ᠠᠶᠤᠯ ᠦᠭᠡᠢ ᠦᠢᠯᠡᠳᠪᠦᠷᠢᠯᠡᠯ ᠤᠨ ᠬᠦᠨᠳᠦ ᠶᠡᠭᠡ ᠠᠶᠤᠯ ᠲᠦᠭᠰᠢᠭᠦᠷᠢ ᠪᠠ ᠠᠳᠡᠯ ᠤᠨ ᠲᠡᠯᠳᠠ ᠭᠡᠮ ᠢ | ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠠᠵᠢᠯ ᠢ ᠤᠯᠠᠮ ᠨᠢᠭᠡ ᠠᠯᠬᠤᠮ ᠴᠢᠩᠭᠠᠳᠬᠠᠬᠤ ᠲᠤᠬᠠᠢ ᠬᠠᠷᠢᠭᠤ | ᠮᠡᠳᠡᠭᠦᠯᠦᠯᠲᠡ ᠶᠢ ᠰᠣᠨᠣᠰᠴᠤ᠂ ︽ᠭᠡᠷ ᠤᠨ ᠬᠡᠷᠡᠭᠰᠡᠯ ᠤᠨ ᠬᠡᠷᠡᠭᠯᠡᠭᠡ ᠶᠢ ᠠᠬᠢᠭᠤᠯᠬᠤ ᠲᠤᠬᠠᠢ ᠠᠷᠭ᠎ᠠ ᠬᠡᠮᠵᠢᠶ᠎ᠡ ᠨᠦᠭᠦᠳ︾ | ᠢ ᠬᠢᠨᠠᠨ ᠵᠥᠪᠯᠡᠵᠦ ᠪᠠᠲᠤᠯᠠᠪᠠ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠺᠤᠨᠰᠦ᠋ᠯ ᠤᠨ ᠬᠠᠮᠠᠭᠠᠯᠠᠯᠲᠠ ᠪᠠ | ᠬᠠᠮᠵᠢᠯᠴᠠᠭᠠᠨ ᠤ ᠳᠦᠷᠢᠮ ︵ᠡᠬᠡ ᠨᠣᠣᠷᠠᠭ︶︾ ᠢ ᠬᠢᠨᠠᠨ ᠵᠥᠪᠯᠡᠵᠦ ᠪᠠᠲᠤᠯᠠᠪᠠ ︽ᠪᠥᠬᠦᠳᠡ ᠨᠠᠶᠢᠷᠠᠮᠳᠠᠬᠤ ᠳᠤᠮᠳᠠᠳᠤ | ᠠᠷᠠᠳ ᠤᠯᠤᠰ ᠤᠨ ᠠᠮᠤᠷ ᠢ ᠬᠠᠮᠠᠭᠠᠯᠠᠬᠤ ᠬᠠᠮᠢᠶᠠᠷᠤᠯᠲᠠ ᠶᠢᠨ ᠰᠢᠢᠳᠬᠡᠯ ᠤᠨ ᠬᠠᠤᠯᠢ ︵ᠵᠠᠰᠠᠪᠤᠷᠢ ᠣᠷᠣᠭᠤᠯᠤᠭᠰᠠᠨ ᠡᠬᠡ | ᠨᠣᠣᠷᠠᠭ︶︾ ᠶᠢ ᠶᠠᠷᠢᠯᠴᠠᠪᠠ | | ᠰᠢᠨᠬᠤᠸᠠ ᠬᠤᠷᠢᠶᠠᠨ ᠤ ᠪᠡᠭᠡᠵᠢᠩ ᠤᠨ 6 ᠳ᠋ᠤᠭᠠᠷ ᠰᠠᠷ᠎ᠠ ᠶᠢᠨ 29 ᠤ ᠡᠳᠦᠷ ᠤᠨ ᠴᠠᠬᠢᠯᠭᠠᠨ ᠮᠡᠳᠡᠭᠡ ᠲᠥᠷᠥ ᠶᠢᠨ | ᠶᠠᠪᠤᠳᠠᠯ ᠤᠨ ᠬᠤᠷᠢᠶᠠᠨ ᠤ ᠶᠡᠷᠦᠩᠬᠡᠢ ᠰᠠᠶᠢᠳ ᠯᠢ ᠴᠢᠶᠠᠩ 