100 ᠲᠦᠮᠡᠨ ᠲᠣᠨ ᠢ ᠳᠠᠪᠠᠪᠠ︕ ᠵᠡᠭᠦᠨ ᠬᠠᠲᠠᠪᠴᠢ ᠪᠣᠭᠤᠮᠲᠠ ᠶᠢᠨ ᠪᠠᠷᠠᠭ᠎ᠠ ᠵᠥᠭᠡᠭᠡᠪᠦᠷᠢᠯᠡᠭᠰᠡᠨ ᠬᠡᠮᠵᠢᠶ᠎ᠡ ᠲᠡᠦᠬᠡ ᠶᠢᠨ ᠰᠢᠨ᠎ᠡ ᠲᠡᠮᠳᠡᠭᠯᠡᠯ ᠢ ᠡᠭᠦᠳᠪᠡ︕
ᠨᠡᠶᠢᠲᠡᠯᠡᠭᠰᠡᠨ ᠴᠠᠭ᠄
2023/7/20
      6 ᠰᠠᠷ᠎ᠠ ᠶᠢᠨ 27᠎ ᠤ ᠡᠳᠦᠷ ᠪᠣᠯᠲᠠᠯ᠎ᠠ᠂ ᠵᠡᠭᠦᠨ ᠬᠠᠲᠠᠪᠴᠢ ᠪᠣᠭᠤᠮᠲᠠ ᠶᠢᠨ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠭᠰᠠᠨ ᠪᠠᠷᠠᠭᠠᠨ ᠤ ᠲᠡᠭᠡᠭᠡᠪᠦᠷᠢ ᠶᠢᠨ ᠬᠡᠮᠵᠢᠶ᠎ᠡ 100 ᠲᠦᠮᠡᠨ ᠲᠣᠨ ᠢ ᠳᠠᠪᠠᠵᠤ ᠂ ᠠᠳᠠᠯᠢ ᠬᠤᠭᠤᠴᠠᠭᠠᠨ ᠤ ᠬᠢ ᠠᠴᠠ 2019 ᠣᠨ ᠤ ᠬᠢ ᠠᠴᠠ 212.5% ᠨᠡᠮᠡᠭᠳᠡᠵᠦ᠂ 2023 ᠣᠨ ᠤ ᠲᠦᠷᠦᠭᠦᠦ 5 ᠰᠠᠷ᠎ᠠ ᠶᠢᠨ ᠳᠤᠮᠳᠠᠴᠢ ᠨᠡᠮᠡᠭᠳᠡᠯ ᠤᠨ ᠬᠤᠷᠳᠤᠴᠠ 29.5%᠎ ᠲᠤ ᠬᠦᠷᠴᠡᠢ᠃      ᠡᠨᠡ ᠵᠢᠯ ᠠᠴᠠ ᠨᠠᠰᠢ᠂ ᠵᠡᠭᠦᠨ ᠦᠵᠦᠮᠦᠴᠢᠨ ᠬᠤᠰᠢᠭᠤ ︽ᠲᠠᠪᠤᠨ ᠶᠡᠭᠡ ᠡᠭᠦᠷᠭᠡ︾᠎ ᠪᠠᠷ ᠶᠡᠷᠦᠩᠬᠡᠶᠢᠯᠡᠨ ᠵᠢᠯᠣᠭᠤᠳᠤᠭᠤᠯᠵᠤ᠂ ᠤᠯᠤᠰ ᠤᠨ ︽ᠨᠢᠭᠡ ᠪᠦᠰᠡ ᠨᠢᠭᠡ ᠵᠠᠮ︾ ᠪᠣᠯᠣᠨ ︽ᠳᠤᠮᠳᠠᠳᠤ ᠮᠣᠩᠭᠤᠯ ᠣᠷᠣᠰ ᠤᠨ ᠠᠵᠤ ᠠᠬᠤᠢ ᠶᠢᠨ ᠬᠤᠩᠭᠢᠯ︾᠎ ᠤᠨ ᠪᠦᠲᠦᠭᠡᠨ ᠪᠠᠶᠢᠭᠤᠯᠤᠯᠲᠠ ᠳᠤ ᠢᠳᠡᠪᠬᠢᠲᠡᠢ ᠣᠷᠣᠯᠴᠠᠵᠤ᠂ ᠰᠠᠨᠠᠭᠠᠴᠢᠯᠠᠭ᠎ᠠ ᠠᠴᠠ ᠪᠠᠨ ᠠᠭᠤᠰᠤᠯᠴᠠᠵᠤ᠂ ᠤᠯᠤᠰ ᠤᠨ ᠳᠣᠲᠣᠭᠠᠳᠤ ᠶᠢᠨ ᠶᠡᠭᠡ ᠡᠷᠭᠢᠯᠲᠡ ᠶᠢᠨ ᠴᠢᠬᠤᠯᠠ ᠵᠠᠩᠭᠢᠯᠠᠭ᠎ᠠ ᠶᠢᠨ ᠴᠡᠭ ᠪᠣᠯᠣᠨ ᠤᠯᠤᠰ ᠤᠨ ᠳᠣᠲᠣᠭᠠᠳᠤ ᠭᠠᠳᠠᠭᠠᠳᠤ ᠶᠢᠨ ᠬᠤᠣᠰ ᠡᠷᠭᠢᠯᠲᠡ ᠶᠢᠨ ᠪᠠᠶᠢᠯᠳᠤᠬᠤ ᠪᠣᠳᠣᠯᠭ᠎ᠠ ᠶᠢᠨ ᠲᠤᠯᠬᠤ ᠴᠡᠭ ᠢ ᠪᠠᠶᠢᠭᠤᠯᠬᠤ ᠳᠤ ᠠᠩᠬᠠᠷᠤᠯ ᠢᠶᠠᠨ ᠬᠠᠨᠳᠤᠭᠤᠯᠵᠤ᠂ ᠪᠣᠭᠤᠮᠲᠠ ᠶᠢᠨ ᠰᠠᠭᠤᠷᠢ ᠪᠦᠲᠦᠭᠡᠨ ᠪᠠᠶᠢᠭᠤᠯᠤᠯᠲᠠ ᠶᠢ ᠦᠷᠭᠦᠯᠵᠢᠯᠡᠨ ᠴᠢᠩᠭᠠᠳᠬᠠᠵᠤ᠂ ᠵᠠᠰᠠᠮᠠᠯ ᠵᠠᠮ ᠤᠨ ᠪᠣᠭᠤᠮᠲᠠ ᠶᠢᠨ ᠣᠶᠤᠨᠲᠤ ᠪᠣᠭᠤᠮᠲᠠ᠂ ᠪᠠᠷᠠᠭᠠᠨ ᠤ ᠲᠡᠭᠡᠭᠡᠪᠦᠷᠢ ᠶᠢᠨ ᠨᠡᠪᠲᠡᠷᠡᠬᠦ ᠵᠠᠮ᠂ ᠪᠠᠷᠠᠭᠠᠨ ᠤ ᠲᠡᠷᠭᠡ ᠶᠢ ᠪᠠᠶᠢᠴᠠᠭᠠᠨ ᠰᠢᠯᠭᠠᠬᠤ ᠰᠢᠰᠲ᠋ᠧᠮ ᠤᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠬᠡᠷᠡᠭᠵᠢᠭᠦᠯᠵᠦ᠂ ᠲᠡᠮᠦᠷ ᠵᠠᠮ ᠤᠨ ᠪᠣᠭᠤᠮᠲᠠ ᠶᠢᠨ ᠡᠮᠦᠨᠡᠬᠢ ᠬᠤᠭᠤᠴᠠᠭᠠᠨ ᠤ ᠠᠵᠢᠯ ᠢ ᠡᠬᠢᠯᠡᠭᠦᠯᠦᠨ᠂ ᠵᠠᠰᠠᠮᠠᠯ ᠵᠠᠮ ᠤᠨ ᠪᠣᠭᠤᠮᠲᠠ ︱ ᠪᠠᠷᠠᠭᠠᠨ ᠤ ᠭᠦᠢᠯᠭᠡᠭᠡᠨ ᠤ ᠬᠦᠷᠢᠶᠡᠯᠡᠩ ᠲᠣᠭᠤᠷᠢᠭ ᠤᠨ ᠬᠤᠯᠪᠣᠬᠤ ᠱᠤᠭᠤᠮ ᠤᠨ ᠲᠥᠷᠥᠯ ᠵᠦᠢᠯ ᠢ ᠪᠥᠬᠦ ᠬᠦᠴᠦᠨ ᠢᠶᠠᠷ ᠠᠬᠢᠭᠤᠯᠵᠤ᠂ ᠴᠡᠴᠡᠷᠯᠢᠭ ᠲᠤ ᠣᠷᠣᠬᠤ ᠪᠠᠷᠠᠭᠠᠨ ᠤ ᠭᠦᠢᠯᠭᠡᠭᠡᠨ ᠤ ᠬᠥᠮᠥᠷᠭᠡᠯᠡᠨ ᠬᠠᠳᠠᠭᠠᠯᠠᠬᠤ ᠲᠥᠷᠥᠯ ᠵᠦᠢᠯ ᠤᠨ ᠡᠷᠲᠡ ᠠᠵᠢᠯ ᠡᠬᠢᠯᠡᠭᠦᠯᠵᠦ᠂ ᠡᠷᠲᠡ ᠠᠰᠢᠭᠯᠠᠯᠲᠠ ᠳᠤ ᠣᠷᠣᠭᠤᠯᠬᠤ ᠶᠢ ᠦᠢᠯᠡᠴᠢᠯᠡᠭᠡᠨ ᠤ ᠪᠠᠲᠤᠯᠠᠭ᠎ᠠ ᠲᠠᠢ ᠪᠣᠯᠭᠠᠨ᠎ᠠ᠃ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠶᠢ ᠦᠷᠭᠦᠯᠵᠢᠯᠡᠨ ᠴᠢᠩᠭᠠᠳᠬᠠᠵᠤ᠂ ᠪᠣᠭᠤᠮᠲᠠ ᠶᠢᠨ ᠪᠠᠷᠠᠭᠠᠨ ᠤ ᠭᠦᠢᠯᠭᠡᠭᠡᠨ ᠤ ᠠᠵᠤ ᠦᠢᠯᠡᠰ ᠢ ᠶᠡᠬᠡᠪᠡᠷ ᠪᠣᠶᠢᠵᠢᠭᠤᠯᠤᠨ ᠬᠥᠭᠵᠢᠭᠦᠯᠵᠦ᠂ ᠪᠣᠳᠠᠲᠠᠶᠢᠵᠢᠭᠤᠯᠤᠨ ᠡᠳ᠋ᠰᠢᠭᠦᠯᠬᠦ᠂ ᠭᠠᠶᠢᠯᠢ ᠪᠠᠲᠤᠯᠠᠬᠤ ᠪᠠᠷᠠᠭᠠᠨ ᠤ ᠭᠦᠢᠯᠭᠡᠭᠡᠨ ᠵᠡᠷᠭᠡ ᠭᠠᠳᠠᠭᠰᠢ ᠴᠢᠭᠯᠡᠭᠦᠯᠦᠭᠰᠡᠨ ᠬᠡᠯᠪᠡᠷᠢ ᠶᠢᠨ ᠠᠵᠤ ᠠᠬᠤᠶᠢᠯᠠᠯ ᠢ ᠢᠳᠡᠪᠬᠢᠲᠡᠢ ᠪᠠᠷ ᠪᠣᠶᠢᠵᠢᠭᠤᠯᠤᠨ᠂ ᠵᠡᠭᠦᠨ ᠬᠠᠲᠠᠪᠴᠢ ᠪᠣᠭᠤᠮᠲᠠ ᠶᠢ ᠣᠷᠣᠨ ᠪᠦᠰᠡ ᠶᠢᠨ ᠴᠢᠨᠠᠷᠲᠠᠢ ᠪᠠᠷᠠᠭᠠᠨ ᠤ ᠭᠦᠢᠯᠭᠡᠭᠡᠨ ᠤ ᠲᠥᠪᠯᠡᠷᠡᠭᠦᠯᠦᠨ ᠲᠠᠷᠬᠠᠭᠠᠬᠤ ᠲᠥᠪ᠂ ᠡᠬᠢ ᠪᠠᠶᠠᠯᠢᠭ ᠤᠨ ᠴᠢᠨᠠᠷᠲᠠᠢ ᠪᠣᠳᠠᠲᠠᠶᠢᠵᠢᠭᠤᠯᠤᠨ ᠡᠳ᠋ᠰᠢᠭᠦᠯᠬᠦ ᠰᠠᠭᠤᠷᠢᠨ ᠭᠠᠵᠠᠷ ᠪᠣᠯᠭᠠᠨ ᠪᠠᠶᠢᠭᠤᠯᠬᠤ ᠪᠠᠷ ᠴᠢᠷᠮᠠᠶᠢᠨ᠎ᠠ᠃ ᠨᠡᠭᠦᠷᠡᠰᠦ᠂ ᠮᠠᠯ ᠤᠨ ᠠᠰᠢᠭ ᠰᠢᠮ᠎ᠡ᠂ ᠲᠡᠵᠢᠭᠡᠯ ᠡᠪᠡᠰᠦ ᠵᠢᠴᠢ ᠲᠦᠭᠦᠬᠡᠢ ᠴᠢᠯᠠᠭᠤᠨ ᠲᠣᠰᠣᠨ ᠤ ᠭᠠᠳᠠᠭᠠᠳᠤ ᠠᠴᠠ ᠣᠷᠣᠭᠤᠯᠬᠤ ᠠᠵᠤ ᠠᠬᠤᠶᠢᠯᠠᠯ ᠲᠠᠢ ᠢᠳᠡᠪᠬᠢᠲᠡᠢ ᠪᠠᠷ ᠵᠣᠯᠭᠠᠭᠤᠯᠵᠤ᠂ ᠪᠣᠭᠤᠮᠲᠠ ᠪᠠᠷ ᠥᠩᠭᠡᠷᠡᠬᠦ ᠬᠡᠮᠵᠢᠶ᠎ᠡ ᠶᠢ ᠦᠷᠭᠦᠯᠵᠢᠯᠡᠨ ᠥᠷᠭᠡᠳᠬᠡᠵᠦ᠂ ᠭᠠᠳᠠᠭᠠᠳᠤ ᠠᠴᠠ ᠣᠷᠣᠭᠤᠯᠬᠤ ᠲᠥᠷᠥᠯ ᠵᠦᠢᠯ ᠢ ᠪᠠᠶᠠᠯᠢᠭᠵᠢᠭᠤᠯᠤᠨ᠎ᠠ᠃      ᠵᠡᠭᠦᠨ ᠬᠠᠲᠠᠪᠴᠢ ᠪᠣᠭᠤᠮᠲᠠ ᠪᠠᠷ ᠬᠡᠪ ᠤᠨ ᠶᠣᠰᠣᠭᠠᠷ ᠪᠣᠭᠤᠮᠲᠠ ᠥᠩᠭᠡᠷᠡᠬᠦ ᠶᠢ ᠰᠡᠷᠭᠦᠭᠡᠭᠰᠡᠨ ᠠᠴᠠ ᠨᠠᠰᠢ᠂ ᠬᠤᠰᠢᠭᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠵᠥᠪ ᠣᠨᠣᠪᠴᠢᠲᠠᠶ ᠤᠳᠤᠷᠢᠳᠤᠯᠭ᠎ᠠ ᠳᠣᠣᠷ᠎ᠠ᠂ ᠬᠠᠮᠲᠤᠷᠠᠨ ᠪᠠᠶᠢᠴᠠᠭᠠᠬᠤ ᠰᠠᠯᠠᠭ᠎ᠠ ᠮᠥᠴᠢᠷ ᠪᠣᠯᠣᠨ ᠪᠣᠭᠤᠮᠲᠠ ᠶᠢᠨ ᠬᠠᠮᠢᠶᠠᠷᠤᠯᠲᠠ ᠶᠢᠨ ᠰᠠᠯᠠᠭ᠎ᠠ ᠮᠥᠴᠢᠷ ᠬᠠᠮᠲᠤᠷᠠᠨ ᠠᠵᠢᠯᠯᠠᠵᠤ᠂ ᠢᠳᠡᠪᠬᠢᠲᠡᠢ ᠪᠠᠷ ᠠᠵᠢᠯᠯᠠᠵᠤ᠂ ᠬᠦᠴᠢᠷ ᠢ ᠰᠥᠷᠦᠨ ᠤᠷᠤᠭᠰᠢᠯᠠᠵᠤ᠂ ᠪᠣᠭᠤᠮᠲᠠ ᠪᠠᠷ ᠥᠩᠭᠡᠷᠡᠬᠦ ᠶᠠᠪᠤᠴᠠ ᠶᠢ ᠦᠷᠭᠦᠯᠵᠢᠯᠡᠨ ᠰᠢᠯᠢᠳᠡᠭᠵᠢᠭᠦᠯᠵᠦ᠂ ᠪᠣᠭᠤᠮᠲᠠ ᠪᠠᠷ ᠥᠩᠭᠡᠷᠡᠬᠦ ᠪᠠᠷᠠᠭᠠᠨ ᠤ ᠬᠡᠮᠵᠢᠶ᠎ᠡ ᠶᠢ ᠲᠠᠰᠤᠷᠠᠯᠲᠠ ᠦᠭᠡᠢ ᠨᠡᠮᠡᠭᠳᠡᠭᠦᠯᠬᠦ ᠶᠢ ᠠᠬᠢᠭᠤᠯᠵᠤ᠂ ᠵᠢᠱᠢᠯᠲᠡ ᠪᠠᠷ ᠪᠥᠬᠦ ᠵᠢᠯ ᠤᠨ ᠭᠠᠳᠠᠭᠠᠳᠤ ᠠᠴᠠ ᠣᠷᠣᠭᠤᠯᠬᠤ ᠪᠠ ᠭᠠᠳᠠᠭᠠᠳᠤ ᠳᠤ ᠭᠠᠷᠭᠠᠬᠤ ᠪᠠᠷᠠᠭᠠᠨ ᠤ ᠬᠡᠮᠵᠢᠶ᠎ᠡ ᠶᠢ 200 ᠲᠦᠮᠡᠨ ᠲᠣᠨ ᠠᠴᠠ ᠳᠠᠪᠠᠭᠤᠯᠵᠤ᠂ 300 ᠲᠦᠮᠡᠨ ᠲᠣᠨ ᠳᠤ ᠬᠦᠷᠭᠡᠬᠦ ᠪᠠᠷ ᠴᠢᠷᠮᠠᠶᠢᠨ᠎ᠠ᠃
 
ᠢᠷᠡᠯᠲᠡ᠄ ᠵᠡᠭᠦᠨ ᠦᠵᠦᠮᠦᠴᠢᠨ ᠬᠤᠰᠢᠭᠤᠨ ᠤ ᠵᠠᠰᠠᠭ ᠤᠨ ᠣᠷᠳᠣᠨ ᠤ ᠠᠯᠪᠠᠨ ᠬᠡᠷ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号