ᠡᠨᠡ ᠵᠠᠷᠤᠳᠠᠯ ᠢ ᠬᠡᠯᠲᠦᠷᠢᠭᠦᠯᠦᠨ᠎ᠡ
ᠨᠡᠶᠢᠲᠡᠯᠡᠭᠰᠡᠨ ᠴᠠᠭ᠄
2023/8/16
      ᠤᠯᠤᠰ ᠤᠨ  ᠭᠠᠶᠢᠯᠢ ᠶᠢᠨ  ᠶᠠᠪᠤᠳᠠᠯ ᠤᠨ  ᠶᠡᠷᠦᠩᠬᠡᠢ  ᠲᠣᠪᠴᠢᠶ᠎ᠠ ᠶᠢᠨ ᠲᠦᠷᠦᠭᠦᠬᠡᠨ ᠨᠡᠶᠢᠲᠡᠯᠡᠭᠰᠡᠨ ᠲᠤᠭ᠎ᠠ ᠪᠠᠷᠢᠮᠲᠠ ᠳᠤ ᠢᠯᠡᠷᠡᠭᠦᠯᠦᠭᠰᠡᠨ ᠢᠶᠠᠷ᠂ ᠡᠨᠡ ᠵᠢᠯ ᠤᠨ ᠲᠦᠷᠦᠭᠦᠦ 7 ᠰᠠᠷ᠎ᠠ ᠳᠤ᠂ ᠰᠢᠨ᠎ᠡ ᠡᠨᠧᠷᠭᠢ ᠶᠢᠨ ᠮᠠᠰᠢᠨ ᠲᠡᠷᠭᠡ ᠬᠤᠳᠠᠯᠳᠤᠨ ᠠᠪᠬᠤ ᠭᠠᠶᠢᠯᠢ ᠶᠢ 406.8 ᠳ᠋ᠦᠩᠰᠢᠭᠤᠷ ᠲᠥᠭᠦᠷᠢᠭ  ᠬᠡᠯᠲᠦᠷᠢᠭᠦᠯᠵᠦ᠂ ᠠᠳᠠᠯᠢ ᠬᠤᠭᠤᠴᠠᠭᠠᠨ ᠤ ᠬᠢ ᠠᠴᠠ 108.5 % ᠪᠠᠷ ᠨᠡᠮᠡᠭᠳᠡᠪᠡ᠃                    ᠵᠠᠬ᠎ᠠ ᠳᠡᠯᠭᠡᠭᠦᠷ ᠤᠨ ᠬᠥᠮᠥᠰ ᠤᠨ ᠵᠠᠳᠠᠯᠤᠭᠰᠠᠨ ᠢᠶᠠᠷ᠂ ᠰᠢᠨ᠎ᠡ ᠡᠨᠧᠷᠭᠢ ᠶᠢᠨ ᠮᠠᠰᠢᠨ ᠲᠡᠷᠭᠡ ᠬᠤᠳᠠᠯᠳᠤᠨ ᠠᠪᠬᠤ ᠭᠠᠶᠢᠯᠢ ᠠᠴᠠ ᠬᠡᠯᠲᠦᠷᠢᠭᠦᠯᠬᠦ ᠲᠥᠷᠥ ᠶᠢᠨ ᠪᠣᠳᠣᠯᠭ᠎ᠠ ᠶᠢ ᠬᠡᠷᠡᠭᠵᠢᠭᠦᠯᠬᠦ ᠬᠤᠭᠤᠴᠠᠭ᠎ᠠ ᠶᠢ ᠳᠠᠬᠢᠨᠲᠠ ᠤᠷᠲᠤᠳᠬᠠᠬᠤ ᠨᠢ ᠵᠠᠬ᠎ᠠ ᠳᠡᠯᠭᠡᠭᠦᠷ ᠤᠨ ᠬᠡᠷᠡᠭᠴᠡᠭᠡ ᠶᠢ ᠦᠷᠭᠦᠯᠵᠢᠯᠡᠨ ᠬᠥᠭᠵᠢᠭᠡᠵᠦ᠂ ᠠᠵᠤ ᠠᠬᠤᠢ ᠶᠢᠨ ᠰᠢᠨ᠎ᠡ ᠨᠡᠮᠡᠭᠳᠡᠯ ᠤᠨ ᠴᠡᠭ ᠢ ᠪᠣᠶᠢᠵᠢᠭᠤᠯᠬᠤ ᠠᠴᠠ ᠭᠠᠳᠠᠨ᠎ᠠ᠂ ᠪᠠᠰᠠ ᠰᠢᠨ᠎ᠡ ᠡᠨᠧᠷᠭᠢ ᠶᠢᠨ ᠮᠠᠰᠢᠨ ᠲᠡᠷᠭᠡᠨ ᠤ ᠦᠢᠯᠡᠳᠪᠦᠷᠢᠯᠡᠯ ᠪᠠ ᠮᠡᠷᠭᠡᠵᠢᠯ ᠤᠨ ᠰᠢᠨ᠎ᠡ ᠡᠭᠦᠳᠦᠯᠲᠡ ᠶᠢ ᠤᠯᠠᠮ ᠠᠬᠢᠭᠤᠯᠵᠤ᠂  ᠦᠢᠯᠡᠳᠬᠦᠨ ᠤ ᠬᠠᠩᠭᠠᠯᠭ᠎ᠠ ᠶᠢᠨ ᠶᠠᠰᠤ ᠴᠢᠨᠠᠷ ᠢ ᠳᠡᠭᠡᠭᠰᠢᠯᠡᠭᠦᠯᠬᠦ ᠪᠣᠯᠣᠨ᠎ᠠ᠃ ᠰᠢᠨ᠎ᠡ ᠡᠨᠧᠷᠭᠢ ᠶᠢᠨ ᠮᠠᠰᠢᠨ ᠲᠡᠷᠭᠡ ᠬᠤᠳᠠᠯᠳᠤᠨ ᠠᠪᠬᠤ ᠭᠠᠶᠢᠯᠢ ᠶᠢ ᠬᠡᠯᠲᠦᠷᠢᠭᠦᠯᠬᠦ  ᠲᠥᠷᠥ ᠶᠢᠨ  ᠪᠣᠳᠣᠯᠭ᠎ᠠ ᠶᠢ 2023 ᠣᠨ ᠤ ᠡᠴᠦᠰ ᠪᠣᠯᠲᠠᠯ᠎ᠠ ᠦᠷᠭᠦᠯᠵᠢᠯᠡᠨ ᠬᠡᠷᠡᠭᠵᠢᠭᠦᠯᠬᠦ ᠪᠣᠯᠤᠭᠰᠠᠨ ᠨᠢ᠂ 2014 ᠣᠨ ᠳᠤ ᠮᠠᠨ ᠤ ᠤᠯᠤᠰ ᠰᠢᠨ᠎ᠡ ᠡᠨᠧᠷᠭᠢ ᠶᠢᠨ ᠮᠠᠰᠢᠨ ᠲᠡᠷᠭᠡ ᠬᠤᠳᠠᠯᠳᠤᠨ ᠠᠪᠬᠤ  ᠭᠠᠶᠢᠯᠢ ᠶᠢ ᠬᠡᠯᠲᠦᠷᠢᠭᠦᠯᠬᠦ ᠲᠥᠷᠥ ᠶᠢᠨ ᠪᠣᠳᠣᠯᠭ᠎ᠠ ᠶᠢ ᠠᠩᠬ᠎ᠠ ᠤᠳᠠᠭ᠎ᠠ ᠬᠡᠷᠡᠭᠵᠢᠭᠦᠯᠦᠭᠰᠡᠨ ᠤ ᠳᠠᠷᠠᠭ᠎ᠠ᠂ ᠡᠨᠡ ᠬᠦ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ  ᠭᠤᠷᠪᠠᠳᠠᠭᠢ ᠤᠳᠠᠭ᠎ᠠ ᠤᠷᠲᠤᠳᠬᠠᠨ ᠬᠡᠷᠡᠭᠵᠢᠭᠦᠯᠵᠦ ᠪᠤᠢ᠂ ᠵᠢᠱᠢᠯᠲᠡ ᠪᠠᠷ ᠲᠡᠷᠭᠡ ᠬᠤᠳᠠᠯᠳᠤᠨ ᠠᠪᠬᠤ ᠭᠠᠶᠢᠯᠢ ᠶᠢ 1000 ᠳ᠋ᠦᠩᠰᠢᠭᠤᠷ ᠲᠥᠭᠦᠷᠢᠭ ᠬᠡᠯᠲᠦᠷᠢᠭᠦᠯᠬᠦ ᠪᠣᠯᠣᠨ᠎ᠠ᠃    
 
ᠢᠷᠡᠯᠲᠡ᠄ ᠰᠢᠯᠢ ᠶᠢᠨ ᠭᠤᠣᠯ ᠠᠶᠢᠮᠠᠭ ᠤᠨ ᠵᠠᠰᠠᠭ ᠤᠨ ᠶᠠᠪᠣᠳᠠᠯ ᠤᠨ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号