6 ᠳ᠋ᠤᠭᠠᠷ ᠰᠠᠷ᠎ᠠ ᠶᠢᠨ 29 ᠤ ᠡᠳᠦᠷ ᠲᠥᠷᠥ ᠶᠢᠨ | ᠶᠠᠪᠤᠳᠠᠯ ᠤᠨ ᠬᠤᠷᠢᠶᠠᠨ ᠤ ᠠᠶᠤᠯ ᠦᠭᠡᠢ ᠦᠢᠯᠡᠳᠪᠦᠷᠢᠯᠡᠯ ᠤᠨ ᠬᠦᠨᠳᠦ ᠶᠡᠭᠡ ᠠᠶᠤᠯ ᠲᠦᠭᠰᠢᠭᠦᠷᠢ ᠪᠠ ᠠᠳᠡᠯ ᠤᠨ | ᠲᠠᠯᠳᠠ ᠭᠡᠮ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠠᠵᠢᠯ ᠢ ᠤᠯᠠᠮ ᠨᠢᠭᠡ ᠠᠯᠬᠤᠮ ᠴᠢᠩᠭᠠᠳᠬᠠᠬᠤ ᠲᠤᠬᠠᠢ | ᠬᠠᠷᠢᠭᠤ ᠮᠡᠳᠡᠭᠦᠯᠦᠯᠲᠡ ᠶᠢ ᠰᠣᠨᠣᠰᠴᠤ᠂ ︽ᠭᠡᠷ ᠤᠨ ᠬᠡᠷᠡᠭᠰᠡᠯ ᠤᠨ ᠬᠡᠷᠡᠭᠯᠡᠭᠡ ᠶᠢ ᠠᠬᠢᠭᠤᠯᠬᠤ ᠲᠤᠬᠠᠢ ᠠᠷᠭ᠎ᠠ | ᠬᠡᠮᠵᠢᠶ᠎ᠡ ᠨᠦᠭᠦᠳ︾ ᠢ ᠬᠢᠨᠠᠨ ᠵᠥᠪᠯᠡᠵᠦ ᠪᠠᠲᠤᠯᠠᠪᠠ᠃ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ | ᠺᠤᠨᠰᠦ᠋ᠯ ᠤᠨ ᠬᠠᠮᠠᠭᠠᠯᠠᠯᠲᠠ ᠪᠠ ᠬᠠᠮᠵᠢᠯᠴᠠᠭᠠᠨ ᠤ ᠳᠦᠷᠢᠮ ︵ᠡᠬᠡ ᠨᠣᠣᠷᠠᠭ︶︾ ᠢ ᠬᠢᠨᠠᠨ ᠵᠥᠪᠯᠡᠵᠦ ᠪᠠᠲᠤᠯᠠᠪᠠ᠃ ︽ | ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠮᠤᠷ ᠢ ᠬᠠᠮᠠᠭᠠᠯᠠᠬᠤ ᠬᠠᠮᠢᠶᠠᠷᠤᠯᠲᠠ ᠶᠢᠨ ᠰᠢᠢᠳᠬᠡᠯ ᠤᠨ ᠬᠠᠤᠯᠢ | ︵ᠵᠠᠰᠠᠪᠤᠷᠢ ᠣᠷᠣᠭᠤᠯᠤᠭᠰᠠᠨ ᠡᠬᠡ ᠨᠣᠣᠷᠠᠭ︶︾ ᠶᠢ ᠶᠠᠷᠢᠯᠴᠠᠪᠠ᠃ | ᠬᠤᠷᠠᠯ ᠠᠴᠠ ᠵᠢᠭᠠᠵᠤ ᠭᠠᠷᠭᠠᠭᠰᠠᠨ ᠨᠢ᠂ ᠨᠢᠩᠰᠢᠶᠠ ᠶᠢᠨ ᠢᠷᠭᠠᠢ ᠶᠢᠨ ︽6 • 21︾ ᠤ ᠣᠨᠴᠠ ᠬᠦᠨᠳᠦ | ᠶᠡᠭᠡ ᠰᠢᠲᠠᠮᠠᠬᠠᠢ ᠬᠡᠢ ᠶᠢᠨ ᠳᠡᠯᠪᠡᠷᠡᠯᠲᠡ ᠶᠢᠨ ᠠᠳᠡᠯ ᠳᠤ ᠣᠯᠠᠨ ᠬᠥᠮᠥᠨ ᠰᠢᠷᠬᠠᠲᠤᠵᠤ᠂ ᠨᠡᠶᠢᠭᠡᠮ ᠤᠨ ᠨᠥᠯᠥᠭᠡ ᠶᠡᠭᠡ᠂ | ᠰᠤᠷᠭᠠᠮᠵᠢ ᠲᠤᠶᠢᠯ ᠤᠨ ᠭᠦᠨᠵᠡᠭᠡᠢ ᠪᠠᠶᠢᠨ᠎ᠠ᠃ ᠶᠡᠷᠦᠩᠬᠡᠢ ᠱᠦᠵᠢ ᠰᠢ ᠶᠢᠨ ᠫᠢᠩ ᠤᠨ ᠠᠶᠤᠯ ᠦᠭᠡᠢ ᠦᠢᠯᠡᠳᠪᠦᠷᠢᠯᠡᠯ | ᠤᠨ ᠲᠤᠬᠠᠢ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ | ᠨᠠᠶᠢᠳᠠᠪᠤᠷᠢᠵᠢᠭᠤᠯᠵᠤ᠂ ᠠᠶᠤᠯ ᠦᠭᠡᠢ ᠦᠢᠯᠡᠳᠪᠦᠷᠢᠯᠡᠯ ᠤᠨ ᠬᠦᠨᠳᠦ ᠶᠡᠭᠡ ᠠᠶᠤᠯ ᠲᠦᠭᠰᠢᠭᠦᠷᠢ ᠪᠣᠯᠣᠨ ᠠᠳᠡᠯ ᠤᠨ | ᠲᠠᠯᠳᠠ ᠭᠡᠮ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠶᠢ ᠤᠯᠠᠮ ᠨᠢᠭᠡ ᠠᠯᠬᠤᠮ ᠴᠢᠩᠭᠠᠷᠠᠭᠤᠯᠤᠨ᠂ ︽ᠴᠠᠭ | ᠦᠷᠭᠦᠯᠵᠢ ᠰᠠᠨᠠᠭᠠᠰᠢᠷᠠᠨ ᠵᠣᠪᠠᠨᠢᠬᠤ︾ ᠬᠠᠷᠢᠭᠤᠴᠠᠯᠭᠠᠲᠤ ᠰᠡᠳᠬᠢᠯᠭᠡ ᠪᠠᠷ ᠠᠵᠢᠯ ᠤᠨ ᠨᠠᠶᠢᠳᠠᠪᠤᠷᠢᠵᠢᠭᠤᠯᠤᠯᠲᠠ ᠶᠢ | ᠪᠣᠳᠠᠲᠠᠢ ᠪᠥᠭᠡᠳ ᠨᠠᠷᠢᠯᠢᠭ ᠠᠳᠬᠤᠵᠤ᠂ ᠠᠶᠤᠯ ᠦᠭᠡᠢ ᠦᠢᠯᠡᠳᠪᠦᠷᠢᠯᠡᠯ ᠤᠨ ᠬᠦᠨᠳᠦ ᠣᠨᠴᠠ ᠶᠡᠭᠡ ᠠᠳᠡᠯ ᠭᠠᠷᠬᠤ ᠶᠢ | ᠪᠦᠲᠦᠮᠵᠢᠲᠡᠶ ᠰᠡᠷᠭᠡᠶᠢᠯᠡᠵᠦ᠂ ᠠᠷᠠᠳ ᠤᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠪᠠᠲᠤᠯᠠᠬᠤ | ᠬᠡᠷᠡᠭᠲᠡᠢ᠃ ᠭᠤᠣᠯ ᠵᠥᠷᠢᠴᠡᠯ ᠢ ᠴᠢᠩᠭ᠎ᠠ ᠠᠳᠬᠤᠵᠤ᠂ ᠪᠡᠯᠡᠳᠬᠡᠮᠵᠢ ᠲᠥᠬᠦᠭᠡᠷᠦᠮᠵᠢ ᠶᠢᠨ ᠣᠷᠴᠢᠨ ᠲᠣᠭᠤᠷᠢᠨ ᠤ ︽ | ᠠᠯᠳᠠᠭ᠎ᠠ ᠳᠤᠲᠠᠭᠳᠠᠯ︾ ᠢ ᠪᠠᠶᠢᠴᠠᠭᠠᠬᠤ ᠪᠠᠷ ᠪᠠᠷᠠᠬᠤ ᠦᠭᠡᠢ᠂ ᠨᠡᠩ ᠴᠤ ᠬᠥᠮᠥᠨ ᠤ ᠬᠦᠴᠦᠨ ᠵᠦᠢᠯ ᠤᠨ ︽ᠡᠮᠵᠡᠭ | ᠲᠠᠯ᠎ᠠ︾ ᠶᠢ ᠨᠥᠬᠦᠪᠦᠷᠢᠯᠡᠵᠦ᠂ ᠤᠯᠠᠨ ᠨᠡᠶᠢᠲᠡ ᠶᠢᠨ ᠠᠮᠤᠷ ᠲᠦᠪᠰᠢᠨ ᠤ ᠤᠬᠠᠮᠰᠠᠷ ᠪᠣᠯᠣᠨ ᠲᠤᠬᠠᠶᠢᠯᠠᠭᠰᠠᠨ ᠠᠵᠢᠯ | ᠡᠷᠭᠢᠯᠡᠭᠰᠡᠳ ᠤᠨ ᠠᠮᠤᠷ ᠲᠦᠪᠰᠢᠨ ᠤ ᠬᠠᠷᠢᠭᠤᠴᠠᠯᠭ᠎ᠠ᠂ ᠠᠮᠤᠷ ᠲᠦᠪᠰᠢᠨ ᠤ ᠤᠷ᠎ᠠ ᠴᠢᠳᠠᠪᠤᠷᠢ ᠶᠢᠨ ᠳᠡᠭᠡᠭᠰᠢᠯᠡᠯᠲᠡ ᠶᠢ | ᠶᠡᠭᠡ ᠪᠠᠷ ᠠᠬᠢᠭᠤᠯᠬᠤ ᠬᠡᠷᠡᠭᠲᠡᠢ᠃ ᠦᠩᠭᠡᠨ ᠲᠠᠯ᠎ᠠ ᠪᠠ ᠦᠨᠳᠦᠰᠦ ᠠᠴᠠ ᠨᠢ ᠵᠡᠷᠭᠡ ᠪᠠᠷ ᠵᠠᠰᠠᠬᠤ ᠶᠢ ᠴᠢᠩᠭᠠᠳᠬᠠᠵᠤ᠂ | ᠰᠢᠲᠠᠮᠠᠬᠠᠢ ᠬᠡᠢ᠂ ᠪᠠᠷᠢᠯᠭ᠎ᠠ ᠶᠢᠨ ᠠᠵᠢᠯ᠂ ᠵᠠᠮ ᠲᠡᠭᠡᠭᠡᠪᠦᠷᠢ ᠵᠡᠷᠭᠡ ᠭᠤᠣᠯᠳᠠᠯᠭ᠎ᠠ ᠲᠠᠢ ᠠᠵᠢᠯ ᠲᠦᠷᠦᠯ ᠤᠨ ᠬᠦᠷᠢᠶᠡᠨ ᠳᠤ | ᠴᠢᠭᠯᠡᠭᠦᠯᠦᠨ᠂ ᠣᠳᠣᠬᠠᠨ ᠤ ᠲᠣᠪᠣᠶᠢᠮ᠎ᠠ ᠠᠰᠠᠭᠤᠳᠠᠯ ᠢ ᠱᠠᠯᠠᠪᠳᠠᠨ ᠰᠢᠢᠳᠪᠦᠷᠢᠯᠡᠬᠦ ᠶᠢᠨ ᠬᠠᠮᠲᠤ᠂ ᠠᠮᠤᠷ ᠲᠦᠪᠰᠢᠨ ᠤ | ᠠᠶᠤᠯ ᠲᠦᠭᠰᠢᠭᠦᠷᠢ ᠶᠢ ᠡᠬᠢ ᠢᠷᠡᠯᠲᠡ ᠠᠴᠠ ᠨᠢ ᠪᠠᠭᠠᠰᠬᠠᠵᠤ᠂ ᠲᠠᠯᠳᠠ ᠭᠡᠮ ᠢ ᠪᠠᠶᠢᠩᠭᠤ ᠵᠠᠰᠠᠭᠰᠠᠨ ᠴᠦ ᠢᠮᠠᠭᠲᠠ | ᠣᠷᠣᠰᠢᠬᠤ᠂ ᠠᠳᠡᠯ ᠢ ᠣᠯᠠᠨᠲᠠ ᠴᠠᠭᠠᠵᠠᠯᠠᠪᠠᠴᠤ ᠠᠷᠢᠯᠭᠠᠵᠤ ᠳᠡᠶᠢᠯᠬᠦ ᠦᠭᠡᠢ ᠠᠰᠠᠭᠤᠳᠠᠯ ᠠᠴᠠ ᠵᠠᠶᠢᠯᠠᠰᠬᠢᠬᠦ ᠬᠡᠷᠡᠭᠲᠡᠢ᠃ | ︽ᠨᠢᠭᠡ ᠶᠠᠪᠤᠳᠠᠯ︾ ᠤᠨ ᠲᠣᠭᠤᠷᠢᠨ ᠳᠤ ᠠᠶᠤᠯ ᠦᠭᠡᠢ ᠦᠢᠯᠡᠳᠪᠦᠷᠢᠯᠡᠯ ᠤᠨ ᠬᠠᠮᠢᠶ᠎ᠠ ᠪᠦᠬᠦᠢ ᠬᠠᠷᠢᠭᠤᠴᠠᠯᠭ᠎ᠠ ᠶᠢ ᠪᠦᠬᠦ | ᠬᠡᠯᠬᠢᠶ᠎ᠡ ᠪᠠᠷ ᠲᠣᠳᠣᠷᠬᠠᠶᠢᠯᠠᠵᠤ᠂ ᠬᠤᠪᠢᠶᠠᠷᠢᠯᠠᠬᠤ ᠪᠠ ᠨᠠᠶᠢᠳᠠᠪᠤᠷᠢᠵᠢᠭᠤᠯᠵᠤ᠂ ᠡᠯ᠎ᠡ ᠭᠠᠵᠠᠷ ᠣᠷᠣᠨ ᠡᠯ᠎ᠡ ᠬᠤᠯᠪᠣᠭᠳᠠᠯ | ᠪᠦᠬᠦᠢ ᠰᠠᠯᠠᠭ᠎ᠠ ᠮᠥᠴᠢᠷ ᠤᠨ ᠬᠢᠨ ᠴᠢᠩᠭ᠎ᠠ᠂ ᠪᠣᠳᠠᠲᠠᠢ ᠪᠥᠭᠡᠳ ᠨᠠᠷᠢᠯᠢᠭ ᠠᠷᠭ᠎ᠠ ᠬᠡᠮᠵᠢᠶ᠎ᠡ ᠠᠪᠴᠤ᠂ ᠴᠢᠩᠭ᠎ᠠ ᠬᠢᠨᠠᠨ | ᠬᠠᠮᠢᠶᠠᠷᠴᠤ᠂ ᠬᠠᠰᠢ ᠶᠠᠰᠢ ᠬᠠᠨᠳᠤᠬᠤ ᠦᠭᠡᠢ ᠪᠠᠶᠢᠵᠤ᠂ ᠬᠠᠤᠯᠢ ᠬᠡᠷᠡᠭᠵᠢᠭᠦᠯᠬᠦ ᠳᠤ ︽ᠠᠭᠤᠵᠢᠮ ᠰᠤᠯᠠ ᠵᠠᠳᠠᠭᠠᠢ︾ | ᠪᠠᠶᠢᠬᠤ ᠶᠢ ᠡᠷᠡᠰ ᠬᠤᠷᠢᠭᠯᠠᠵᠤ᠂ ᠬᠠᠷᠢᠭᠤᠴᠠᠯᠭ᠎ᠠ ᠪᠣᠯᠣᠨ ᠳᠠᠷᠤᠯᠲᠠ ᠶᠢ ᠦᠨᠡᠨ ᠬᠦ ᠦᠨᠳᠦᠰᠦᠨ ᠱᠠᠲᠤᠨ ᠳᠤ ᠬᠦᠷᠲᠡᠯ᠎ᠡ | ᠨᠠᠶᠢᠳᠠᠪᠤᠷᠢᠵᠢᠭᠤᠯᠵᠤ᠂ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠳᠤ ᠪᠠᠨ ᠠᠰᠠᠭᠤᠳᠠᠯ ᠢ ᠢᠯᠡᠷᠡᠭᠦᠯᠦᠨ᠂ ᠠᠰᠠᠭᠤᠳᠠᠯ ᠢ | ᠰᠢᠢᠳᠪᠦᠷᠢᠯᠡᠵᠦ᠂ ᠪᠣᠳᠠᠲᠤ ᠦᠷ᠎ᠡ ᠪᠦᠲᠦᠮᠵᠢ ᠣᠯᠬᠤ ᠶᠢ ᠪᠠᠲᠤᠯᠠᠬᠤ ᠬᠡᠷᠡᠭᠲᠡᠢ ᠭᠡᠵᠡᠢ᠃ | ᠬᠤᠷᠠᠯ ᠠᠴᠠ᠂ ᠭᠡᠷ ᠤᠨ ᠬᠡᠷᠡᠭᠰᠡᠯ ᠤᠨ ᠬᠡᠷᠡᠭᠯᠡᠭᠡ ᠳᠤ ᠬᠤᠯᠪᠣᠭᠳᠠᠬᠤ ᠬᠦᠷᠢᠶ᠎ᠡ ᠬᠡᠪᠴᠢᠶ᠎ᠡ ᠣᠯᠠᠨ᠂ ᠳᠡᠭᠡᠳᠦ | ᠳᠣᠣᠷᠠᠳᠤ ᠤᠷᠤᠰᠬᠠᠯ ᠤᠨ ᠬᠡᠯᠬᠢᠶ᠎ᠡ ᠤᠷᠲᠤ᠂ ᠬᠡᠪᠴᠢᠶ᠎ᠡ ᠪᠠᠭᠲᠠᠭᠠᠮᠵᠢ ᠶᠡᠭᠡ ᠪᠣᠯᠬᠤᠷ ᠬᠠᠨᠳᠤᠯᠭᠠᠲᠤ ᠴᠢᠨᠠᠷᠲᠠᠢ ᠠᠷᠭ᠎ᠠ | ᠬᠡᠮᠵᠢᠶ᠎ᠡ ᠠᠪᠴᠤ ᠪᠠᠶᠢᠭᠠᠳ ᠳᠠᠶᠢᠴᠢᠯᠠᠨ ᠬᠥᠭᠵᠢᠭᠡᠬᠦ ᠨᠢ ᠰᠠᠭᠤᠭᠠᠯᠢ ᠠᠷᠠᠳ ᠤᠨ ᠬᠡᠷᠡᠭᠯᠡᠭᠡ ᠶᠢᠨ ᠨᠡᠮᠡᠭᠳᠡᠯ ᠪᠠ ᠠᠵᠤ | ᠠᠬᠤᠢ ᠶᠢᠨ ᠰᠡᠷᠭᠦᠯᠲᠡ ᠶᠢ ᠳᠠᠶᠢᠴᠢᠯᠠᠬᠤ ᠳᠤ ᠠᠰᠢᠭᠲᠠᠢ ᠶᠤᠮ᠃ ᠲᠦᠷᠦ ᠶᠢᠨ ᠪᠣᠳᠣᠯᠭ᠎ᠠ ᠶᠢᠨ ᠬᠠᠮ ᠠᠷᠭ᠎ᠠ ᠬᠡᠮᠵᠢᠶ᠎ᠡ ᠶᠢ | ᠰᠠᠶᠢᠲᠤᠷ ᠬᠡᠷᠡᠭᠯᠡᠵᠦ᠂ ᠭᠡᠷ ᠤᠨ ᠬᠡᠷᠡᠭᠰᠡᠯ ᠤᠨ ᠬᠡᠷᠡᠭᠯᠡᠭᠡ ᠶᠢ ᠠᠬᠢᠭᠤᠯᠬᠤ ᠲᠦᠷᠦ ᠶᠢᠨ ᠪᠣᠳᠣᠯᠭ᠎ᠠ ᠶᠢ ᠬᠠᠭᠤᠴᠢᠨ | ᠰᠠᠭᠤᠭᠠᠯᠢ ᠲᠣᠭᠤᠷᠢᠭ ᠤᠨ ᠥᠭᠡᠷᠡᠴᠢᠯᠡᠯᠲᠡ᠂ ᠣᠷᠣᠨ ᠰᠠᠭᠤᠴᠠ ᠶᠢᠨ ᠨᠠᠰᠤᠵᠢᠯ ᠳᠤ ᠲᠣᠬᠢᠷᠠᠭᠰᠠᠨ ᠥᠭᠡᠷᠡᠴᠢᠯᠡᠯᠲᠡ᠂ | ᠠᠷᠠᠳ ᠲᠤ ᠲᠦᠬᠦᠮ ᠦᠵᠡᠭᠦᠯᠬᠦ ᠠᠮᠢᠳᠤᠷᠠᠯ ᠤᠨ ᠲᠣᠭᠤᠷᠢᠭ ᠤᠨ ᠪᠦᠲᠦᠭᠡᠨ ᠪᠠᠶᠢᠭᠤᠯᠤᠯᠲᠠ᠂ ᠬᠠᠶᠠᠭᠳᠠᠮᠠᠯ ᠬᠠᠭᠤᠴᠢᠨ | ᠡᠳ᠋ ᠪᠣᠳᠠᠰ ᠢ ᠬᠤᠷᠢᠶᠠᠨ ᠠᠪᠬᠤ ᠲᠣᠣᠷ ᠰᠦᠯᠵᠢᠶ᠎ᠡ ᠶᠢ ᠲᠡᠭᠦᠯᠳᠡᠷᠵᠢᠭᠦᠯᠬᠦ ᠵᠡᠷᠭᠡ ᠲᠦᠷᠦ ᠶᠢᠨ ᠪᠣᠳᠣᠯᠭ᠎ᠠ ᠲᠠᠢ | ᠵᠣᠯᠭᠠᠭᠤᠯᠤᠨ ᠬᠠᠮᠵᠢᠯᠴᠠᠭᠤᠯᠬᠤ ᠪᠠ ᠬᠠᠮᠲᠤᠷᠠᠨ ᠬᠦᠴᠦᠯᠡᠵᠦ᠂ ᠬᠡᠷᠡᠭᠯᠡᠭᠡ ᠶᠢ ᠠᠬᠢᠭᠤᠯᠬᠤ ᠨᠡᠶᠢᠯᠡᠮᠡᠯ ᠬᠦᠴᠦᠨ ᠢ | ᠪᠦᠷᠢᠯᠳᠦᠭᠦᠯᠬᠦ ᠬᠡᠷᠡᠭᠲᠡᠢ᠃ ᠬᠠᠩᠭᠠᠯᠭ᠎ᠠ ᠶᠢᠨ ᠶᠠᠰᠤ ᠴᠢᠨᠠᠷ ᠪᠠ ᠬᠢᠷᠢ ᠲᠦᠪᠰᠢᠨ ᠢ ᠳᠡᠭᠡᠭᠰᠢᠯᠡᠭᠦᠯᠵᠦ᠂ ᠠᠵᠤ | ᠠᠬᠤᠶᠢᠯᠠᠯ ᠤᠨ ᠨᠡᠩ ᠤᠯᠠᠨ ᠥᠪᠡᠷᠮᠢᠴᠡ ᠴᠢᠨᠠᠷᠲᠠᠢ᠂ ᠵᠠᠬᠢᠶᠠᠯᠠᠭ᠎ᠠ ᠶᠢᠨ ᠮᠠᠶ᠋ᠢᠭ ᠤᠨ ᠭᠡᠷ ᠤᠨ ᠬᠡᠷᠡᠭᠰᠡᠯ ᠤᠨ ᠲᠠᠸᠠᠷ | ᠬᠠᠩᠭᠠᠬᠤ ᠶᠢ ᠵᠣᠷᠢᠭᠵᠢᠭᠤᠯᠵᠤ᠂ ᠰᠠᠭᠤᠭᠠᠯᠢ ᠠᠷᠠᠳ ᠤᠨ ᠬᠡᠷᠡᠭᠯᠡᠭᠡᠨ ᠤ ᠬᠦᠰᠡᠯ ᠡᠷᠡᠮᠡᠯᠵᠡᠯ ᠢ ᠤᠯᠠᠮ ᠨᠢᠭᠡ ᠠᠯᠬᠤᠮ | ᠴᠢᠩᠭᠠᠷᠠᠭᠤᠯᠵᠤ᠂ ᠠᠮᠢᠳᠤᠷᠠᠯ ᠤᠨ ᠶᠠᠰᠤ ᠴᠢᠨᠠᠷ ᠢ ᠰᠠᠶᠢᠵᠢᠷᠠᠭᠤᠯᠬᠤ ᠳᠤ ᠬᠦᠴᠦᠨ ᠨᠡᠮᠡᠷᠢᠯᠡᠬᠦ ᠬᠡᠷᠡᠭᠲᠡᠢ ᠭᠡᠵᠦ ᠵᠢᠭᠠᠵᠤ | ᠭᠠᠷᠭᠠᠭᠰᠠᠨ ᠪᠠᠶᠢᠨ᠎ᠠ᠃ | ᠬᠤᠷᠠᠯ ᠠᠴᠠ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠺᠤᠨᠰᠦ᠋ᠯ ᠤᠨ ᠬᠠᠮᠠᠭᠠᠯᠠᠯᠲᠠ ᠪᠠ | ᠬᠠᠮᠵᠢᠯᠴᠠᠭᠠᠨ ᠤ ᠳᠦᠷᠢᠮ ︵ᠡᠬᠡ ᠨᠣᠣᠷᠠᠭ︶︾ ᠢ ᠬᠢᠨᠠᠨ ᠵᠥᠪᠯᠡᠵᠦ ᠪᠠᠲᠤᠯᠠᠪᠠ᠃ ᠬᠤᠷᠠᠯ ᠠᠴᠠ ᠵᠢᠭᠠᠵᠤ ᠭᠠᠷᠭᠠᠭᠰᠠᠨ | ᠨᠢ᠂ ᠭᠠᠳᠠᠭᠠᠳᠤ ᠳᠠᠬᠢ ᠠᠮᠤᠷ ᠲᠦᠪᠰᠢᠨ ᠤ ᠪᠠᠲᠤᠯᠠᠭ᠎ᠠ ᠶᠢᠨ ᠴᠢᠳᠠᠪᠤᠷᠢ ᠪᠣᠯᠣᠨ ᠬᠢᠷᠢ ᠲᠦᠪᠰᠢᠨ ᠢ ᠳᠡᠭᠡᠭᠰᠢᠯᠡᠭᠦᠯᠵᠦ᠂ | ᠭᠠᠳᠠᠭᠠᠳᠤ ᠳᠠᠬᠢ ᠠᠮᠤᠷ ᠲᠦᠪᠰᠢᠨ ᠤ ᠬᠠᠮᠠᠭᠠᠯᠠᠯᠲᠠ ᠶᠢᠨ ᠲᠣᠭᠲᠠᠯᠴᠠᠭ᠎ᠠ ᠶᠢ ᠲᠦᠷᠭᠡᠨ ᠪᠠᠶᠢᠭᠤᠯᠵᠤ᠂ ᠮᠠᠨ ᠤ ᠤᠯᠤᠰ ᠤᠨ | ᠭᠠᠳᠠᠭᠠᠳᠤ ᠳᠤ ᠪᠠᠶᠢᠭ᠎ᠠ ᠠᠷᠠᠳ ᠢᠷᠭᠡᠨ᠂ ᠬᠠᠤᠯᠢ ᠶᠢᠨ ᠡᠷᠬᠡᠲᠡᠨ᠂ ᠬᠠᠤᠯᠢ ᠶᠢᠨ ᠡᠷᠬᠡᠲᠡᠨ ᠤ ᠪᠤᠰᠤ ᠵᠣᠬᠢᠶᠠᠨ | ᠪᠠᠶᠢᠭᠤᠯᠤᠯᠲᠠ ᠶᠢᠨ ᠬᠠᠤᠯᠢ ᠶᠣᠰᠣᠨ ᠤ ᠡᠷᠬᠡ ᠠᠰᠢᠭ ᠢ ᠨᠡᠩ ᠰᠠᠶᠢᠲᠤᠷ ᠪᠠᠲᠤᠯᠠᠬᠤ ᠬᠡᠷᠡᠭᠲᠡᠢ ᠭᠡᠵᠡᠢ᠃ | ᠬᠤᠷᠠᠯ ᠠᠴᠠ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠮᠤᠷ ᠢ ᠬᠠᠮᠠᠭᠠᠯᠠᠬᠤ | ᠬᠠᠮᠢᠶᠠᠷᠤᠯᠲᠠ ᠶᠢᠨ ᠰᠢᠢᠳᠬᠡᠯ ᠤᠨ ᠬᠠᠤᠯᠢ ︵ᠵᠠᠰᠠᠪᠤᠷᠢ ᠣᠷᠣᠭᠤᠯᠤᠭᠰᠠᠨ ᠡᠬᠡ ᠨᠣᠣᠷᠠᠭ︶︾ ᠶᠢ ᠶᠠᠷᠢᠯᠴᠠᠨ ᠵᠠᠷᠴᠢᠮ | ᠳᠡᠭᠡᠷ᠎ᠡ ᠪᠠᠨ ᠪᠠᠲᠤᠯᠠᠵᠤ᠂ ᠵᠠᠰᠠᠪᠤᠷᠢ ᠣᠷᠣᠭᠤᠯᠤᠭᠰᠠᠨ ᠡᠬᠡ ᠨᠣᠣᠷᠠᠭ ᠢ ᠪᠦᠭᠦ ᠤᠯᠤᠰ ᠤᠨ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠳᠤ ᠳᠡᠪᠰᠢᠭᠦᠯᠵᠦ ᠬᠢᠨᠠᠨ ᠵᠥᠪᠯᠡᠭᠦᠯᠬᠦ ᠪᠠᠷ ᠲᠣᠭᠲᠠᠪᠠ᠃ | | ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃ |