ᠡᠮᠦᠨ᠎ᠡ 5 ᠰᠠᠷ᠎ᠠ ᠳᠤ ᠵᠡᠭᠦᠨ ᠬᠠᠲᠠᠪᠴᠢ ᠪᠣᠭᠤᠮᠲᠠ ᠶᠢᠨ ᠪᠠᠷᠠᠭᠠᠨ ᠤ ᠬᠡᠮᠵᠢᠶ᠎ᠡ 70 ᠲᠦᠮᠡᠨ ᠲᠣᠨ ᠢ ᠳᠠᠪᠠᠵᠠᠢ︕
ᠨᠡᠶᠢᠲᠡᠯᠡᠭᠰᠡᠨ ᠴᠠᠭ᠄
2023/6/9
      5 ᠰᠠᠷ᠎ᠠ ᠶᠢᠨ 31 ᠤ ᠡᠳᠦᠷ᠂ ᠵᠡᠭᠦᠨ ᠬᠠᠲᠠᠪᠴᠢ ᠪᠣᠭᠤᠮᠲᠠ ᠶᠢᠨ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠭᠰᠠᠨ ᠪᠠᠷᠠᠭᠠᠨ ᠤ ᠬᠡᠮᠵᠢᠶ᠎ᠡ 1.5 ᠲᠦᠮᠡᠨ ᠲᠣᠨ ᠳᠤ ᠬᠦᠷᠴᠦ᠂ ᠲᠣᠰ ᠰᠠᠷ᠎ᠠ ᠳᠤ 23.3 ᠲᠦᠮᠡᠨ ᠲᠣᠨ ᠳᠤ ᠬᠦᠷᠴᠦ᠂ ᠲᠦᠷᠦᠭᠦᠸ 5 ᠰᠠᠷ᠎ᠠ ᠳᠤ ᠨᠡᠶᠢᠲᠡ 73 ᠲᠦᠮᠡᠨ ᠲᠣᠨ ᠳᠤ ᠬᠦᠷᠴᠦ᠂ ᠨᠢᠭᠡ ᠡᠳᠦᠷ ᠂ ᠨᠢᠭᠡ ᠰᠠᠷ᠎ᠠ ᠵᠢᠴᠢ ᠲᠦᠷᠦᠭᠦᠸ 5 ᠰᠠᠷ᠎ᠠ ᠳᠤ ᠨᠡᠶᠢᠲᠡ ᠭᠤᠷᠪᠠᠨ ᠵᠦᠢᠯ ᠤᠨ ᠲᠤᠭ᠎ᠠ ᠪᠠᠷᠢᠮᠲᠠ ᠴᠥᠮ ᠰᠢᠨ᠎ᠡ ᠲᠡᠮᠳᠡᠭᠯᠡᠯ ᠢ ᠡᠭᠦᠳᠪᠡ᠂ ᠡᠭᠦᠨ ᠳᠤ ᠲᠠᠪᠤᠳᠤᠭᠠᠷ ᠰᠠᠷ᠎ᠠ ᠳᠤ ᠪᠣᠭᠤᠮᠲᠠ ᠪᠠᠷ ᠦᠩᠭᠡᠷᠡᠭᠰᠡᠨ ᠬᠡᠮᠵᠢᠶ᠎ᠡ ᠲᠦᠷᠦᠭᠦᠸ ᠰᠠᠷ᠎ᠠ ᠶᠢᠨ ᠬᠢ ᠠᠴᠠ ᠪᠠᠨ 26.6% ᠪᠠᠷ ᠨᠡᠮᠡᠭᠳᠡᠵᠦ᠂ 1 — 5 ᠰᠠᠷ᠎ᠠ ᠳᠤ ᠳᠤᠮᠳᠠᠴᠢ ᠪᠠᠷ 29.96% ᠪᠠᠷ ᠨᠡᠮᠡᠭᠳᠡᠭᠰᠡᠨ ᠪᠠᠶᠢᠨ᠎ᠠ᠃ ᠭᠠᠳᠠᠭᠠᠳᠤ ᠠᠴᠠ ᠣᠷᠤᠭᠤᠯᠤᠭᠰᠠᠨ ᠡᠳ᠋ ᠪᠠᠷᠠᠭ᠎ᠠ ᠨᠢ ᠭᠤᠣᠯᠳᠠᠭᠤ ᠲᠡᠮᠦᠷᠯᠢᠭ᠂ ᠨᠡᠭᠦᠷᠡᠰᠦ ᠂ ᠴᠢᠯᠠᠭᠤᠨ ᠲᠤᠰᠦᠠ ᠤ ᠵᠦᠢᠯ ᠵᠡᠷᠭᠡ ᠪᠠᠷ ᠭᠤᠣᠯ ᠪᠣᠯᠭᠠᠵᠤ᠂ ᠭᠠᠳᠠᠭᠠᠳᠤ ᠳᠤ ᠭᠠᠷᠭᠠᠭᠰᠠᠨ ᠡᠳ᠋ ᠪᠠᠷᠠᠭ᠎ᠠ ᠶᠢᠨ ᠣᠯᠠᠩᠬᠢ ᠨᠢ ᠠᠭᠤᠷᠬᠠᠢ ᠶᠢᠨ ᠲᠥᠬᠦᠭᠡᠷᠦᠮᠵᠢ᠂ ᠪᠠᠷᠢᠯᠭ᠎ᠠ ᠶᠢᠨ ᠮᠠᠲ᠋ᠧᠷᠢᠶᠠᠯ᠂ ᠡᠳᠦᠷ ᠲᠤᠳᠦᠮ ᠤᠨ ᠬᠡᠷᠡᠭᠯᠡᠭᠡᠨ ᠤ ᠡᠳ᠋ ᠪᠠᠷᠠᠭ᠎ᠠ ᠵᠡᠷᠭᠡ ᠪᠣᠯᠣᠨ᠎ᠠ᠃      ︽ᠵᠡᠭᠦᠨ ᠦᠵᠦᠮᠦᠴᠢᠨ ᠬᠤᠰᠢᠭᠤᠨ ᠤ ᠵᠠᠰᠠᠭ ᠤᠨ ᠣᠷᠳᠣᠨ ᠪᠣᠯᠣᠨ ᠵᠡᠭᠦᠨ ᠦᠵᠦᠮᠦᠴᠢᠨ ᠬᠤᠰᠢᠭᠤᠨ ᠤ ᠪᠣᠭᠤᠮᠲᠠ ᠶᠢᠨ ᠨᠠᠮ ᠤᠨ ᠬᠤᠷᠢᠶ᠎ᠠ ᠶᠢᠨ ᠤᠳᠤᠷᠢᠳᠤᠯᠭ᠎ᠠ ᠳᠣᠣᠷ᠎ᠠ᠂ 2023 ᠣᠨ ᠤ ᠭᠠᠳᠠᠭᠠᠳᠤ ᠣᠷᠣᠭᠤᠯᠤᠯᠲᠠ ᠶᠢᠨ ᠬᠡᠮᠵᠢᠶ᠎ᠡ ᠨᠢᠭᠡᠨᠲᠡ ᠵᠡᠭᠦᠨ ᠬᠠᠲᠠᠪᠴᠢ ᠪᠣᠭᠤᠮᠲᠠ ᠶᠢᠨ ᠲᠡᠦᠬᠡ ᠶᠢᠨ ᠰᠢᠨ᠎ᠡ ᠲᠡᠮᠳᠡᠭᠯᠡᠯ ᠳᠤ ᠬᠦᠷᠴᠦ᠂ ᠨᠢᠭᠡ ᠰᠠᠷ᠎ᠠ ᠶᠢᠨ ᠪᠠᠷᠠᠭ᠎ᠠ ᠶᠢᠨ ᠬᠡᠮᠵᠢᠶ᠎ᠡ ᠨᠢᠭᠡᠨᠲᠡ 20 ᠲᠦᠮᠡᠨ ᠲᠣᠨ ᠳᠤ ᠬᠦᠷᠴᠡᠢ᠂ ᠤᠳᠤ ᠮᠠᠨ ᠤ ᠬᠠᠷᠠᠯᠲᠠ ᠪᠣᠯ ᠰᠠᠷ᠎ᠠ ᠶᠢᠨ ᠭᠠᠳᠠᠭᠠᠳᠤ ᠣᠷᠣᠭᠤᠯᠤᠯᠲᠠ ᠶᠢᠨ ᠬᠡᠮᠵᠢᠶ᠎ᠡ ᠶᠢ 40 ᠲᠦᠮᠡᠨ ᠲᠣᠨ ᠳᠤ ᠬᠦᠷᠭᠡᠬᠦ ᠪᠣᠯᠣᠨ᠎ᠠ᠃ ᠣᠳᠣᠬᠠᠨ ᠳᠤ ᠡᠳᠦᠷ ᠤᠨ ᠪᠣᠭᠤᠮᠲᠠ ᠪᠠᠷ ᠥᠩᠭᠡᠷᠡᠬᠦ ᠮᠠᠰᠢᠨ ᠲᠡᠷᠭᠡ 240 ᠣᠷᠴᠢᠮ ᠪᠠᠶᠢᠵᠤ᠂ ᠵᠡᠭᠦᠨ ᠲᠠᠯ᠎ᠠ ᠪᠠᠷ ᠲᠥᠷᠪᠡᠨ ᠵᠠᠮ ᠢᠶᠠᠷ ᠣᠷᠣᠭᠤᠯᠵᠤ ᠬᠤᠶᠠᠷ ᠵᠠᠮ ᠢᠶᠠᠷ ᠭᠠᠷᠭᠠᠬᠤ ᠰᠢᠨ᠎ᠡ ᠪᠣᠭᠤᠮᠲᠠ ᠲᠠᠢ᠂ ᠡᠨᠡ ᠵᠢᠯ ᠤᠨ 9 ᠰᠠᠷ᠎ᠠ ᠳᠤ ᠪᠠᠷᠢᠯᠭ᠎ᠠ ᠳᠠᠭᠤᠰᠴᠤ᠂ ᠰᠢᠨ᠎ᠡ ᠪᠣᠭᠤᠮᠲᠠ ᠶᠢ ᠨᠡᠭᠡᠭᠡᠭᠰᠡᠨ ᠤ ᠳᠠᠷᠠᠭ᠎ᠠ᠂ ᠵᠢᠱᠢᠯᠲᠡ ᠪᠠᠷ ᠢᠷᠡᠬᠦ ᠵᠢᠯ ᠪᠣᠯᠬᠤ ᠳᠤ ᠵᠢᠯ ᠤᠨ ᠭᠠᠳᠠᠭᠠᠳᠤ ᠠᠴᠠ ᠣᠷᠣᠭᠤᠯᠬᠤ ᠬᠡᠮᠵᠢᠶ᠎ᠡ 750 ᠲᠦᠮᠡᠨ ᠲᠣᠨ ᠣᠷᠴᠢᠮ ᠪᠣᠯᠣᠨ᠎ᠠ ︾ ᠭᠡᠵᠦ ᠯᠢ ᠳ᠋ᠡ ᠣᠯᠠᠨ ᠤᠯᠤᠰ ᠤᠨ ᠪᠠᠷᠠᠭᠠᠨ ᠤ ᠲᠡᠭᠡᠭᠡᠪᠦᠷᠢ ᠶᠢᠨ ᠣᠷᠣᠯᠠᠭᠴᠢ ᠬᠢᠵᠠᠭᠠᠷᠲᠤ ᠺᠣᠮᠫᠠᠨᠢ ᠶᠢᠨ ᠶᠡᠷᠦᠩᠬᠡᠢ ᠳᠠᠭᠠᠭᠠᠮᠠᠯ ᠯᠢᠦ ᠲᠦᠩ ᠰᠤᠷᠪᠤᠯᠵᠢᠯᠠᠭᠴᠢ ᠳᠤ ᠬᠡᠯᠡᠪᠡ᠃      ᠡᠨᠡ ᠵᠢᠯ ᠠᠴᠠ ᠨᠠᠰᠢ᠂ ᠵᠡᠭᠦᠨ ᠬᠠᠲᠠᠪᠴᠢ ᠪᠣᠭᠤᠮᠲᠠ ᠨᠢ ︽ᠲᠠᠪᠤᠨ ᠶᠡᠭᠡ ᠡᠭᠦᠷᠭᠡ︾ ᠶᠢᠨ ᠨᠢᠭᠡᠳᠦᠯᠲᠡᠢ ᠣᠳᠤᠷᠢᠳᠤᠯᠭ᠎ᠠ᠂ ᠬᠤᠰᠢᠭᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠵᠥᠪ ᠣᠨᠣᠪᠴᠢᠲᠠᠶ ᠤᠳᠤᠷᠢᠳᠤᠯᠭ᠎ᠠ ᠳᠣᠣᠷ᠎ᠠ᠂ ᠵᠡᠭᠦᠨ ᠦᠵᠦᠮᠦᠴᠢᠨ ᠪᠣᠭᠤᠮᠲᠠ᠂ ᠵᠡᠭᠦᠨ ᠬᠠᠲᠠᠪᠴᠢ ᠬᠢᠯᠢ ᠪᠠᠷ ᠣᠷᠣᠵᠤ ᠭᠠᠷᠬᠤ ᠬᠢᠯᠢ ᠶᠢᠨ ᠬᠠᠮᠠᠭᠠᠯᠠᠯᠲᠠ ᠶᠢᠨ ᠪᠠᠶᠢᠴᠠᠭᠠᠬᠤ ᠥᠷᠲᠡᠭᠡ ᠵᠢᠴᠢ ᠪᠣᠭᠤᠮᠲᠠ ᠶᠢᠨ ᠬᠠᠮᠢᠶᠠᠷᠤᠯᠲᠠ ᠶᠢᠨ ᠰᠠᠯᠠᠭ᠎ᠠ ᠮᠥᠴᠢᠷ ᠬᠦᠴᠦ ᠪᠠᠨ ᠬᠠᠮᠲᠤᠳᠬᠠᠨ ᠬᠠᠮᠲᠤᠷᠠᠯᠴᠠᠵᠤ᠂ ᠪᠣᠭᠤᠮᠲᠠ ᠶᠢᠨ ᠰᠠᠭᠤᠷᠢ ᠪᠦᠲᠦᠭᠡᠨ ᠪᠠᠶᠢᠭᠤᠯᠤᠯᠲᠠ ᠶᠢᠨ ᠲᠠᠩᠰᠠ ᠡᠪᠬᠡᠮᠡᠯ ᠢ ᠳᠡᠭᠡᠭᠰᠢᠯᠡᠭᠦᠯᠦᠨ ᠲᠠᠰ ᠳᠡᠪᠰᠢᠭᠦᠯᠬᠦ ᠶᠢ ᠪᠥᠬᠦ ᠬᠦᠴᠦᠨ ᠢᠶᠠᠷ ᠢᠶᠠᠨ ᠠᠬᠢᠭᠤᠯᠵᠤ᠂ ᠪᠣᠭᠤᠮᠲᠠ ᠪᠠᠷ ᠥᠩᠭᠡᠷᠡᠬᠦ ᠶᠠᠪᠤᠴᠠ ᠶᠢ ᠦᠷᠭᠦᠯᠵᠢᠯᠡᠨ ᠰᠢᠯᠢᠳᠡᠭᠵᠢᠭᠦᠯᠵᠦ᠂ ᠪᠣᠭᠤᠮᠲᠠ ᠪᠠᠷ ᠥᠩᠭᠡᠷᠡᠬᠦ ᠦᠷ᠎ᠡ ᠪᠦᠲᠦᠮᠵᠢ ᠶᠢ ᠪᠦᠲᠦᠮᠵᠢᠲᠡᠶ ᠪᠠᠷ ᠳᠡᠭᠡᠭᠰᠢᠯᠡᠭᠦᠯᠦᠨ᠂ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠪᠠᠷᠠᠭᠠᠨ ᠤ ᠲᠡᠭᠡᠭᠡᠪᠦᠷᠢ ᠶᠢᠨ ᠬᠡᠮᠵᠢᠶ᠎ᠡ ᠶᠢ ᠶᠡᠭᠡ ᠪᠠᠷ ᠳᠡᠭᠡᠭᠰᠢᠯᠡᠭᠦᠯᠪᠡ᠃
 
ᠢᠷᠡᠯᠲᠡ᠄ ᠵᠡᠭᠦᠨ ᠦᠵᠦᠮᠦᠴᠢᠨ ᠬᠤᠰᠢᠭᠤᠨ ᠤ ᠵᠠᠰᠠᠭ ᠤᠨ ᠣᠷᠳᠣᠨ ᠤ ᠠᠯᠪᠠᠨ ᠬᠡᠷ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号