ᠪᠣᠭᠤᠮᠲᠠ ᠶᠢᠨ ᠠᠵᠤ ᠠᠬᠤᠢ ᠶᠢᠨ ᠠᠵᠤ ᠦᠢᠯᠡᠰ ᠤᠨ ᠬᠡᠯᠬᠢᠶ᠎ᠡ ᠶᠢᠨ ᠬᠤᠳᠠᠯᠳᠤᠭᠠᠴᠢᠨ ᠤᠷᠢᠵᠤ ᠪᠡᠯᠡ ᠣᠷᠤᠭᠤᠯᠬᠤ ᠲᠠᠨᠢᠯᠴᠠᠭᠤᠯᠭ᠎ᠠ ᠶᠢᠨ ᠬᠤᠷᠠᠯ ᠵᠡᠭᠦᠨ ᠦᠵᠦᠮᠦᠴᠢᠨ ᠬᠤᠰᠢᠭᠤᠨ ᠳᠤ᠄ ᠯᠠᠪᠳᠠᠭᠤᠨ ᠢᠶᠠᠷ ᠠᠯᠤᠰ ᠢ ᠵᠣᠷᠢᠨ ᠤᠷᠤᠭᠰᠢᠯᠠᠵᠤ ᠤᠮᠠᠷᠠᠰᠢ ᠨᠡᠭᠡᠭᠡᠯᠲᠡ ᠬᠢᠬᠦ ᠴᠢᠬᠤᠯᠠ ᠪᠠᠬᠢᠯᠡᠯᠲᠡ ᠶᠢ ᠴᠣᠭᠴᠠᠯᠠᠨ᠎ᠠ
ᠨᠡᠶᠢᠲᠡᠯᠡᠭᠰᠡᠨ ᠴᠠᠭ᠄
2023/7/20
      6 ᠳ᠋ᠤᠭᠠᠷ ᠰᠠᠷ᠎ᠠ ᠶᠢᠨ 12 ᠤᠨ ᠡᠳᠦᠷ ᠠᠴᠠ 13 ᠤ ᠡᠳᠦᠷ ᠪᠣᠯᠲᠠᠯ᠎ᠠ᠂ ᠠᠶᠢᠮᠠᠭ ᠤᠨ ᠪᠣᠭᠤᠮᠲᠠ ᠶᠢᠨ ᠠᠯᠪᠠᠨ ᠭᠡᠷ ᠠᠴᠠ ᠭᠤᠣᠯᠯᠠᠨ ᠡᠷᠭᠢᠯᠡᠵᠦ᠂ ᠡᠷᠢᠶᠡᠨ ᠬᠤᠲᠠ᠂ ᠰᠢᠯᠢ ᠶᠢᠨ ᠬᠤᠲᠠ᠂ ᠵᠡᠭᠦᠨ ᠦᠵᠦᠮᠦᠴᠢᠨ ᠬᠤᠰᠢᠭᠤᠨ ᠤ ᠵᠠᠰᠠᠭ ᠤᠨ ᠣᠷᠳᠣᠨ ᠤ ᠬᠠᠮᠵᠢᠯᠴᠠᠨ ᠡᠷᠭᠢᠯᠡᠭᠰᠡᠨ ᠰᠢᠯᠢ ᠶᠢᠨ ᠭᠤᠣᠯ ᠠᠶᠢᠮᠠᠭ ᠤᠨ ᠪᠣᠭᠤᠮᠲᠠ ᠶᠢᠨ ᠠᠵᠤ ᠠᠬᠤᠢ ᠶᠢᠨ ᠠᠵᠤ ᠦᠢᠯᠡᠰ ᠤᠨ ᠬᠡᠯᠬᠢᠶ᠎ᠡ ᠶᠢᠨ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠲᠠᠨᠢᠯᠴᠠᠭᠤᠯᠭ᠎ᠠ ᠶᠢᠨ ᠬᠤᠷᠠᠯ ᠲᠢᠶᠠᠨᠵᠢᠨ ᠳᠤ ᠶᠠᠪᠤᠭᠳᠠᠪᠠ᠃      ᠵᠡᠭᠦᠨ ᠦᠵᠦᠮᠦᠴᠢᠨ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠪᠠᠶᠢᠩᠭᠤ ᠶᠢᠨ ᠳᠡᠳ᠋ ᠳᠠᠷᠤᠭ᠎ᠠ ᠰᠢᠦᠢ ᠶᠢᠩ ᠵᠢᠶᠠᠨ ᠵᠢᠴᠢ ᠬᠤᠰᠢᠭᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠪᠣᠭᠤᠮᠲᠠ ᠶᠢᠨ ᠵᠥᠪᠯᠡᠯ ᠤᠨ ᠬᠠᠮᠢᠶ᠎ᠠ ᠪᠦᠬᠦᠢ ᠬᠠᠷᠢᠭᠤᠴᠠᠯᠭᠠᠲᠠᠨ ᠬᠤᠷᠠᠯ ᠳᠤ ᠣᠷᠣᠯᠴᠠᠵᠤ᠂ ᠲᠢᠶᠠᠨᠵᠢᠨ ᠭᠠᠷᠠᠮ ᠤᠨ ᠪᠦᠯᠦᠭᠯᠡᠯ ᠤᠨ ᠪᠠᠷᠠᠭᠠᠨ ᠤ ᠭᠦᠢᠯᠭᠡᠭᠡᠨ ᠤ ᠬᠢᠵᠠᠭᠠᠷᠲᠤ ᠺᠣᠮᠫᠠᠨᠢ ᠲᠠᠢ ︽ᠳᠤᠮᠳᠠᠳᠤ ᠮᠣᠩᠭᠤᠯ ᠣᠷᠣᠰ ᠤᠨ ᠠᠵᠤ ᠠᠬᠤᠢ ᠶᠢᠨ ᠬᠤᠩᠭᠢᠯ︾ ᠤᠨ ᠪᠠᠷᠠᠭᠠᠨ ᠤ ᠭᠦᠢᠯᠭᠡᠭᠡᠨ ᠤ ᠲᠥᠪᠯᠡᠷᠡᠭᠦᠯᠵᠦ ᠲᠠᠷᠬᠠᠭᠠᠬᠤ ᠰᠢᠨ᠎ᠡ ᠰᠠᠭᠤᠷᠢᠨ ᠭᠠᠵᠠᠷ᠂ ᠪᠣᠭᠤᠮᠲᠠ ᠶᠢᠨ ᠪᠠᠷᠠᠭᠠᠨ ᠤ ᠭᠦᠢᠯᠭᠡᠭᠡᠨ ᠤ ᠰᠢᠨ᠎ᠡ ᠵᠠᠮ᠂ ᠳᠤᠮᠳᠠᠳᠤ ᠮᠣᠩᠭᠤᠯ ᠤᠨ ᠪᠣᠭᠤᠮᠲᠠ ᠶᠢᠨ ᠣᠨᠴᠠᠯᠢᠭᠲᠤ ᠪᠠᠷᠠᠭᠠᠨ ᠤ ᠭᠦᠢᠯᠭᠡᠭᠡᠨ ᠤ ᠴᠢᠳᠠᠮᠵᠢ ᠶᠢᠨ ᠰᠢᠨ᠎ᠡ ᠥᠨᠳᠦᠷᠯᠢᠭ ᠭᠠᠵᠠᠷ ᠵᠡᠷᠭᠡ ᠠᠭᠤᠯᠭ᠎ᠠ ᠶᠢᠨ ᠲᠤᠬᠠᠢ ᠬᠠᠮᠲᠤᠷᠠᠯᠴᠠᠭᠠᠨ ᠤ ᠬᠡᠯᠡᠯᠴᠡᠭᠡᠷ ᠲᠣᠭᠲᠠᠪᠠ᠃ ᠲᠥᠷᠥᠯ ᠵᠦᠢᠯ ᠤᠨ ᠭᠡᠷ᠎ᠡ ᠲᠣᠭᠲᠠᠨ ᠨᠠᠶᠢᠳᠠᠪᠤᠷᠢᠵᠢᠭᠤᠯᠤᠭᠳᠠᠬᠤ ᠨᠢ ᠵᠡᠭᠦᠨ ᠦᠵᠦᠮᠦᠴᠢᠨ ᠬᠤᠰᠢᠭᠤᠨ ᠤ ᠵᠡᠭᠦᠨ ᠬᠠᠲᠠᠪᠴᠢ ᠪᠣᠭᠤᠮᠲᠠ ᠶᠢᠨ ᠤᠮᠠᠷᠠᠰᠢ ᠨᠡᠭᠡᠭᠡᠯᠲᠡ ᠬᠢᠬᠦ ᠪᠠᠬᠢᠯᠡᠯᠲᠡ ᠶᠢᠨ ᠪᠠᠶᠢᠷᠢ ᠰᠠᠭᠤᠷᠢ ᠶᠢ ᠭᠦᠢᠴᠡᠳ ᠪᠠᠳᠠᠷᠠᠭᠤᠯᠵᠤ᠂ ᠵᠡᠭᠦᠨ ᠬᠠᠲᠠᠪᠴᠢ ᠪᠣᠭᠤᠮᠲᠠ ᠶᠢᠨ ᠶᠡᠷᠦᠩᠬᠡᠶᠢᠯᠡᠭᠰᠡᠨ ᠪᠣᠳᠠᠲᠤ ᠬᠦᠴᠦᠨ ᠢ ᠪᠥᠬᠦ ᠲᠠᠯ᠎ᠠ ᠪᠠᠷ ᠳᠡᠭᠡᠭᠰᠢᠯᠡᠭᠦᠯᠦᠨ᠂ ᠪᠣᠭᠤᠮᠲᠠ ᠬᠢᠭᠡᠳ ᠭᠠᠷᠠᠮ ᠤᠨ ᠣᠷᠣᠨ ᠪᠦᠰᠡ ᠶᠢᠨ ᠠᠵᠤ ᠠᠬᠤᠢ ᠶᠢᠨ ᠬᠥᠭᠵᠢᠯᠲᠡ ᠶᠢ ᠠᠬᠢᠭᠤᠯᠬᠤ ᠳᠤ ᠴᠢᠬᠤᠯᠠ ᠠᠴᠢ ᠬᠤᠯᠪᠣᠭᠳᠠᠯ ᠲᠠᠢ ᠶᠤᠮ᠃      ᠠᠶᠢᠮᠠᠭ ᠤᠨ ᠨᠠᠮ ᠤᠨ ᠬᠤᠷᠢᠶ᠎ᠠ ᠶᠢᠨ ᠭᠡᠰᠢᠭᠦᠨ᠂ ᠨᠠᠷᠢᠨ ᠪᠢᠴᠢᠭ ᠤᠨ ᠳᠠᠷᠤᠭ᠎ᠠ ᠵᠢᠶᠠ ᠸᠧᠨ ᠽᠥᠩ᠂ ᠠᠶᠢᠮᠠᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯᠯᠠᠬᠤ ᠵᠥᠪᠯᠡᠯ ᠤᠨ ᠳᠡᠳ᠋ ᠡᠷᠬᠢᠯᠡᠭᠴᠢ᠂ ᠠᠶᠢᠮᠠᠭ ᠤᠨ ᠪᠣᠭᠤᠮᠲᠠ ᠶᠢᠨ ᠠᠵᠤ ᠠᠬᠤᠢ ᠠᠵᠤ ᠦᠢᠯᠡᠰ ᠤᠨ ᠬᠡᠯᠬᠢᠶ᠎ᠡ ᠶᠢᠨ ᠳᠠᠷᠤᠭ᠎ᠠ ᠴᠧ ᠱᠤ᠋ ᠷᠦᠩ᠂ ᠲᠢᠶᠠᠨᠵᠢᠨ ᠬᠤᠲᠠ ᠶᠢᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ ᠶᠢᠨ ᠳᠡᠳ᠋ ᠳᠠᠷᠤᠭ᠎ᠠ ᠯᠢ ᠵᠢᠶᠠᠨ᠂ ᠲᠢᠶᠠᠨᠵᠢᠨ ᠭᠠᠷᠠᠮ ᠤᠨ ᠪᠦᠯᠦᠭᠯᠡᠯ ᠤᠨ ᠪᠠᠷᠠᠭᠠᠨ ᠤ ᠭᠦᠢᠯᠭᠡᠭᠡᠨ ᠤ ᠺᠣᠮᠫᠠᠨᠢ ᠶᠢᠨ ᠳᠡᠳ᠋ ᠶᠡᠷᠦᠩᠬᠡᠢ ᠳᠠᠭᠠᠭᠠᠮᠠᠯ ᠺᠦᠩ ᠸᠧᠢ ᠳ᠋ᠦᠩ᠂ ᠲᠢᠶᠠᠨᠵᠢᠨ ᠬᠤᠲᠠ ᠶᠢᠨ ᠥᠪᠥᠷ ᠮᠣᠩᠭᠤᠯ ᠤᠨ ᠬᠤᠳᠠᠯᠳᠤᠭᠠᠴᠢᠳ ᠤᠨ ᠡᠪᠯᠡᠯ ᠤᠨ ᠳᠠᠷᠤᠭ᠎ᠠ ᠴᠢ ᠶᠦᠩ ᠲᠠᠨᠢᠯᠴᠠᠭᠤᠯᠭ᠎ᠠ ᠶᠢᠨ ᠬᠤᠷᠠᠯ ᠳᠤ ᠣᠷᠣᠯᠴᠠᠭᠰᠠᠨ ᠪᠥᠭᠡᠳ ᠪᠠᠶᠠᠷ ᠤᠨ ᠦᠭᠡ ᠬᠡᠯᠡᠵᠡᠢ᠃ ᠠᠶᠢᠮᠠᠭ ᠤᠨ ᠪᠣᠭᠤᠮᠲᠠ ᠶᠢᠨ ᠠᠯᠪᠠᠨ ᠭᠡᠷ᠂ ᠪᠡᠭᠡᠵᠢᠩ ᠳᠤ ᠰᠠᠭᠤᠭ᠎ᠠ ᠬᠤᠯᠪᠣᠭ᠎ᠠ ᠠᠪᠬᠤ ᠭᠠᠵᠠᠷ᠂ ᠡᠷᠢᠶᠡᠨ ᠬᠤᠲᠠ᠂ ᠰᠢᠯᠢᠩᠬᠤᠲᠠ᠂ ᠵᠡᠭᠦᠨ ᠦᠵᠦᠮᠦᠴᠢᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠵᠢᠴᠢ ᠬᠤᠯᠪᠣᠭᠳᠠᠯ ᠪᠦᠬᠦᠢ ᠰᠠᠯᠠᠭ᠎ᠠ ᠮᠥᠴᠢᠷ᠂ ᠠᠵᠤ ᠠᠬᠤᠶᠢᠯᠠᠯ ᠤᠨ ᠬᠠᠷᠢᠭᠤᠴᠠᠯᠭᠠᠲᠠᠨ ᠵᠢᠴᠢ ᠲᠢᠶᠠᠨᠵᠢᠨ ᠬᠤᠲᠠ ᠶᠢᠨ 80 ᠭᠠᠷᠤᠢ ᠠᠵᠤ ᠠᠬᠤᠶᠢᠯᠠᠯ᠂ ᠨᠡᠶᠢᠭᠡᠮᠯᠢᠭ ᠤᠨ ᠬᠠᠷᠢᠭᠤᠴᠠᠯᠭᠠᠲᠠᠨ ᠲᠠᠨᠢᠯᠴᠠᠭᠤᠯᠭ᠎ᠠ ᠶᠢᠨ ᠬᠤᠷᠠᠯ ᠳᠤ ᠣᠷᠣᠯᠴᠠᠵᠠᠢ᠃ ᠠᠵᠢᠯᠯᠠᠭ᠎ᠠ ᠶᠢᠨ ᠬᠤᠭᠤᠴᠠᠭᠠᠨ ᠳᠤ᠂ ᠰᠢᠨᠵᠢᠯᠡᠨ ᠪᠠᠶᠢᠴᠠᠭᠠᠯᠲᠠ ᠨᠢ ᠲᠢᠶᠠᠨᠵᠢᠨ ᠭᠠᠷᠠᠮ ᠤᠨ ᠪᠦᠯᠦᠭᠯᠡᠯ᠂ ᠳᠤᠮᠳᠠᠳᠤ ᠡᠸᠦ᠋ᠷᠦᠫᠡ ᠶᠢᠨ ᠵᠢᠰᠢᠶᠠᠨ ᠤ ᠭᠠᠯᠲᠤ ᠲᠡᠷᠭᠡᠨ ᠤ ᠲᠡᠮᠦᠷ ᠵᠠᠮ ᠤᠨ ᠲᠥᠪ ᠦᠷᠳᠡᠭᠡ᠂ ᠲᠢᠶᠠᠨᠵᠢᠨ ᠤ ᠰᠢᠨ᠎ᠡ ᠭᠠᠷᠠᠮ ᠤᠨ ᠪᠣᠭᠤᠮᠲᠠ ᠲᠠᠢ ᠵᠣᠯᠭᠠᠭᠤᠯᠵᠠᠢ᠃      ᠲᠠᠷᠠᠭᠠᠴᠢ ᠶᠢᠨ ᠠᠯᠬᠤᠮ ᠳᠤ᠂ ᠵᠡᠭᠦᠨ ᠦᠵᠦᠮᠦᠴᠢᠨ ᠬᠤᠰᠢᠭᠤᠨ ᠤ ᠬᠢᠨ ᠡᠮᠦᠨᠡᠬᠢ ᠬᠤᠭᠤᠴᠠᠭᠠᠨ ᠤ ᠦᠢᠯᠡᠴᠢᠯᠡᠭᠡᠨ ᠤ ᠠᠵᠢᠯ ᠢᠶᠠᠨ ᠦᠷᠭᠦᠯᠵᠢᠯᠡᠨ ᠰᠠᠶᠢᠲᠤᠷ ᠬᠢᠵᠦ᠂ ᠲᠥᠷᠥᠯ ᠵᠦᠢᠯ ᠢ ᠡᠷᠲᠡᠬᠡᠨ ᠨᠠᠶᠢᠳᠠᠪᠤᠷᠢᠵᠢᠭᠤᠯᠤᠨ ᠠᠵᠢᠯ ᠡᠬᠢᠯᠡᠭᠦᠯᠬᠦ ᠪᠠᠷ ᠴᠢᠷᠮᠠᠶᠢᠨ᠎ᠠ᠃
 
ᠢᠷᠡᠯᠲᠡ᠄ ᠵᠡᠭᠦᠨ ᠦᠵᠦᠮᠦᠴᠢᠨ ᠬᠤᠰᠢᠭᠤᠨ ᠤ ᠵᠠᠰᠠᠭ ᠤᠨ ᠣᠷᠳᠣᠨ ᠤ ᠠᠯᠪᠠᠨ ᠬᠡᠷ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号