100 ᠲᠦᠮᠡᠨ ᠲᠣᠨ ᠢ ᠳᠠᠪᠠᠪᠠ︕ ᠵᠡᠭᠦᠨ ᠬᠠᠲᠠᠪᠴᠢ ᠪᠣᠭᠤᠮᠲᠠ ᠶᠢᠨ ᠪᠠᠷᠠᠭ᠎ᠠ ᠵᠥᠭᠡᠭᠡᠪᠦᠷᠢᠯᠡᠭᠰᠡᠨ ᠬᠡᠮᠵᠢᠶ᠎ᠡ ᠲᠡᠦᠬᠡ ᠶᠢᠨ ᠰᠢᠨ᠎ᠡ ᠲᠡᠮᠳᠡᠭᠯᠡᠯ ᠢ ᠡᠭᠦᠳᠪᠡ︕
ᠨᠡᠶᠢᠲᠡᠯᠡᠭᠰᠡᠨ ᠴᠠᠭ᠄
2023/7/20
      6 ᠰᠠᠷ᠎ᠠ ᠶᠢᠨ 27 ᠤ ᠡᠳᠦᠷ ᠪᠣᠯᠲᠠᠯ᠎ᠠ᠂ ᠵᠡᠭᠦᠨ ᠬᠠᠲᠠᠪᠴᠢ ᠪᠣᠭᠤᠮᠲᠠ ᠶᠢᠨ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠭᠰᠠᠨ ᠪᠠᠷᠠᠭᠠᠨ ᠤ ᠲᠡᠭᠡᠭᠡᠪᠦᠷᠢ ᠶᠢᠨ ᠬᠡᠮᠵᠢᠶ᠎ᠡ 100 ᠲᠦᠮᠡᠨ ᠲᠣᠨ ᠢ ᠳᠠᠪᠠᠵᠤ ᠂ ᠠᠳᠠᠯᠢ ᠬᠤᠭᠤᠴᠠᠭᠠᠨ ᠤ ᠬᠢ ᠠᠴᠠ 2019 ᠣᠨ ᠤ ᠬᠢ ᠠᠴᠠ 212.5% ᠨᠡᠮᠡᠭᠳᠡᠵᠦ᠂ 2023 ᠣᠨ ᠤ ᠲᠦᠷᠦᠭᠦᠦ 5 ᠰᠠᠷ᠎ᠠ ᠶᠢᠨ ᠳᠤᠮᠳᠠᠴᠢ ᠨᠡᠮᠡᠭᠳᠡᠯ ᠤᠨ ᠬᠤᠷᠳᠤᠴᠠ 29.5% ᠲᠤ ᠬᠦᠷᠴᠡᠢ᠃      ᠡᠨᠡ ᠵᠢᠯ ᠠᠴᠠ ᠨᠠᠰᠢ᠂ ᠵᠡᠭᠦᠨ ᠦᠵᠦᠮᠦᠴᠢᠨ ᠬᠤᠰᠢᠭᠤ ︽ᠲᠠᠪᠤᠨ ᠶᠡᠭᠡ ᠡᠭᠦᠷᠭᠡ︾ ᠪᠠᠷ ᠶᠡᠷᠦᠩᠬᠡᠶᠢᠯᠡᠨ ᠵᠢᠯᠣᠭᠤᠳᠤᠭᠤᠯᠵᠤ᠂ ᠤᠯᠤᠰ ᠤᠨ ︽ᠨᠢᠭᠡ ᠪᠦᠰᠡ ᠨᠢᠭᠡ ᠵᠠᠮ︾ ᠪᠣᠯᠣᠨ ︽ᠳᠤᠮᠳᠠᠳᠤ ᠮᠣᠩᠭᠤᠯ ᠣᠷᠣᠰ ᠤᠨ ᠠᠵᠤ ᠠᠬᠤᠢ ᠶᠢᠨ ᠬᠤᠩᠭᠢᠯ︾ ᠤᠨ ᠪᠦᠲᠦᠭᠡᠨ ᠪᠠᠶᠢᠭᠤᠯᠤᠯᠲᠠ ᠳᠤ ᠢᠳᠡᠪᠬᠢᠲᠡᠢ ᠣᠷᠣᠯᠴᠠᠵᠤ᠂ ᠰᠠᠨᠠᠭᠠᠴᠢᠯᠠᠭ᠎ᠠ ᠠᠴᠠ ᠪᠠᠨ ᠠᠭᠤᠰᠤᠯᠴᠠᠵᠤ᠂ ᠤᠯᠤᠰ ᠤᠨ ᠳᠣᠲᠣᠭᠠᠳᠤ ᠶᠢᠨ ᠶᠡᠭᠡ ᠡᠷᠭᠢᠯᠲᠡ ᠶᠢᠨ ᠴᠢᠬᠤᠯᠠ ᠵᠠᠩᠭᠢᠯᠠᠭ᠎ᠠ ᠶᠢᠨ ᠴᠡᠭ ᠪᠣᠯᠣᠨ ᠤᠯᠤᠰ ᠤᠨ ᠳᠣᠲᠣᠭᠠᠳᠤ ᠭᠠᠳᠠᠭᠠᠳᠤ ᠶᠢᠨ ᠬᠤᠣᠰ ᠡᠷᠭᠢᠯᠲᠡ ᠶᠢᠨ ᠪᠠᠶᠢᠯᠳᠤᠬᠤ ᠪᠣᠳᠣᠯᠭ᠎ᠠ ᠶᠢᠨ ᠲᠤᠯᠬᠤ ᠴᠡᠭ ᠢ ᠪᠠᠶᠢᠭᠤᠯᠬᠤ ᠳᠤ ᠠᠩᠬᠠᠷᠤᠯ ᠢᠶᠠᠨ ᠬᠠᠨᠳᠤᠭᠤᠯᠵᠤ᠂ ᠪᠣᠭᠤᠮᠲᠠ ᠶᠢᠨ ᠰᠠᠭᠤᠷᠢ ᠪᠦᠲᠦᠭᠡᠨ ᠪᠠᠶᠢᠭᠤᠯᠤᠯᠲᠠ ᠶᠢ ᠦᠷᠭᠦᠯᠵᠢᠯᠡᠨ ᠴᠢᠩᠭᠠᠳᠬᠠᠵᠤ᠂ ᠵᠠᠰᠠᠮᠠᠯ ᠵᠠᠮ ᠤᠨ ᠪᠣᠭᠤᠮᠲᠠ ᠶᠢᠨ ᠣᠶᠤᠨᠲᠤ ᠪᠣᠭᠤᠮᠲᠠ᠂ ᠪᠠᠷᠠᠭᠠᠨ ᠤ ᠲᠡᠭᠡᠭᠡᠪᠦᠷᠢ ᠶᠢᠨ ᠨᠡᠪᠲᠡᠷᠡᠬᠦ ᠵᠠᠮ᠂ ᠪᠠᠷᠠᠭᠠᠨ ᠤ ᠲᠡᠷᠭᠡ ᠶᠢ ᠪᠠᠶᠢᠴᠠᠭᠠᠨ ᠰᠢᠯᠭᠠᠬᠤ ᠰᠢᠰᠲ᠋ᠧᠮ ᠤᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠬᠡᠷᠡᠭᠵᠢᠭᠦᠯᠵᠦ᠂ ᠲᠡᠮᠦᠷ ᠵᠠᠮ ᠤᠨ ᠪᠣᠭᠤᠮᠲᠠ ᠶᠢᠨ ᠡᠮᠦᠨᠡᠬᠢ ᠬᠤᠭᠤᠴᠠᠭᠠᠨ ᠤ ᠠᠵᠢᠯ ᠢ ᠡᠬᠢᠯᠡᠭᠦᠯᠦᠨ᠂ ᠵᠠᠰᠠᠮᠠᠯ ᠵᠠᠮ ᠤᠨ ᠪᠣᠭᠤᠮᠲᠠ ︱ ᠪᠠᠷᠠᠭᠠᠨ ᠤ ᠭᠦᠢᠯᠭᠡᠭᠡᠨ ᠤ ᠬᠦᠷᠢᠶᠡᠯᠡᠩ ᠲᠣᠭᠤᠷᠢᠭ ᠤᠨ ᠬᠤᠯᠪᠣᠬᠤ ᠱᠤᠭᠤᠮ ᠤᠨ ᠲᠥᠷᠥᠯ ᠵᠦᠢᠯ ᠢ ᠪᠥᠬᠦ ᠬᠦᠴᠦᠨ ᠢᠶᠠᠷ ᠠᠬᠢᠭᠤᠯᠵᠤ᠂ ᠴᠡᠴᠡᠷᠯᠢᠭ ᠲᠤ ᠣᠷᠣᠬᠤ ᠪᠠᠷᠠᠭᠠᠨ ᠤ ᠭᠦᠢᠯᠭᠡᠭᠡᠨ ᠤ ᠬᠥᠮᠥᠷᠭᠡᠯᠡᠨ ᠬᠠᠳᠠᠭᠠᠯᠠᠬᠤ ᠲᠥᠷᠥᠯ ᠵᠦᠢᠯ ᠤᠨ ᠡᠷᠲᠡ ᠠᠵᠢᠯ ᠡᠬᠢᠯᠡᠭᠦᠯᠵᠦ᠂ ᠡᠷᠲᠡ ᠠᠰᠢᠭᠯᠠᠯᠲᠠ ᠳᠤ ᠣᠷᠣᠭᠤᠯᠬᠤ ᠶᠢ ᠦᠢᠯᠡᠴᠢᠯᠡᠭᠡᠨ ᠤ ᠪᠠᠲᠤᠯᠠᠭ᠎ᠠ ᠲᠠᠢ ᠪᠣᠯᠭᠠᠨ᠎ᠠ᠃ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠶᠢ ᠦᠷᠭᠦᠯᠵᠢᠯᠡᠨ ᠴᠢᠩᠭᠠᠳᠬᠠᠵᠤ᠂ ᠪᠣᠭᠤᠮᠲᠠ ᠶᠢᠨ ᠪᠠᠷᠠᠭᠠᠨ ᠤ ᠭᠦᠢᠯᠭᠡᠭᠡᠨ ᠤ ᠠᠵᠤ ᠦᠢᠯᠡᠰ ᠢ ᠶᠡᠬᠡᠪᠡᠷ ᠪᠣᠶᠢᠵᠢᠭᠤᠯᠤᠨ ᠬᠥᠭᠵᠢᠭᠦᠯᠵᠦ᠂ ᠪᠣᠳᠠᠲᠠᠶᠢᠵᠢᠭᠤᠯᠤᠨ ᠡᠳ᠋ᠰᠢᠭᠦᠯᠬᠦ᠂ ᠭᠠᠶᠢᠯᠢ ᠪᠠᠲᠤᠯᠠᠬᠤ ᠪᠠᠷᠠᠭᠠᠨ ᠤ ᠭᠦᠢᠯᠭᠡᠭᠡᠨ ᠵᠡᠷᠭᠡ ᠭᠠᠳᠠᠭᠰᠢ ᠴᠢᠭᠯᠡᠭᠦᠯᠦᠭᠰᠡᠨ ᠬᠡᠯᠪᠡᠷᠢ ᠶᠢᠨ ᠠᠵᠤ ᠠᠬᠤᠶᠢᠯᠠᠯ ᠢ ᠢᠳᠡᠪᠬᠢᠲᠡᠢ ᠪᠠᠷ ᠪᠣᠶᠢᠵᠢᠭᠤᠯᠤᠨ᠂ ᠵᠡᠭᠦᠨ ᠬᠠᠲᠠᠪᠴᠢ ᠪᠣᠭᠤᠮᠲᠠ ᠶᠢ ᠣᠷᠣᠨ ᠪᠦᠰᠡ ᠶᠢᠨ ᠴᠢᠨᠠᠷᠲᠠᠢ ᠪᠠᠷᠠᠭᠠᠨ ᠤ ᠭᠦᠢᠯᠭᠡᠭᠡᠨ ᠤ ᠲᠥᠪᠯᠡᠷᠡᠭᠦᠯᠦᠨ ᠲᠠᠷᠬᠠᠭᠠᠬᠤ ᠲᠥᠪ᠂ ᠡᠬᠢ ᠪᠠᠶᠠᠯᠢᠭ ᠤᠨ ᠴᠢᠨᠠᠷᠲᠠᠢ ᠪᠣᠳᠠᠲᠠᠶᠢᠵᠢᠭᠤᠯᠤᠨ ᠡᠳ᠋ᠰᠢᠭᠦᠯᠬᠦ ᠰᠠᠭᠤᠷᠢᠨ ᠭᠠᠵᠠᠷ ᠪᠣᠯᠭᠠᠨ ᠪᠠᠶᠢᠭᠤᠯᠬᠤ ᠪᠠᠷ ᠴᠢᠷᠮᠠᠶᠢᠨ᠎ᠠ᠃ ᠨᠡᠭᠦᠷᠡᠰᠦ᠂ ᠮᠠᠯ ᠤᠨ ᠠᠰᠢᠭ ᠰᠢᠮ᠎ᠡ᠂ ᠲᠡᠵᠢᠭᠡᠯ ᠡᠪᠡᠰᠦ ᠵᠢᠴᠢ ᠲᠦᠭᠦᠬᠡᠢ ᠴᠢᠯᠠᠭᠤᠨ ᠲᠣᠰᠣᠨ ᠤ ᠭᠠᠳᠠᠭᠠᠳᠤ ᠠᠴᠠ ᠣᠷᠣᠭᠤᠯᠬᠤ ᠠᠵᠤ ᠠᠬᠤᠶᠢᠯᠠᠯ ᠲᠠᠢ ᠢᠳᠡᠪᠬᠢᠲᠡᠢ ᠪᠠᠷ ᠵᠣᠯᠭᠠᠭᠤᠯᠵᠤ᠂ ᠪᠣᠭᠤᠮᠲᠠ ᠪᠠᠷ ᠥᠩᠭᠡᠷᠡᠬᠦ ᠬᠡᠮᠵᠢᠶ᠎ᠡ ᠶᠢ ᠦᠷᠭᠦᠯᠵᠢᠯᠡᠨ ᠥᠷᠭᠡᠳᠬᠡᠵᠦ᠂ ᠭᠠᠳᠠᠭᠠᠳᠤ ᠠᠴᠠ ᠣᠷᠣᠭᠤᠯᠬᠤ ᠲᠥᠷᠥᠯ ᠵᠦᠢᠯ ᠢ ᠪᠠᠶᠠᠯᠢᠭᠵᠢᠭᠤᠯᠤᠨ᠎ᠠ᠃      ᠵᠡᠭᠦᠨ ᠬᠠᠲᠠᠪᠴᠢ ᠪᠣᠭᠤᠮᠲᠠ ᠪᠠᠷ ᠬᠡᠪ ᠤᠨ ᠶᠣᠰᠣᠭᠠᠷ ᠪᠣᠭᠤᠮᠲᠠ ᠥᠩᠭᠡᠷᠡᠬᠦ ᠶᠢ ᠰᠡᠷᠭᠦᠭᠡᠭᠰᠡᠨ ᠠᠴᠠ ᠨᠠᠰᠢ᠂ ᠬᠤᠰᠢᠭᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠵᠥᠪ ᠣᠨᠣᠪᠴᠢᠲᠠᠶ ᠤᠳᠤᠷᠢᠳᠤᠯᠭ᠎ᠠ ᠳᠣᠣᠷ᠎ᠠ᠂ ᠬᠠᠮᠲᠤᠷᠠᠨ ᠪᠠᠶᠢᠴᠠᠭᠠᠬᠤ ᠰᠠᠯᠠᠭ᠎ᠠ ᠮᠥᠴᠢᠷ ᠪᠣᠯᠣᠨ ᠪᠣᠭᠤᠮᠲᠠ ᠶᠢᠨ ᠬᠠᠮᠢᠶᠠᠷᠤᠯᠲᠠ ᠶᠢᠨ ᠰᠠᠯᠠᠭ᠎ᠠ ᠮᠥᠴᠢᠷ ᠬᠠᠮᠲᠤᠷᠠᠨ ᠠᠵᠢᠯᠯᠠᠵᠤ᠂ ᠢᠳᠡᠪᠬᠢᠲᠡᠢ ᠪᠠᠷ ᠠᠵᠢᠯᠯᠠᠵᠤ᠂ ᠬᠦᠴᠢᠷ ᠢ ᠰᠥᠷᠦᠨ ᠤᠷᠤᠭᠰᠢᠯᠠᠵᠤ᠂ ᠪᠣᠭᠤᠮᠲᠠ ᠪᠠᠷ ᠥᠩᠭᠡᠷᠡᠬᠦ ᠶᠠᠪᠤᠴᠠ ᠶᠢ ᠦᠷᠭᠦᠯᠵᠢᠯᠡᠨ ᠰᠢᠯᠢᠳᠡᠭᠵᠢᠭᠦᠯᠵᠦ᠂ ᠪᠣᠭᠤᠮᠲᠠ ᠪᠠᠷ ᠥᠩᠭᠡᠷᠡᠬᠦ ᠪᠠᠷᠠᠭᠠᠨ ᠤ ᠬᠡᠮᠵᠢᠶ᠎ᠡ ᠶᠢ ᠲᠠᠰᠤᠷᠠᠯᠲᠠ ᠦᠭᠡᠢ ᠨᠡᠮᠡᠭᠳᠡᠭᠦᠯᠬᠦ ᠶᠢ ᠠᠬᠢᠭᠤᠯᠵᠤ᠂ ᠵᠢᠱᠢᠯᠲᠡ ᠪᠠᠷ ᠪᠥᠬᠦ ᠵᠢᠯ ᠤᠨ ᠭᠠᠳᠠᠭᠠᠳᠤ ᠠᠴᠠ ᠣᠷᠣᠭᠤᠯᠬᠤ ᠪᠠ ᠭᠠᠳᠠᠭᠠᠳᠤ ᠳᠤ ᠭᠠᠷᠭᠠᠬᠤ ᠪᠠᠷᠠᠭᠠᠨ ᠤ ᠬᠡᠮᠵᠢᠶ᠎ᠡ ᠶᠢ 200 ᠲᠦᠮᠡᠨ ᠲᠣᠨ ᠠᠴᠠ ᠳᠠᠪᠠᠭᠤᠯᠵᠤ᠂ 300 ᠲᠦᠮᠡᠨ ᠲᠣᠨ ᠳᠤ ᠬᠦᠷᠭᠡᠬᠦ ᠪᠠᠷ ᠴᠢᠷᠮᠠᠶᠢᠨ᠎ᠠ᠃
 
ᠢᠷᠡᠯᠲᠡ᠄ ᠵᠡᠭᠦᠨ ᠦᠵᠦᠮᠦᠴᠢᠨ ᠬᠤᠰᠢᠭᠤᠨ ᠤ ᠵᠠᠰᠠᠭ ᠤᠨ ᠣᠷᠳᠣᠨ ᠤ ᠠᠯᠪᠠᠨ ᠬᠡᠷ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号