ᠳᠤᠮᠳᠠᠳᠤ ᠤᠯᠤᠰ ᠤᠨ ᠵᠡᠭᠦᠨ ᠬᠠᠲᠠᠪᠴᠢ ᠪᠣᠭᠤᠮᠲᠠ ᠪᠣᠯᠣᠨ ᠮᠣᠩᠭᠤᠯ ᠤᠯᠤᠰ ᠤᠨ ᠪᠢᠴᠢᠭᠲᠦ ᠪᠣᠭᠤᠮᠲᠠ ᠤᠯᠠᠨ ᠤᠯᠤᠰ ᠤᠨ ᠵᠠᠮ ᠤᠨ ᠠᠶᠠᠨᠴᠢᠳ ᠤᠨ ᠲᠡᠭᠡᠭᠡᠪᠦᠷᠢ ᠶᠢᠨ ᠲᠣᠭᠲᠠᠮᠠᠯ ᠬᠤᠭᠤᠴᠠᠭ᠎ᠠ ᠲᠠᠢ ᠡᠭᠡᠯᠵᠢ ᠶᠢᠨ ᠱᠤᠭᠤᠮ ᠤᠨ ᠲᠤᠬᠠᠢ ᠵᠥᠪᠳᠡᠯᠴᠡᠭᠡᠷ ᠲᠤᠬᠢᠷᠠᠯᠴᠠᠪᠠ
ᠨᠡᠶᠢᠲᠡᠯᠡᠭᠰᠡᠨ ᠴᠠᠭ᠄
2023/7/21
      ᠣᠯᠠᠨ ᠤᠯᠤᠰ ᠤᠨ ᠵᠠᠮ ᠤᠨ ᠠᠶᠠᠨᠴᠢᠳ ᠤᠨ ᠲᠡᠭᠡᠭᠡᠪᠦᠷᠢ ᠶᠢᠨ ᠡᠵᠡᠩᠨᠡᠯᠲᠡ ᠶᠢᠨ ᠠᠵᠢᠯᠯᠠᠭ᠎ᠠ ᠶᠢ ᠵᠢᠷᠤᠮᠵᠢᠭᠤᠯᠵᠤ᠂ ᠣᠯᠠᠨ ᠤᠯᠤᠰ ᠤᠨ ᠵᠠᠮ ᠲᠡᠭᠡᠭᠡᠪᠦᠷᠢ ᠶᠢᠨ ᠵᠠᠬ᠎ᠠ ᠳᠡᠯᠭᠡᠭᠦᠷ ᠤᠨ ᠡᠮᠬᠢ ᠳᠢᠭᠯᠢᠮ ᠢ ᠬᠠᠮᠠᠭᠠᠯᠠᠨ᠂ ᠠᠶᠠᠨᠴᠢᠳ ᠤᠨ ᠲᠡᠷᠭᠡᠨ ᠳᠤ ᠰᠠᠭᠤᠬᠤ ᠠᠮᠤᠷ ᠲᠦᠪᠰᠢᠨ ᠢ ᠪᠠᠲᠤᠯᠠᠬᠤ ᠶᠢᠨ ᠲᠥᠯᠥᠭᠡ᠂ 6 ᠰᠠᠷ᠎ᠠ ᠶᠢᠨ 28 ᠤ ᠡᠳᠦᠷ᠂ ᠵᠡᠭᠦᠨ ᠦᠵᠦᠮᠦᠴᠢᠨ ᠬᠤᠰᠢᠭᠤᠨ ᠤ ᠵᠠᠮ ᠬᠠᠷᠢᠯᠴᠠᠭᠠᠨ ᠤ ᠲᠣᠪᠴᠢᠶ᠎ᠠ ᠳᠤ ᠵᠡᠭᠦᠨ ᠬᠠᠲᠠᠪᠴᠢ ᠪᠣᠭᠤᠮᠲᠠ᠂ ᠪᠢᠴᠢᠭᠲᠦ ᠪᠣᠭᠤᠮᠲᠠ ᠶᠢᠨ ᠳᠤᠮᠳᠠᠳᠤ ᠮᠣᠩᠭᠤᠯ ᠤᠨ ᠣᠯᠠᠨ ᠤᠯᠤᠰ ᠤᠨ ᠠᠶᠠᠨᠴᠢᠳ ᠤᠨ ᠲᠡᠭᠡᠭᠡᠪᠦᠷᠢ ᠶᠢᠨ ᠨᠡᠪᠲᠡᠷᠡᠯᠴᠡᠭᠡ ᠶᠢᠨ ᠲᠣᠭᠲᠠᠮᠠᠯ ᠬᠤᠭᠤᠴᠠᠭᠠᠲᠤ ᠡᠭᠡᠯᠵᠢ ᠶᠢᠨ ᠱᠤᠭᠤᠮ ᠤᠨ ᠬᠤᠯᠪᠣᠭᠳᠠᠯ ᠪᠦᠬᠦᠢ ᠤᠴᠢᠷ ᠶᠠᠪᠤᠳᠠᠯ ᠤᠨ ᠲᠤᠬᠠᠢ ᠠᠭᠤᠯᠵᠠᠯᠲᠠ ᠬᠢᠪᠡ᠃ ᠵᠡᠭᠦᠨ ᠦᠵᠦᠮᠦᠴᠢᠨ ᠬᠤᠰᠢᠭᠤᠨ ᠤ ᠵᠠᠮ ᠬᠠᠷᠢᠯᠴᠠᠭᠠᠨ ᠤ ᠲᠣᠪᠴᠢᠶ᠎ᠠ᠂ ᠪᠣᠭᠤᠮᠲᠠ ᠶᠢᠨ ᠵᠥᠪᠯᠡᠯ᠂ ᠭᠠᠳᠠᠭᠠᠳᠤ ᠶᠠᠪᠤᠳᠠᠯ ᠤᠨ ᠠᠯᠪᠠᠨ ᠭᠡᠷ᠂ ᠰᠢᠯᠢ ᠶᠢᠨ ᠭᠤᠣᠯ ᠤᠨ ᠠᠨ ᠱᠦᠨ ᠲᠡᠭᠡᠭᠡᠪᠦᠷᠢ ᠶᠢᠨ ᠬᠢᠵᠠᠭᠠᠷᠲᠤ ᠺᠣᠮᠫᠠᠨᠢ᠂ ᠮᠣᠩᠭᠤᠯ ᠤᠯᠤᠰ ᠤᠨ ᠰᠦᠬᠡᠪᠠᠭᠠᠲᠤᠷ ᠠᠶᠢᠮᠠᠭ ᠤᠨ ᠬᠢᠯᠢ ᠶᠢᠨ ᠪᠣᠭᠤᠮᠲᠠ ᠶᠢᠨ ᠬᠠᠮᠢᠶᠠᠷᠤᠯᠲᠠ ᠶᠢᠨ ᠲᠣᠪᠴᠢᠶ᠎ᠠ᠂ ᠰᠦᠬᠡᠪᠠᠭᠠᠲᠤᠷ ᠠᠶᠢᠮᠠᠭ ᠤᠨ ᠵᠠᠰᠠᠮᠠᠯ ᠵᠠᠮ ᠤᠨ ᠲᠡᠭᠡᠭᠡᠪᠦᠷᠢ ᠶᠢᠨ ᠲᠥᠪ᠂ ᠰᠦᠬᠡᠪᠠᠭᠠᠲᠤᠷ ᠠᠶᠢᠮᠠᠭ ᠤᠨ ᠡᠷᠳᠡᠨᠢᠴᠠᠭᠠᠨ ᠰᠢᠶᠠᠨ ᠤ ᠪᠢᠴᠢᠭᠲᠦ ᠪᠣᠭᠤᠮᠲᠠ᠂ ᠰᠢᠪᠧᠷᠢᠶ᠎ᠠ ᠵᠢᠭᠤᠯᠴᠢᠯᠠᠯ ᠤᠨ ᠠᠶᠠᠨᠴᠢᠳ ᠤᠨ ᠲᠡᠭᠡᠭᠡᠪᠦᠷᠢ ᠶᠢᠨ ᠺᠣᠮᠫᠠᠨᠢ ᠵᠡᠷᠭᠡ ᠬᠠᠮᠢᠶ᠎ᠠ ᠪᠦᠬᠦᠢ ᠰᠠᠯᠠᠭ᠎ᠠ ᠮᠥᠴᠢᠷ ︵ᠨᠢᠭᠡᠴᠡ︶ ᠠᠭᠤᠯᠵᠠᠯᠲᠠ ᠳᠤ ᠣᠷᠣᠯᠴᠠᠪᠠ᠃      ᠠᠭᠤᠯᠵᠠᠯᠲᠠ ᠶᠢᠨ ᠳᠤᠮᠳᠠ᠂ ᠬᠤᠶᠠᠷ ᠲᠠᠯ᠎ᠠ ᠪᠠᠷ ᠢᠶᠠᠨ ᠤᠯᠢᠶᠠᠰᠤᠲᠠᠢ ᠪᠠᠯᠭᠠᠰᠤ ᠠᠴᠠ ᠬᠠᠳᠠᠪᠴᠢ ᠪᠠᠯᠭᠠᠰᠤ ᠪᠠᠷ ᠥᠩᠭᠡᠷᠡᠨ ᠡᠷᠳᠡᠨᠢᠴᠠᠭᠠᠨ ᠰᠢᠶᠠᠨ ᠬᠦᠷᠬᠦ ᠤᠯᠠᠨ ᠤᠯᠤᠰ ᠤᠨ ᠠᠶᠠᠨᠴᠢᠳ ᠤᠨ ᠲᠡᠭᠡᠭᠡᠪᠦᠷᠢ ᠶᠢᠨ ᠬᠠᠷᠢᠯᠴᠠᠨ ᠨᠡᠪᠲᠡᠷᠡᠯᠴᠡᠬᠦ ᠡᠭᠡᠯᠵᠢ ᠶᠢᠨ ᠱᠤᠭᠤᠮ ᠤᠨ ᠬᠤᠯᠪᠣᠭᠳᠠᠯ ᠪᠦᠬᠦᠢ ᠶᠠᠪᠤᠳᠠᠯ ᠤᠨ ᠲᠠᠯ᠎ᠠ ᠪᠠᠷ ᠬᠠᠷᠢᠯᠴᠠᠨ ᠠᠰᠢᠭᠲᠠᠢ ᠪᠠᠶᠢᠬᠤ ᠵᠠᠷᠴᠢᠮ ᠢ ᠪᠠᠷᠢᠮᠲᠠᠯᠠᠵᠤ᠂ ᠭᠦᠨᠵᠡᠭᠡᠢ ᠰᠣᠯᠢᠯᠴᠠᠭ᠎ᠠ ᠪᠠ ᠵᠥᠪᠳᠡᠯᠴᠡᠭᠡ ᠬᠢᠭᠰᠡᠨ ᠪᠥᠭᠡᠳ ᠤᠯᠠᠨ ᠤᠯᠤᠰ ᠤᠨ ᠠᠶᠠᠨᠴᠢᠳ ᠤᠨ ᠲᠡᠭᠡᠭᠡᠪᠦᠷᠢ ᠶᠢᠨ ᠬᠠᠷᠢᠯᠴᠠᠨ ᠨᠡᠪᠲᠡᠷᠡᠯᠴᠡᠬᠦ ᠲᠣᠭᠲᠠᠮᠠᠯ ᠬᠤᠭᠤᠴᠠᠭᠠᠲᠤ ᠡᠭᠡᠯᠵᠢ ᠶᠢᠨ ᠱᠤᠭᠤᠮ ᠤᠨ ᠬᠡᠯᠡᠯᠴᠡᠭᠡᠷ ᠲᠤ ᠭᠠᠷ ᠤᠨ ᠦᠰᠦᠭ ᠵᠢᠷᠤᠪᠠ᠃
 
ᠢᠷᠡᠯᠲᠡ᠄ ᠵᠡᠭᠦᠨ ᠦᠵᠦᠮᠦᠴᠢᠨ ᠬᠤᠰᠢᠭᠤᠨ ᠤ ᠵᠠᠰᠠᠭ ᠤᠨ ᠣᠷᠳᠣᠨ ᠤ ᠠᠯᠪᠠᠨ ᠬᠡᠷ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号