ᠵᠡᠭᠦᠨ ᠦᠵᠦᠮᠦᠴᠢᠨ ᠬᠤᠰᠢᠭᠤᠨ ᠤ ᠰᠢᠯᠢ ᠶᠢᠨ ᠭᠤᠣᠯ ᠠᠶᠢᠮᠠᠭ ᠤᠨ ᠪᠣᠭᠤᠮᠲᠠ ᠶᠢᠨ ᠠᠵᠤ ᠠᠬᠤᠢ ᠶᠢᠨ ᠠᠵᠤ ᠦᠢᠯᠡᠰ ᠤᠨ ᠬᠡᠯᠬᠢᠶ᠎ᠡ ᠶᠢᠨ ᠬᠤᠳᠠᠯᠳᠤᠭᠠᠴᠢᠨ ᠤᠷᠢᠵᠤ ᠪᠡᠯᠡ ᠣᠷᠣᠭᠤᠯᠤᠨ ᠲᠠᠨᠢᠯᠴᠠᠭᠤᠯᠬᠤ ᠬᠤᠷᠠᠯ ᠳᠤ ᠲᠢᠶᠠᠨᠵᠢᠨ ᠭᠠᠷᠠᠮ ᠤᠨ ᠪᠦᠯᠦᠭᠯᠡᠯ ᠤᠨ ᠪᠠᠷᠠᠭᠠᠨ ᠤ ᠭᠦᠢᠯᠭᠡᠭᠡᠨ ᠤ ᠬᠢᠵᠠᠭᠠᠷᠲᠤ ᠺᠣᠮᠫᠠᠨᠢ ᠲᠠᠢ ᠬᠠᠮᠲᠤᠷᠠᠯᠴᠠᠭᠠᠨ ᠤ ᠲᠥᠰᠦᠪ ᠤᠨ ᠬᠡᠯᠡᠯᠴᠡᠭᠡᠷ ᠲᠤ ᠭᠠᠷ ᠤᠨ ᠥᠰᠥᠭ ᠵᠢᠷᠤᠪᠠ
ᠨᠡᠶᠢᠲᠡᠯᠡᠭᠰᠡᠨ ᠴᠠᠭ᠄
2023/7/20
      6 ᠰᠠᠷ᠎ᠠ ᠶᠢᠨ 12  ᠤᠨ ᠡᠳᠦᠷ ᠠᠴᠠ 13  ᠤ ᠡᠳᠦᠷ ᠪᠣᠯᠲᠠᠯ᠎ᠠ᠂ ᠰᠢᠯᠢ ᠶᠢᠨ ᠭᠤᠣᠯ ᠠᠶᠢᠮᠠᠭ ᠤᠨ ᠪᠣᠭᠤᠮᠲᠠ ᠶᠢᠨ ᠠᠵᠤ ᠠᠬᠤᠢ ᠶᠢᠨ ᠠᠵᠤ ᠦᠢᠯᠡᠰ ᠤᠨ ᠬᠡᠯᠬᠢᠶ᠎ᠡ ᠶᠢᠨ ᠠᠷᠠᠯᠵᠢᠶᠠᠴᠢᠨ ᠤᠷᠢᠵᠤ ᠪᠡᠯᠡ ᠣᠷᠣᠭᠤᠯᠤᠨ ᠲᠠᠨᠢᠯᠴᠠᠭᠤᠯᠬᠤ ᠠᠵᠢᠯᠯᠠᠭ᠎ᠠ ᠲᠢᠶᠠᠨᠵᠢᠨ ᠳᠤ ᠶᠠᠪᠤᠭᠳᠠᠵᠤ᠂ ᠠᠶᠢᠮᠠᠭ ᠤᠨ ᠪᠣᠭᠤᠮᠲᠠ ᠶᠢᠨ ᠠᠯᠪᠠᠨ ᠭᠡᠷ᠂ ᠪᠡᠭᠡᠵᠢᠩ ᠳᠤ ᠰᠠᠭᠤᠭ᠎ᠠ ᠬᠤᠯᠪᠣᠭ᠎ᠠ ᠠᠪᠬᠤ ᠭᠠᠵᠠᠷ᠂ ᠡᠷᠢᠶᠡᠨ ᠬᠤᠳᠠ᠂ ᠰᠢᠯᠢ ᠶᠢᠨ ᠬᠤᠳᠠ᠂ ᠬᠤᠰᠢᠭᠤ ᠠᠷᠠᠳ ᠤᠨ ᠵᠠᠰᠠᠭ ᠤᠨ ᠣᠷᠳᠣᠨ ᠵᠢᠴᠢ ᠬᠤᠯᠪᠣᠭᠳᠠᠯ ᠪᠦᠬᠦᠢ ᠰᠠᠯᠠᠭ᠎ᠠ ᠮᠥᠴᠢᠷ᠂ ᠠᠵᠤ ᠠᠬᠤᠶᠢᠯᠠᠯ ᠤᠨ ᠬᠠᠷᠢᠭᠤᠴᠠᠯᠭᠠᠲᠠᠨ ᠵᠢᠴᠢ ᠲᠢᠶᠠᠨᠵᠢᠨ ᠬᠤᠳᠠ ᠶᠢᠨ 80 ᠭᠠᠷᠤᠢ ᠠᠵᠤ ᠠᠬᠤᠶᠢᠯᠠᠯ᠂ ᠨᠡᠶᠢᠭᠡᠮᠯᠢᠭ ᠤᠨ ᠬᠠᠷᠢᠭᠤᠴᠠᠯᠭᠠᠲᠠᠨ ᠲᠠᠨᠢᠯᠴᠠᠭᠤᠯᠭ᠎ᠠ ᠶᠢᠨ ᠬᠤᠷᠠᠯ ᠳᠤ ᠣᠷᠣᠯᠴᠠᠪᠠ᠃ ᠬᠤᠷᠠᠯ ᠳᠡᠭᠡᠷ᠎ᠡ᠂ ᠲᠢᠶᠠᠨᠵᠢᠨ ᠭᠠᠷᠠᠮ ᠵᠡᠭᠦᠨ ᠬᠠᠳᠠᠪᠴᠢ ᠪᠣᠭᠤᠮᠲᠠ ᠶᠢᠨ ᠬᠠᠭᠤᠷᠠᠢ ᠵᠠᠮ᠂ ᠲᠡᠮᠦᠷ ᠵᠠᠮ ᠤᠨ ᠪᠣᠭᠤᠮᠲᠠ ᠶᠢᠨ ᠨᠡᠪᠲᠡᠷᠡᠬᠦ ᠵᠠᠮ ᠤᠨ ᠪᠦᠲᠦᠭᠡᠨ ᠪᠠᠶᠢᠭᠤᠯᠤᠯᠲᠠ ᠵᠡᠷᠭᠡ ᠬᠦᠷᠢᠶ᠎ᠡ ᠶᠢ ᠨᠡᠪᠲᠡᠷᠡᠭᠦᠯᠬᠦ ᠶᠢᠨ ᠲᠣᠭᠤᠷᠢᠨ ᠳᠤ᠂ ᠮᠠᠨ ᠤ ᠬᠤᠰᠢᠭᠤ ᠲᠢᠶᠠᠨᠵᠢᠨ ᠭᠠᠷᠠᠮ ᠤᠨ ᠪᠦᠯᠦᠭᠯᠡᠯ ᠤᠨ ᠪᠠᠷᠠᠭᠠᠨ ᠤ ᠭᠦᠢᠯᠭᠡᠭᠡᠨ ᠤ ᠬᠢᠵᠠᠭᠠᠷᠲᠤ ᠺᠣᠮᠫᠠᠨᠢ ᠲᠠᠢ ︽ᠳᠤᠮᠳᠠᠳᠤ ᠮᠣᠩᠭᠤᠯ ᠣᠷᠣᠰ ᠤᠨ ᠠᠵᠤ ᠠᠬᠤᠢ ᠶᠢᠨ ᠬᠤᠩᠭᠢᠯ︾ ᠤᠨ ᠪᠠᠷᠠᠭᠠᠨ ᠤ ᠭᠦᠢᠯᠭᠡᠭᠡᠨ ᠤ ᠲᠥᠪᠯᠡᠷᠡᠭᠦᠯᠵᠦ ᠲᠠᠷᠬᠠᠭᠠᠬᠤ ᠰᠢᠨ᠎ᠡ ᠰᠠᠭᠤᠷᠢᠨ ᠭᠠᠵᠠᠷ᠂ ᠪᠣᠭᠤᠮᠲᠠ ᠶᠢᠨ ᠪᠠᠷᠠᠭᠠᠨ ᠤ ᠭᠦᠢᠯᠭᠡᠭᠡᠨ ᠤ ᠰᠢᠨ᠎ᠡ ᠨᠡᠪᠲᠡᠷᠡᠬᠦ ᠵᠠᠮ᠂ ᠳᠤᠮᠳᠠᠳᠤ ᠮᠣᠩᠭᠤᠯ ᠪᠣᠭᠤᠮᠲᠠ ᠶᠢᠨ ᠣᠨᠴᠠᠯᠢᠭᠲᠤ ᠪᠠᠷᠠᠭᠠᠨ ᠤ ᠭᠦᠢᠯᠭᠡᠭᠡᠨ ᠤ ᠴᠢᠳᠠᠮᠵᠢ ᠶᠢᠨ ᠰᠢᠨ᠎ᠡ ᠥᠨᠳᠦᠷᠯᠢᠭ ᠢ ᠪᠠᠶᠢᠭᠤᠯᠬᠤ ᠵᠡᠷᠭᠡ ᠠᠭᠤᠯᠭ᠎ᠠ ᠶᠢᠨ ᠲᠠᠯ᠎ᠠ ᠪᠠᠷ ᠬᠠᠮᠲᠤᠷᠠᠯᠴᠠᠭᠠᠨ ᠤ ᠬᠡᠯᠡᠯᠴᠡᠭᠡᠷ ᠲᠣᠭᠲᠠᠵᠤ᠂ ᠪᠠᠶᠢᠩᠭᠤ ᠶᠢᠨ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭᠠᠨ ᠤ ᠬᠠᠷᠢᠴᠠᠭ᠎ᠠ ᠶᠢ ᠪᠣᠶ ᠪᠣᠯᠭᠠᠪᠠ᠃ ᠬᠠᠮᠲᠤᠷᠠᠯᠴᠠᠭᠠᠨ ᠤ ᠵᠥᠪᠯᠡᠯᠴᠡᠭᠡᠷ ᠲᠤ ᠭᠠᠷ ᠤᠨ ᠦᠰᠦᠭ ᠵᠢᠷᠤᠭᠰᠠᠨ ᠨᠢ ᠵᠡᠭᠦᠨ ᠬᠠᠳᠠᠪᠴᠢ ᠪᠣᠭᠤᠮᠲᠠ ᠪᠣᠯᠣᠨ ᠲᠢᠶᠠᠨᠵᠢᠨ ᠭᠠᠷᠠᠮ ᠤᠨ ᠬᠤᠭᠤᠷᠣᠨᠳᠣᠬᠢ ᠤᠯᠠᠨ ᠬᠡᠯᠪᠡᠷᠢ ᠶᠢᠨ ᠬᠠᠮᠲᠤᠷᠠᠭᠰᠠᠨ ᠲᠡᠭᠡᠭᠡᠪᠦᠷᠢ ᠶᠢᠨ ᠵᠠᠮ ᠤᠨ ᠪᠦᠲᠦᠭᠡᠨ ᠪᠠᠶᠢᠭᠤᠯᠤᠯᠲᠠ ᠵᠢᠴᠢ ᠲᠤᠬᠠᠢ ᠶᠢᠨ ᠭᠠᠵᠠᠷ ᠤᠨ ᠦᠢᠯᠡᠳᠪᠦᠷᠢᠯᠡᠯ ᠪᠣᠯᠣᠨ ᠠᠷᠠᠯᠵᠢᠶᠠᠨ ᠤ ᠠᠵᠤ ᠠᠬᠤᠶᠢᠯᠠᠯ ᠯᠤᠭ᠎ᠠ ᠶᠢᠨ ᠪᠠᠷᠠᠭᠠᠨ ᠤ ᠭᠦᠢᠯᠭᠡᠭᠡᠨ ᠤ ᠦᠢᠯᠡᠴᠢᠯᠡᠭᠡᠨ ᠤ ᠨᠡᠪᠲᠡᠷᠡᠯᠴᠡᠬᠦ ᠲᠠᠪᠴᠠᠩ ᠢ ᠡᠭᠦᠳᠦᠨ ᠪᠠᠶᠢᠭᠤᠯᠬᠤ ᠶᠢ ᠴᠢᠨᠠᠭᠰᠢᠳᠠ ᠠᠬᠢᠭᠤᠯᠵᠤ᠂ ᠪᠣᠭᠤᠮᠲᠠ ᠪᠣᠯᠣᠨ ᠭᠠᠷᠠᠮ ᠤᠨ ᠣᠷᠣᠨ ᠪᠦᠰᠡ ᠶᠢᠨ ᠠᠵᠤ ᠠᠬᠤᠢ ᠶᠢᠨ ᠬᠥᠭᠵᠢᠯᠲᠡ ᠶᠢ ᠠᠬᠢᠭᠤᠯᠬᠤ ᠪᠣᠯᠣᠨ᠎ᠠ᠃
 
ᠢᠷᠡᠯᠲᠡ᠄ ᠵᠡᠭᠦᠨ ᠦᠵᠦᠮᠦᠴᠢᠨ ᠬᠤᠰᠢᠭᠤᠨ ᠤ ᠵᠠᠰᠠᠭ ᠤᠨ ᠣᠷᠳᠣᠨ ᠤ ᠠᠯᠪᠠᠨ ᠬᠡᠷ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号