢ ᠴᠡᠭᠴᠡᠯᠡᠨ ᠵᠠᠰᠠᠬᠤ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠣᠷᠴᠢᠨ ᠲᠣᠭᠤᠷᠢᠨ ᠢ ᠴᠡᠭᠴᠡᠯᠡᠨ ᠵᠠᠰᠠᠬᠤ ᠠᠵᠢᠯ ᠢ ᠪᠠᠶᠢᠩᠭᠤᠵᠢᠭᠤᠯᠬᠤ᠂ ᠨᠠᠷᠢᠯᠢᠭᠵᠢᠭᠤᠯᠬᠤ᠂ ᠤᠷᠳᠤ ᠬᠤᠭᠤᠴᠠᠭ᠎ᠠ ᠪᠠᠷ ᠪᠦᠲᠦᠮᠵᠢᠲᠡᠢ ᠪᠠᠶᠢᠯᠭᠠᠬᠤ ᠶᠢ ᠠᠬᠢᠭᠤᠯᠵᠤ᠂ ᠦᠵᠡᠰᠬᠦᠯᠡᠩᠲᠦ ᠰᠠᠶᠢᠬᠠᠨ ᠣᠷᠣᠰᠢᠨ ᠰᠠᠭᠤᠬᠤ ᠳᠤ ᠲᠣᠬᠢᠷᠠᠮᠵᠢᠲᠠᠢ ᠰᠢᠨ᠎ᠡ ᠬᠥᠳᠡᠭᠡ ᠲᠣᠰᠬᠤᠨ ᠢ ᠴᠣᠭᠴᠠᠯᠠᠨ᠂ ᠤᠯᠠᠨ ᠲᠦᠮᠡᠨ ᠤ ᠵᠣᠯ ᠵᠢᠷᠭᠠᠯ ᠤᠨ ᠲᠥᠷᠥᠭᠳᠡᠯ ᠢ ᠳᠠᠰᠤᠷᠠᠯᠳᠠ ᠦᠭᠡᠢ ᠳᠡᠭᠡᠭᠰᠢᠯᠡᠭᠦᠯᠦᠨ᠎ᠡ᠃
 
ᠢᠷᠡᠯᠲᠡ᠄ ᠮᠠᠨᠳᠣᠬᠤᠪᠣᠯᠠᠭ ᠪᠠᠯᠭᠠᠰᠤ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号